ᠳ᠋ᠢᠩ ᠺᠠᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/16
      10 ᠰᠠᠷ᠎ᠠ ᠶᠢᠨ 13᠎ ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠳ᠋ᠢᠩ ᠺᠠᠢ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠪᠦᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠵᠧᠵᠢᠶᠠᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 9 ᠰᠠᠷ᠎ᠠ ᠶᠢᠨ 27᠎ ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠪᠦᠬᠦ ᠤᠯᠤᠰ ᠤᠨ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠶᠡᠭᠡ ᠬᠤᠷᠠᠯ ᠤᠨ ᠵᠣᠷᠢᠭ ᠰᠠᠨᠠᠭ᠎ᠠ᠂ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠤᠨ ᠬᠤᠯᠪᠣᠭᠳᠠᠯ ᠪᠦᠬᠦᠢ ᠵᠣᠷᠢᠭ ᠰᠠᠨᠠᠭᠠᠨ ᠤ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠪᠥᠬᠦ ᠲᠤᠭᠤᠷᠢᠭ ᠤᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠴᠢᠩᠱᠠᠨ ᠲᠣᠭᠤᠷᠢᠭ ᠤᠨ ᠵᠠᠯᠠᠭᠤᠴᠤᠳ ᠤᠨ ᠬᠥᠭᠵᠢᠯᠲᠡ ᠶᠢᠨ ᠬᠡᠯᠪᠡᠷᠢ ᠶᠢᠨ ᠰᠢᠶᠠᠨ ᠤ ᠬᠡᠪᠴᠢᠶᠡᠨ ᠤ ᠲᠤᠷᠰᠢᠯᠲᠠ ᠶᠢᠨ ᠬᠡᠷᠡᠭᠵᠢᠭᠦᠯᠬᠦ ᠲᠥᠰᠥᠯ︾ ᠵᠢᠴᠢ ᠭᠤᠣᠯ ᠰᠡᠳᠦᠪᠲᠦ ᠬᠥᠮᠦᠵᠢᠯ ᠤᠨ ᠲᠤᠰᠬᠠᠢ ᠴᠡᠭᠴᠡᠯᠡᠨ ᠵᠠᠰᠠᠬᠤ ᠠᠰᠠᠭᠤᠳᠠᠯ ᠤᠨ ᠬᠤᠯᠪᠣᠭᠳᠠᠯ ᠪᠦᠬᠦᠢ ᠵᠦᠢᠯᠡᠰ ᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠠᠴᠠ ᠰᠤᠷᠲᠠᠯ ᠤᠬᠠᠭᠤᠯᠭ᠎ᠠ ᠶᠢ ᠬᠠᠮᠢᠶᠠᠷᠬᠤ᠂ ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ ᠵᠡᠷᠭᠡ ᠱᠠᠭᠠᠷᠳᠠᠯᠭ᠎ᠠ ᠶᠢ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠤᠪᠢᠰᠬᠠᠯ ᠤᠨ ︽ᠴᠡᠷᠢᠭ ᠤᠨ ᠵᠡᠪᠰᠡᠭ ᠤᠨ ᠰᠣᠶᠣᠯ︾᠎ ᠢ ᠭᠦᠨᠵᠡᠭᠡᠢ ᠪᠠᠳᠠᠷᠠᠭᠤᠯᠵᠤ᠂ ᠴᠢᠩᠱᠠᠨ ᠤ ᠦᠯᠢᠭᠡᠷ ᠢ ᠰᠠᠶᠢᠲᠤᠷ ᠶᠠᠷᠢᠵᠤ᠂ ᠴᠢᠩᠱᠠᠨ ᠤ ᠳᠦᠷᠢ ᠲᠥᠷᠬᠦ ᠶᠢ ᠢᠯᠡᠷᠡᠭᠦᠯᠵᠦ᠂ ᠪᠦᠬᠦ ᠲᠤᠭᠤᠷᠢᠭ ᠤᠨ ᠨᠥᠯᠥᠭᠡᠯᠡᠬᠦ ᠬᠦᠴᠦᠨ ᠪᠠ ᠠᠯᠳᠠᠷᠰᠢᠯ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠡᠷᠡᠯ ᠴᠡᠨᠡᠭ ᠤᠨ ᠲᠠᠯᠠᠰᠲᠤ ᠴᠠᠬᠢᠭᠤᠷ᠂ ᠰᠢᠨ᠎ᠡ ᠡᠨᠧᠷᠭᠢ ᠶᠢᠨ ᠬᠦᠨᠳᠦ ᠺᠠᠷᠲ᠂ ᠤᠰᠤᠲᠥ᠋ᠷᠥᠭᠴᠢ ᠡᠨᠧᠷᠭᠢ ᠶᠢᠨ ᠨᠥᠭᠡᠴᠡ ᠡᠨᠧᠷᠭᠢ ᠵᠡᠷᠭᠡ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠶᠡᠬᠡᠪᠡᠷ ᠠᠬᠢᠭᠤᠯᠵᠤ᠂ ᠪᠥᠬᠦ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠪᠠ ︽ᠫᠦᠵᠢᠶᠠᠩ ᠤᠨ ᠲᠤᠷᠰᠢᠯᠭ᠎ᠠ︾᠎ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠬᠥᠭᠵᠢᠭᠦᠯᠵᠦ᠂ ᠨᠡᠶᠢᠭᠡᠮ ᠤᠨ ᠵᠠᠰᠠᠯᠲᠠ ᠶᠢᠨ ᠭᠤᠣᠯ ᠲᠠᠪᠴᠠᠩ ᠢ ᠰᠠᠶᠢᠲᠤᠷ ᠠᠰᠢᠭᠯᠠᠵᠤ᠂ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠰᠣᠶᠤᠭ᠎ᠠ ᠳᠤᠨᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠴᠠᠭᠳᠠᠨ ᠪᠠᠶᠢᠴᠠᠭᠠᠬᠤ ︽ᠬᠤᠷᠴᠠ ᠰᠡᠯᠡᠮ᠎ᠡ︾᠎ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠩ ᠤᠨ ᠴᠠᠭᠳᠠᠨ ᠪᠠᠶᠢᠴᠠᠭᠠᠬᠤ᠂ ᠲᠤᠰᠬᠠᠢ ᠳᠦᠷᠦᠯ ᠤᠨ ᠴᠠᠭᠳᠠᠨ ᠪᠠᠶᠢᠴᠠᠭᠠᠬᠤ᠂ ᠬᠥᠳᠡᠯᠦᠩᠭᠦᠢ ᠴᠠᠭᠳᠠᠨ ᠪᠠᠶᠢᠴᠠᠭᠠᠬᠤ ᠪᠠ ︽ᠡᠷᠭᠢᠵᠦ ᠪᠠᠶᠢᠴᠠᠭᠠᠬᠤ︾᠎ ᠶᠢ ᠲᠤᠤᠱᠯᠠᠭᠤᠯᠵᠤ᠂ ᠡᠯ᠎ᠡ ᠳᠦᠷᠦᠯ ᠤᠨ ᠠᠰᠠᠭᠤᠳᠠᠯ ᠢ ᠪᠣᠳᠠᠲᠠᠢ ᠭᠠᠵᠠᠷ ᠲᠤᠨᠢ ᠥᠭᠡᠷᠡᠴᠢᠯᠡᠬᠦ᠂ ᠲᠤᠶᠢᠯᠪᠤᠷᠢᠲᠠᠢ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠴᠢᠩᠭ᠎ᠠ ᠠᠳᠬᠤᠵᠤ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠦᠢᠯᠡᠴᠢᠯᠡᠵᠦ ᠪᠠᠲᠤᠯᠠᠭ᠎ᠠ ᠬᠠᠩᠭᠠᠬᠤ᠂ ᠳᠠᠯᠳᠠ ᠬᠦᠴᠦᠨ ᠢ ᠠᠭᠤᠳᠠᠯᠬᠤ ᠲᠥᠷᠥᠯ ᠵᠦᠢᠯ ᠢ ᠪᠣᠶᠢᠵᠢᠭᠤᠯᠬᠤ ᠲᠠᠯ᠎ᠠ ᠪᠠᠷ ᠬᠦᠴᠦ ᠲᠠᠯᠪᠢᠵᠤ᠂ ᠠᠷᠭ᠎ᠠ ᠰᠦᠪᠡᠭᠴᠢᠯᠡᠨ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠪᠥᠬᠦ ᠲᠤᠭᠤᠷᠢᠭ ᠤᠨ ᠠᠯᠪᠠᠨ ᠭᠡᠷ ᠤᠨ ᠰᠢᠰᠲ᠋ᠧᠮ ᠤᠨ ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠡᠭᠡᠳᠦ ᠭᠤᠷᠪᠠᠨ ᠱᠠᠲᠤᠨ ᠤ ᠪᠠ  ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃      ᠬᠤᠷᠠᠯ ᠠᠴᠠ᠂ ᠨᠠᠮ ᠤᠨ ᠪᠠᠶᠢᠭᠤᠯᠤᠯᠲᠠ ᠪᠠ ᠵᠣᠬᠢᠶᠠᠨ ᠪᠠᠶᠢᠭᠤᠯᠬᠤ ᠠᠵᠢᠯ ᠤᠨ ᠡᠯ᠎ᠡ ᠵᠦᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠬᠤ ᠠᠵᠢᠯ ᠢ ᠤᠬᠠᠮᠰᠠᠷ ᠠᠴᠠ ᠪᠠᠨ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ᠂ ᠨᠠᠮ ᠤᠨ ᠦᠢᠯᠡᠰ ᠢ ᠠᠬᠢᠭᠤᠯᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤᠮᠳᠠ ᠲᠠᠯᠪᠢᠨ ᠲᠥᠯᠥᠪᠵᠢᠭᠦᠯᠵᠦ᠂ ᠴᠢᠩᠱᠠᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠦᠬᠦ ᠲᠠᠯ᠎ᠠ ᠳᠤ ᠲᠠᠯᠪᠢᠨ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠭᠦᠨᠵᠡᠭᠡᠢ ᠠᠳᠬᠤᠵᠤ᠂ ᠪᠣᠳᠠᠲᠠᠢ ᠠᠳᠬᠤᠬᠤ ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢ ᠶᠡᠬᠡᠪᠡᠷ ᠪᠠᠳᠠᠷᠠᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠵᠡᠷᠭᠡ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠲᠤᠪᠤᠶᠢᠯᠭᠠᠵᠤ᠂ ︽ᠭᠤᠷᠪᠠᠨ ᠢᠯᠵᠢᠷᠠᠬᠤ ᠦᠭᠡᠢ︾᠎ ᠶᠢ ᠵᠡᠷᠭᠡᠪᠡᠷ ᠬᠦᠴᠦᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠶᠡᠬᠡᠪᠡᠷ ᠪᠤᠢ ᠪᠣᠯᠭᠠᠬᠤ ᠬᠡᠷᠡᠭᠲᠡᠢ᠃ ᠵᠠᠯᠠᠭᠤᠴᠤᠳ ᠤᠨ ᠬᠥᠭᠵᠢᠯᠲᠡ ᠶᠢᠨ ᠮᠠᠶ᠋ᠢᠭ ᠤᠨ ᠰᠢᠶᠠᠨ ᠤ ᠪᠦᠰᠡ ᠶᠢ ᠪᠠᠶᠢᠭᠤᠯᠬᠤ ᠲᠤᠷᠰᠢᠯᠲᠠ ᠶᠢᠨ ᠠᠵᠠ ᠲᠣᠬᠢᠶᠠᠯ ᠢ ᠠᠮᠵᠢᠵᠤ᠂ ᠵᠠᠯᠠᠭᠤᠴᠤᠳ ᠤᠨ ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠵᠠᠯᠠᠭᠤᠴᠤᠳ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠥᠷᠨᠢᠭᠦᠯᠬᠦ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠯᠠᠪᠳᠠᠭᠤᠨ ᠪᠠᠲᠤᠲᠠᠢ ᠠᠬᠢᠭᠤᠯᠵᠤ᠂ ᠲᠤᠭᠤᠷᠢᠭ ᠤᠨ ᠳᠡᠰ ᠤᠨ ᠤᠳᠤᠷᠢᠳᠤᠯᠭ᠎ᠠ ᠲᠦᠷᠦᠭᠦᠯᠡᠨ ᠪᠠᠶᠢᠴᠠᠭᠠᠨ ᠰᠤᠳᠤᠯᠵᠤ ᠵᠢᠭᠠᠨ ᠵᠢᠯᠤᠭᠤᠳᠬᠤ᠂ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠵᠢᠯ ᠢ ᠰᠠᠶᠢᠲᠤᠷ ᠠᠳᠬᠤᠵᠤ᠂ ᠪᠦᠬᠦ ᠲᠤᠭᠤᠷᠢᠭ ᠤᠨ ᠡᠯ᠎ᠡ ᠱᠠᠲᠤᠨ ᠤ ᠰᠠᠯᠠᠭ᠎ᠠ ᠮᠥᠴᠢᠷ ᠤᠨ ᠵᠥᠷᠢᠶ᠎ᠡ ᠬᠦᠷᠦᠯᠴᠡᠬᠦ ᠦᠭᠡᠢ ᠲᠠᠯ᠎ᠠ ᠪᠠᠨ ᠴᠢᠷᠮᠠᠶᠢᠨ ᠡᠷᠢᠬᠦ ᠶᠢ ᠬᠥᠲᠥᠯᠥᠨ ᠳᠠᠭᠠᠭᠤᠯᠵᠤ᠂ ᠰᠡᠳᠦᠪ ᠡᠪᠳᠡᠬᠦ ᠰᠡᠳᠬᠢᠴᠡ ᠪᠠᠨ ᠣᠨᠣᠪᠴᠢᠲᠠᠢ ᠣᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号