ᠴᠢᠩᠱᠠᠨ ᠲᠣᠭᠤᠷᠢᠭ ᠤᠨ ᠣᠯᠣᠰ ᠲᠥᠷᠣ ᠶᠢᠨ ᠵᠥᠪᠯᠡᠯᠭᠡᠨ ᠤ ᠬᠢᠨ ︽ᠴᠢᠩᠱᠠᠨ ᠲᠣᠭᠤᠷᠢᠭ ᠤᠨ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠤᠨ ᠪᠠᠶᠢᠳᠠᠯ︾᠎ ᠎ ᠤᠨ ᠲᠣᠬᠠᠢ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠥᠷᠨᠢᠬᠦᠯᠪᠠ
ᠨᠡᠶᠢᠲᠡᠯᠡᠭᠰᠡᠨ ᠴᠠᠭ᠄
2023/10/16
      ᠴᠢᠩᠱᠠᠨ ᠲᠣᠭᠤᠷᠢᠭ ᠤᠨ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠳᠤ ᠭᠥᠴᠥᠨ ᠨᠡᠮᠡᠷᠢᠯᠠᠵᠣ᠂ ᠰᠢᠨ᠎ᠡ ᠴᠠᠭ ᠥᠶ᠎ᠡ ᠶᠢᠨ ᠨᠠᠮ ᠤᠨ ᠥᠨᠳᠥᠰᠥᠳᠡᠨ ᠤ ᠠᠵᠢᠯ ᠤᠨ ᠴᠢᠨᠠᠷ ᠰᠠᠶᠢᠳᠠᠢ ᠭᠥᠭᠵᠢᠯᠳᠡ ᠶᠢ ᠠᠬᠢᠭᠤᠯᠬᠤ ᠶᠢᠨ ᠲᠥᠯᠥᠭᠡ᠂ ᠣᠶᠢᠷ᠎ᠡ ᠳᠤ᠂ ᠴᠢᠩᠱᠠᠨ ᠲᠣᠭᠤᠷᠢᠭ ᠤᠨ ᠣᠯᠣᠰ ᠲᠥᠷᠣ ᠶᠢᠨ ᠵᠥᠪᠯᠡᠯᠭᠡᠨ ᠤ ᠬᠢᠨ ︽ᠴᠢᠩᠱᠠᠨ ᠲᠣᠭᠤᠷᠢᠭ ᠤᠨ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠤᠨ ᠪᠠᠶᠢᠳᠠᠯ︾᠎ ᠤᠨ ᠲᠣᠬᠠᠢ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠶᠢ ᠥᠷᠨᠢᠬᠦᠯᠵᠣ᠂ ᠲᠣᠭᠤᠷᠢᠭ ᠤᠨ ᠣᠯᠣᠰ ᠲᠥᠷᠣ ᠶᠢᠨ ᠵᠥᠪᠯᠡᠯᠭᠡᠨ ᠤ ᠲᠡᠳ᠋ ᠲᠡᠷᠢᠬᠦᠯᠡᠭᠴᠢ᠂ ᠲᠣᠭᠤᠷᠢᠭ ᠤᠨ ᠣᠯᠣᠰ ᠲᠥᠷᠣ ᠶᠢᠨ ᠵᠥᠪᠯᠡᠯᠭᠡᠨ ᠤ ᠬᠠᠣᠯᠢ ᠲᠥᠷᠢᠮ᠂ ᠥᠨᠳᠥᠰᠥᠳᠡᠨ ᠱᠠᠰᠢᠨ ᠰᠣᠷᠳᠠᠬᠤᠨ ᠤ ᠡᠲᠡᠭᠡᠳ ᠤᠨ ᠢᠯᠭᠠᠯ ᠤᠨ ᠭᠡᠰᠢᠭᠦᠳ᠂ ᠲᠣᠭᠤᠷᠢᠭ ᠤᠨ ᠥᠨᠳᠥᠰᠥᠳᠡᠨ ᠤ ᠭᠡᠷᠡᠭ ᠡᠷᠬᠢᠯᠡᠬᠦ ᠵᠥᠪᠯᠡᠯ᠂ ᠲᠣᠭᠤᠷᠢᠭ ᠤᠨ ᠣᠯᠣᠰ ᠲᠥᠷᠣ ᠶᠢᠨ ᠵᠥᠪᠯᠡᠯᠭᠡᠨ ᠤ ᠨᠡᠶᠢᠭᠡᠮ ᠤᠨ ᠠᠵᠢᠯ ᠥᠢᠯᠡᠰ ᠤᠨ ᠵᠥᠪᠯᠡᠯ ᠤᠨ ᠬᠠᠮᠢᠶ᠎ᠠ ᠪᠥᠬᠦᠢ ᠬᠥᠮᠥᠰ ᠪᠠᠶᠢᠴᠠᠭᠠᠨ ᠰᠣᠳᠣᠯᠣᠯᠳᠠ ᠎ ᠳᠤ ᠣᠷᠣᠯᠴᠠᠪᠠ᠃      ᠪᠠᠶᠢᠴᠠᠭᠠᠨ ᠰᠣᠳᠣᠯᠬᠤ ᠲᠣᠭᠤᠶᠢᠯᠠᠩ ᠤᠨ ᠬᠢᠨ ᠣᠷᠢᠳ ᠬᠤᠵᠢᠳ ᠴᠢᠯᠥᠭᠡᠳᠣ ᠵᠠᠮ ᠤᠨ ᠵᠡᠭᠡᠯᠢ ᠭᠤᠳᠣᠮᠵᠢ ᠶᠢᠨ ᠬᠠᠮᠵᠢᠯ ᠨᠠᠶᠢᠭᠡᠮ ᠲᠣᠭᠤᠷᠢᠭ᠂ ᠴᠢᠩᠱᠠᠨ ᠲᠣᠭᠤᠷᠢᠭ ᠤᠨ ᠭᠠᠶᠢᠯᠢ ᠶᠢᠨ ᠶᠠᠪᠣᠳᠠᠯ ᠤᠨ ᠲᠣᠪᠴᠢᠶᠠᠨ ᠎ ᠳᠤ ᠭᠥᠷᠴᠣ᠂ ᠵᠢᠱᠢᠶ᠎ᠡ ᠥᠵᠡᠬᠦᠯᠬᠦ ᠴᠡᠭ ᠤᠨ ᠬᠠᠷᠢᠭᠤᠴᠠᠯᠭᠠᠳᠡᠨ᠂ ᠠᠵᠢᠯᠳᠡᠨ ᠲᠠᠢ ᠭᠥᠨᠵᠡᠭᠡᠢ ᠰᠣᠯᠢᠯᠴᠠᠵᠣ᠂ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠢ ᠥᠷᠨᠢᠬᠦᠯᠵᠣ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠠᠷᠠᠭᠠᠪᠠᠷ ᠨᠢ ᠶᠠᠷᠢᠯᠴᠠᠬᠤ ᠬᠤᠷᠠᠯ ᠡᠷᠬᠢᠯᠡᠵᠣ᠂ ᠪᠠᠶᠢᠴᠠᠭᠠᠨ ᠰᠣᠳᠣᠯᠬᠤ ᠲᠣᠭᠤᠶᠢᠯᠠᠩ ᠤᠨ ᠬᠢᠨ ᠲᠣᠭᠤᠷᠢᠭ ᠤᠨ ᠬᠤᠷᠢᠶᠠᠨ ᠤ ᠨᠢᠬᠡᠳᠣᠮᠡᠯ ᠹᠷᠣᠨᠲ ᠤᠨ ᠭᠡᠯᠳᠡᠰ ᠤᠨ ᠲᠡᠳ᠋ ᠲᠠᠷᠤᠭ᠎ᠠ᠂ ᠲᠣᠭᠤᠷᠢᠭ ᠤᠨ ᠥᠨᠳᠥᠰᠥᠳᠡᠨ ᠤ ᠭᠡᠷᠡᠭ ᠡᠷᠬᠢᠯᠡᠬᠦ ᠵᠥᠪᠯᠡᠯ ᠤᠨ ᠡᠷᠭᠢᠯᠡᠭᠴᠢ ᠶᠢᠨ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠢ ᠥᠷᠨᠢᠬᠦᠯᠥᠭᠰᠡᠨ ᠪᠠᠶᠢᠳᠠᠯ ᠤᠨ ᠲᠣᠬᠠᠢ ᠬᠠᠷᠢᠭᠤ ᠮᠡᠳᠡᠭᠦᠯᠥᠯᠳᠡ ᠶᠢ ᠰᠣᠨᠣᠰᠴᠣ᠂ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠢ ᠭᠡᠷᠬᠢᠨ ᠨᠡᠩ ᠰᠠᠶᠢᠳᠣᠡᠷ ᠲᠥᠯᠬᠢᠨ ᠠᠬᠢᠭᠤᠯᠬᠤ᠂ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ  ᠥᠷ᠎ᠡ ᠪᠥᠳᠥᠭᠡᠯ ᠢ ᠥᠷᠭᠦᠯᠵᠢᠯᠡᠨ ᠪᠠᠬᠢᠵᠢᠬᠦᠯᠥᠨ ᠬᠥᠨᠵᠡᠭᠡᠶᠢᠷᠡᠬᠦᠯᠬᠦ ᠶᠢᠨ ᠲᠣᠭᠤᠷᠢᠨ ᠳᠤ ᠬᠠᠨᠳᠣᠯᠭᠠᠳᠣ ᠴᠢᠨᠠᠷᠳᠠᠢ ᠰᠠᠨᠠᠯ ᠰᠠᠨᠠᠭᠤᠯᠭ᠎ᠠ ᠲᠣᠷᠠᠳᠪᠠ᠃      ᠲᠣᠭᠤᠷᠢᠭ ᠤᠨ ᠣᠯᠣᠰ ᠲᠥᠷᠣ ᠶᠢᠨ ᠵᠥᠪᠯᠡᠯᠭᠡᠨ ᠤ ᠲᠡᠳ᠋ ᠲᠡᠷᠢᠬᠦᠯᠡᠭᠴᠢ ᠠᠴᠠ ᠴᠢᠬᠤᠯᠴᠢᠯᠠᠭᠰᠠᠨ ᠨᠢ᠄ ᠲᠣᠭᠤᠷᠢᠭ ᠤᠨ ᠥᠨᠳᠥᠰᠥᠳᠡᠨ ᠤ ᠭᠡᠷᠡᠭ ᠡᠷᠬᠢᠯᠡᠬᠦ ᠵᠥᠪᠯᠡᠯ ᠤᠨ ᠬᠢᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠭᠤᠣᠯ ᠰᠢᠵᠢᠮ ᠤᠨ ᠲᠣᠭᠤᠷᠢᠨ ᠳᠤ᠂ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ ᠣᠯᠡᠮ ᠨᠢᠬᠡ ᠠᠯᠬᠤᠮ ᠴᠢᠩᠭᠠᠳᠬᠠᠵᠣ᠂ ᠡᠭᠦᠳᠥᠨ ᠪᠠᠶᠢᠭᠤᠯᠣᠯᠳᠠ ᠶᠢᠨ ᠠᠵᠢᠯᠯᠠᠭ᠎ᠠ ᠶᠢᠨ ᠲᠣᠭᠳᠠᠴᠨ ᠪᠠᠨ ᠪᠠᠶᠢᠭᠤᠯᠤᠨ ᠲᠡᠭᠦᠯᠳᠡᠷᠵᠢᠭᠦᠯᠵᠦ᠂ ᠪᠥᠬᠦ ᠬᠥᠴᠥᠨ ᠢᠶᠠᠷ ᠢᠶᠠᠨ ᠡᠯ᠎ᠡ ᠵᠥᠢᠯ ᠤᠨ ᠡᠭᠦᠳᠥᠨ ᠪᠠᠶᠢᠭᠤᠯᠣᠯᠳᠠ ᠶᠢᠨ ᠠᠵᠢᠯ ᠢ ᠨᠠᠷᠢᠯᠢᠭ ᠬᠢᠵᠣ᠂ ᠪᠣᠳᠠᠳᠠᠢ ᠬᠢᠵᠣ᠂ ᠥᠷ᠎ᠡ ᠪᠥᠳᠣᠮᠵᠢ ᠭᠠᠷᠭᠠᠬᠤ ᠶᠢᠨ ᠬᠠᠮᠳᠣ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠎ ᠤᠨ ︽1+8+N︾᠎ ᠶᠢ ᠥᠷᠬᠦᠯᠵᠢᠯᠡᠨ ᠭᠥᠨᠵᠡᠭᠡᠢ ᠠᠬᠢᠭᠤᠯᠵᠣ᠂ ᠡᠭᠦᠳᠥᠨ ᠪᠠᠶᠢᠭᠤᠯᠣᠯᠳᠠ ᠶᠢᠨ ᠭᠦᠨᠵᠡᠭᠡᠢ ᠠᠭᠤᠰᠤᠯᠴᠠᠯ ᠢ ᠢᠳᠡᠪᠬᠢᠳᠠᠢ ᠠᠬᠢᠭᠤᠯᠣᠨ᠂ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠲᠡᠮᠡᠴᠡᠯ ᠤᠨ ᠬᠥᠴᠥᠨ ᠢ ᠨᠢᠭᠳᠠᠷᠠᠭᠤᠯᠵᠣ᠂ ᠰᠣᠳᠣᠨ ᠵᠢᠱᠢᠶ᠎ᠡ ᠥᠵᠡᠭᠦᠯᠬᠦ ᠴᠡᠭ ᠢ ᠡᠭᠦᠳᠥᠨ ᠪᠠᠶᠢᠭᠤᠯᠬᠤ ᠠᠵᠢᠯ ᠢ ᠰᠠᠶᠢᠳᠣᠷ ᠬᠢᠵᠣ᠂ ᠣᠯᠣᠰ ᠤᠨ ᠲᠠᠰ ᠤᠨ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠵᠢᠱᠢᠶ᠎ᠡ ᠥᠵᠡᠬᠦᠯᠭᠦ ᠲᠣᠭᠤᠷᠢᠭ ᠢ ᠡᠭᠦᠳᠥᠨ ᠪᠠᠶᠢᠭᠤᠯᠬᠤ ᠪᠠᠷ ᠢᠳᠡᠪᠬᠢᠳᠡᠢ ᠴᠢᠷᠮᠠᠶᠢᠵᠣ᠂ ᠨᠠᠮ ᠤᠨ ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠣᠬᠠᠭᠤᠯᠭ᠎ᠠ ᠬᠥᠮᠥᠵᠢᠯ ᠢ ᠣᠯᠡᠮ ᠨᠢᠬᠡ ᠠᠯᠬᠤᠮ ᠴᠢᠩᠭᠠᠳᠬᠠᠵᠣ᠂ ᠭᠥᠨ ᠵᠣᠵᠠᠭᠠᠨ ᠠᠭᠤᠷ ᠠᠮᠢᠰᠬᠤᠯ ᠢ ᠪᠣᠢ ᠪᠣᠯᠭᠠᠵᠣ᠂ ᠣᠬᠠᠭᠤᠯᠭ᠎ᠠ ᠶᠢᠨ ᠠᠵᠢᠯᠯᠠᠭᠠᠨ ᠤ ᠠᠴᠢᠶᠠᠯᠠᠪᠣᠷᠢ ᠶᠢᠨ ᠰᠢᠨ᠎ᠡ ᠶᠢ ᠡᠬᠦᠳᠴᠣ᠂ ︽ᠰᠥᠯᠵᠢᠶᠡᠨ ᠲᠡᠭᠡᠷ᠎ᠡ + ᠰᠥᠯᠵᠢᠶᠡᠨ ᠭᠠᠳᠠᠨ᠎ᠠ︾ ᠵᠡᠷᠭᠡ ᠣᠯᠠᠨ ᠲᠥᠮᠡᠨ ᠤ ᠥᠵᠡᠵᠣ ᠰᠣᠨᠢᠷᠬᠠᠬᠤ ᠲᠣᠷᠠᠳᠠᠢ ᠣᠯᠠᠨ ᠵᠥᠢᠯ ᠤᠨ ᠭᠡᠯᠪᠡᠷᠢ ᠪᠠᠷ ᠥᠨᠳᠥᠰᠥᠳᠡᠨ ᠤ ᠲᠥᠷᠣ ᠶᠢᠨ ᠪᠣᠳᠣᠯᠭ᠎ᠠ᠂ ᠥᠨᠳᠥᠰᠥᠳᠡᠨ ᠤ ᠪᠥᠯᠭᠦᠮᠳᠡᠯ ᠵᠡᠷᠭᠡ ᠣᠬᠠᠭᠤᠯᠭ᠎ᠠ ᠬᠥᠮᠥᠵᠢᠯ ᠢ ᠢᠳᠡᠪᠬᠢᠳᠡᠢ ᠥᠷᠨᠢᠬᠦᠯᠥᠨ᠂ ᠥᠨᠳᠥᠰᠥᠳᠡᠨ ᠤ ᠪᠥᠯᠭᠦᠮᠳᠡᠯ ᠤᠨ ᠡᠭᠦᠳᠥᠨ ᠪᠠᠶᠢᠭᠤᠯᠣᠯᠳᠠ ᠶᠢᠨ ᠬᠠᠮᠢᠶ᠎ᠠ ᠪᠥᠬᠦᠢ ᠠᠵᠢᠯᠯᠠᠭ᠎ᠠ ᠶᠢ ᠭᠥᠨᠵᠡᠭᠡᠢ ᠥᠷᠨᠢᠬᠦᠯᠵᠣ᠂ ᠴᠢᠩᠱᠠᠨ ᠲᠣᠭᠤᠷᠢᠭ ᠢᠶᠠᠨ ᠥᠨᠳᠥᠰᠥᠳᠡᠨ ᠨᠦᠭᠦᠳ ᠤᠨ ᠣᠯᠠᠨ ᠲᠥᠮᠡᠨ ᠡᠶ᠎ᠡ ᠨᠠᠶᠢᠷᠳᠠᠢ ᠲᠣᠳᠣᠨᠣᠰᠤᠭ᠂ ᠰᠠᠬᠢᠨ ᠪᠠᠷᠠᠯᠠᠵᠣ ᠬᠠᠷᠢᠯᠴᠡᠨ ᠬᠠᠪᠰᠣᠷᠣᠯᠴᠠᠭᠰᠠᠨ ᠡᠶ᠎ᠡ ᠵᠣᠬᠢᠴᠡᠯ ᠲᠠᠢ ᠰᠠᠶᠢᠨ ᠰᠠᠶᠢᠬᠠᠨ ᠭᠡᠷ ᠣᠷᠣᠨ ᠪᠣᠯᠭᠠᠨ ᠪᠥᠳᠥᠭᠡᠨ ᠪᠠᠶᠢᠭᠤᠯᠬᠤ ᠪᠠᠷ ᠴᠢᠷᠮᠠᠶᠢᠵᠣ᠂ ᠵᠢᠱᠢᠶᠡᠴᠢ ᠥᠪᠡᠷᠳᠡᠭᠡᠨ ᠵᠠᠰᠠᠬᠤ ᠣᠷᠣᠨ ᠢ ᠪᠥᠭᠦ ᠲᠠᠯ᠎ᠠ ᠎ ᠪᠠᠷ ᠰᠠᠶᠢᠳᠣᠷ ᠪᠥᠳᠥᠭᠡᠨ ᠪᠠᠶᠢᠭᠤᠯᠬᠤ ᠳᠤ ᠭᠥᠴᠥᠨ ᠴᠢᠳᠠᠯ ᠢᠶᠠᠨ ᠡᠷᠭᠦᠬᠦ ᠭᠡᠷᠡᠭᠳᠡᠢ ᠬᠡᠵᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号