ᠴᠢᠩᠱᠠᠨ ᠲᠣᠭᠤᠷᠢᠭ ᠤᠨ ᠣᠯᠣᠰ ᠲᠥᠷᠣ ᠶᠢᠨ ᠵᠥᠪᠯᠡᠯᠭᠡᠨ ᠤ ᠬᠢᠨ ︽ᠴᠢᠩᠱᠠᠨ ᠲᠣᠭᠤᠷᠢᠭ ᠤᠨ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠤᠨ ᠪᠠᠶᠢᠳᠠᠯ︾  ᠤᠨ ᠲᠣᠬᠠᠢ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠥᠷᠨᠢᠬᠦᠯᠪᠠ
ᠨᠡᠶᠢᠲᠡᠯᠡᠭᠰᠡᠨ ᠴᠠᠭ᠄
2023/10/16
      ᠴᠢᠩᠱᠠᠨ ᠲᠣᠭᠤᠷᠢᠭ ᠤᠨ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠳᠤ ᠭᠥᠴᠥᠨ ᠨᠡᠮᠡᠷᠢᠯᠠᠵᠣ᠂ ᠰᠢᠨ᠎ᠡ ᠴᠠᠭ ᠥᠶ᠎ᠡ ᠶᠢᠨ ᠨᠠᠮ ᠤᠨ ᠥᠨᠳᠥᠰᠥᠳᠡᠨ ᠤ ᠠᠵᠢᠯ ᠤᠨ ᠴᠢᠨᠠᠷ ᠰᠠᠶᠢᠳᠠᠢ ᠭᠥᠭᠵᠢᠯᠳᠡ ᠶᠢ ᠠᠬᠢᠭᠤᠯᠬᠤ ᠶᠢᠨ ᠲᠥᠯᠥᠭᠡ᠂ ᠣᠶᠢᠷ᠎ᠡ ᠳᠤ᠂ ᠴᠢᠩᠱᠠᠨ ᠲᠣᠭᠤᠷᠢᠭ ᠤᠨ ᠣᠯᠣᠰ ᠲᠥᠷᠣ ᠶᠢᠨ ᠵᠥᠪᠯᠡᠯᠭᠡᠨ ᠤ ᠬᠢᠨ ︽ᠴᠢᠩᠱᠠᠨ ᠲᠣᠭᠤᠷᠢᠭ ᠤᠨ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠤᠨ ᠪᠠᠶᠢᠳᠠᠯ︾ ᠤᠨ ᠲᠣᠬᠠᠢ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠶᠢ ᠥᠷᠨᠢᠬᠦᠯᠵᠣ᠂ ᠲᠣᠭᠤᠷᠢᠭ ᠤᠨ ᠣᠯᠣᠰ ᠲᠥᠷᠣ ᠶᠢᠨ ᠵᠥᠪᠯᠡᠯᠭᠡᠨ ᠤ ᠲᠡᠳ᠋ ᠲᠡᠷᠢᠬᠦᠯᠡᠭᠴᠢ᠂ ᠲᠣᠭᠤᠷᠢᠭ ᠤᠨ ᠣᠯᠣᠰ ᠲᠥᠷᠣ ᠶᠢᠨ ᠵᠥᠪᠯᠡᠯᠭᠡᠨ ᠤ ᠬᠠᠣᠯᠢ ᠲᠥᠷᠢᠮ᠂ ᠥᠨᠳᠥᠰᠥᠳᠡᠨ ᠱᠠᠰᠢᠨ ᠰᠣᠷᠳᠠᠬᠤᠨ ᠤ ᠡᠲᠡᠭᠡᠳ ᠤᠨ ᠢᠯᠭᠠᠯ ᠤᠨ ᠭᠡᠰᠢᠭᠦᠳ᠂ ᠲᠣᠭᠤᠷᠢᠭ ᠤᠨ ᠥᠨᠳᠥᠰᠥᠳᠡᠨ ᠤ ᠭᠡᠷᠡᠭ ᠡᠷᠬᠢᠯᠡᠬᠦ ᠵᠥᠪᠯᠡᠯ᠂ ᠲᠣᠭᠤᠷᠢᠭ ᠤᠨ ᠣᠯᠣᠰ ᠲᠥᠷᠣ ᠶᠢᠨ ᠵᠥᠪᠯᠡᠯᠭᠡᠨ ᠤ ᠨᠡᠶᠢᠭᠡᠮ ᠤᠨ ᠠᠵᠢᠯ ᠥᠢᠯᠡᠰ ᠤᠨ ᠵᠥᠪᠯᠡᠯ ᠤᠨ ᠬᠠᠮᠢᠶ᠎ᠠ ᠪᠥᠬᠦᠢ ᠬᠥᠮᠥᠰ ᠪᠠᠶᠢᠴᠠᠭᠠᠨ ᠰᠣᠳᠣᠯᠣᠯᠳᠠ  ᠳᠤ ᠣᠷᠣᠯᠴᠠᠪᠠ᠃      ᠪᠠᠶᠢᠴᠠᠭᠠᠨ ᠰᠣᠳᠣᠯᠬᠤ ᠲᠣᠭᠤᠶᠢᠯᠠᠩ ᠤᠨ ᠬᠢᠨ ᠣᠷᠢᠳ ᠬᠤᠵᠢᠳ ᠴᠢᠯᠥᠭᠡᠳᠣ ᠵᠠᠮ ᠤᠨ ᠵᠡᠭᠡᠯᠢ ᠭᠤᠳᠣᠮᠵᠢ ᠶᠢᠨ ᠬᠠᠮᠵᠢᠯ ᠨᠠᠶᠢᠭᠡᠮ ᠲᠣᠭᠤᠷᠢᠭ᠂ ᠴᠢᠩᠱᠠᠨ ᠲᠣᠭᠤᠷᠢᠭ ᠤᠨ ᠭᠠᠶᠢᠯᠢ ᠶᠢᠨ ᠶᠠᠪᠣᠳᠠᠯ ᠤᠨ ᠲᠣᠪᠴᠢᠶᠠᠨ  ᠳᠤ ᠭᠥᠷᠴᠣ᠂ ᠵᠢᠱᠢᠶ᠎ᠡ ᠥᠵᠡᠬᠦᠯᠬᠦ ᠴᠡᠭ ᠤᠨ ᠬᠠᠷᠢᠭᠤᠴᠠᠯᠭᠠᠳᠡᠨ᠂ ᠠᠵᠢᠯᠳᠡᠨ ᠲᠠᠢ ᠭᠥᠨᠵᠡᠭᠡᠢ ᠰᠣᠯᠢᠯᠴᠠᠵᠣ᠂ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠢ ᠥᠷᠨᠢᠬᠦᠯᠵᠣ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠠᠷᠠᠭᠠᠪᠠᠷ ᠨᠢ ᠶᠠᠷᠢᠯᠴᠠᠬᠤ ᠬᠤᠷᠠᠯ ᠡᠷᠬᠢᠯᠡᠵᠣ᠂ ᠪᠠᠶᠢᠴᠠᠭᠠᠨ ᠰᠣᠳᠣᠯᠬᠤ ᠲᠣᠭᠤᠶᠢᠯᠠᠩ ᠤᠨ ᠬᠢᠨ ᠲᠣᠭᠤᠷᠢᠭ ᠤᠨ ᠬᠤᠷᠢᠶᠠᠨ ᠤ ᠨᠢᠬᠡᠳᠣᠮᠡᠯ ᠹᠷᠣᠨᠲ ᠤᠨ ᠭᠡᠯᠳᠡᠰ ᠤᠨ ᠲᠡᠳ᠋ ᠲᠠᠷᠤᠭ᠎ᠠ᠂ ᠲᠣᠭᠤᠷᠢᠭ ᠤᠨ ᠥᠨᠳᠥᠰᠥᠳᠡᠨ ᠤ ᠭᠡᠷᠡᠭ ᠡᠷᠬᠢᠯᠡᠬᠦ ᠵᠥᠪᠯᠡᠯ ᠤᠨ ᠡᠷᠭᠢᠯᠡᠭᠴᠢ ᠶᠢᠨ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠢ ᠥᠷᠨᠢᠬᠦᠯᠥᠭᠰᠡᠨ ᠪᠠᠶᠢᠳᠠᠯ ᠤᠨ ᠲᠣᠬᠠᠢ ᠬᠠᠷᠢᠭᠤ ᠮᠡᠳᠡᠭᠦᠯᠥᠯᠳᠡ ᠶᠢ ᠰᠣᠨᠣᠰᠴᠣ᠂ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠢ ᠭᠡᠷᠬᠢᠨ ᠨᠡᠩ ᠰᠠᠶᠢᠳᠣᠡᠷ ᠲᠥᠯᠬᠢᠨ ᠠᠬᠢᠭᠤᠯᠬᠤ᠂ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ  ᠥᠷ᠎ᠡ ᠪᠥᠳᠥᠭᠡᠯ ᠢ ᠥᠷᠭᠦᠯᠵᠢᠯᠡᠨ ᠪᠠᠬᠢᠵᠢᠬᠦᠯᠥᠨ ᠬᠥᠨᠵᠡᠭᠡᠶᠢᠷᠡᠬᠦᠯᠬᠦ ᠶᠢᠨ ᠲᠣᠭᠤᠷᠢᠨ ᠳᠤ ᠬᠠᠨᠳᠣᠯᠭᠠᠳᠣ ᠴᠢᠨᠠᠷᠳᠠᠢ ᠰᠠᠨᠠᠯ ᠰᠠᠨᠠᠭᠤᠯᠭ᠎ᠠ ᠲᠣᠷᠠᠳᠪᠠ᠃      ᠲᠣᠭᠤᠷᠢᠭ ᠤᠨ ᠣᠯᠣᠰ ᠲᠥᠷᠣ ᠶᠢᠨ ᠵᠥᠪᠯᠡᠯᠭᠡᠨ ᠤ ᠲᠡᠳ᠋ ᠲᠡᠷᠢᠬᠦᠯᠡᠭᠴᠢ ᠠᠴᠠ ᠴᠢᠬᠤᠯᠴᠢᠯᠠᠭᠰᠠᠨ ᠨᠢ᠄ ᠲᠣᠭᠤᠷᠢᠭ ᠤᠨ ᠥᠨᠳᠥᠰᠥᠳᠡᠨ ᠤ ᠭᠡᠷᠡᠭ ᠡᠷᠬᠢᠯᠡᠬᠦ ᠵᠥᠪᠯᠡᠯ ᠤᠨ ᠬᠢᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠭᠤᠣᠯ ᠰᠢᠵᠢᠮ ᠤᠨ ᠲᠣᠭᠤᠷᠢᠨ ᠳᠤ᠂ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ ᠣᠯᠡᠮ ᠨᠢᠬᠡ ᠠᠯᠬᠤᠮ ᠴᠢᠩᠭᠠᠳᠬᠠᠵᠣ᠂ ᠡᠭᠦᠳᠥᠨ ᠪᠠᠶᠢᠭᠤᠯᠣᠯᠳᠠ ᠶᠢᠨ ᠠᠵᠢᠯᠯᠠᠭ᠎ᠠ ᠶᠢᠨ ᠲᠣᠭᠳᠠᠴᠨ ᠪᠠᠨ ᠪᠠᠶᠢᠭᠤᠯᠤᠨ ᠲᠡᠭᠦᠯᠳᠡᠷᠵᠢᠭᠦᠯᠵᠦ᠂ ᠪᠥᠬᠦ ᠬᠥᠴᠥᠨ ᠢᠶᠠᠷ ᠢᠶᠠᠨ ᠡᠯ᠎ᠡ ᠵᠥᠢᠯ ᠤᠨ ᠡᠭᠦᠳᠥᠨ ᠪᠠᠶᠢᠭᠤᠯᠣᠯᠳᠠ ᠶᠢᠨ ᠠᠵᠢᠯ ᠢ ᠨᠠᠷᠢᠯᠢᠭ ᠬᠢᠵᠣ᠂ ᠪᠣᠳᠠᠳᠠᠢ ᠬᠢᠵᠣ᠂ ᠥᠷ᠎ᠡ ᠪᠥᠳᠣᠮᠵᠢ ᠭᠠᠷᠭᠠᠬᠤ ᠶᠢᠨ ᠬᠠᠮᠳᠣ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ  ᠤᠨ ︽1+8+N︾ ᠶᠢ ᠥᠷᠬᠦᠯᠵᠢᠯᠡᠨ ᠭᠥᠨᠵᠡᠭᠡᠢ ᠠᠬᠢᠭᠤᠯᠵᠣ᠂ ᠡᠭᠦᠳᠥᠨ ᠪᠠᠶᠢᠭᠤᠯᠣᠯᠳᠠ ᠶᠢᠨ ᠭᠦᠨᠵᠡᠭᠡᠢ ᠠᠭᠤᠰᠤᠯᠴᠠᠯ ᠢ ᠢᠳᠡᠪᠬᠢᠳᠠᠢ ᠠᠬᠢᠭᠤᠯᠣᠨ᠂ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠲᠡᠮᠡᠴᠡᠯ ᠤᠨ ᠬᠥᠴᠥᠨ ᠢ ᠨᠢᠭᠳᠠᠷᠠᠭᠤᠯᠵᠣ᠂ ᠰᠣᠳᠣᠨ ᠵᠢᠱᠢᠶ᠎ᠡ ᠥᠵᠡᠭᠦᠯᠬᠦ ᠴᠡᠭ ᠢ ᠡᠭᠦᠳᠥᠨ ᠪᠠᠶᠢᠭᠤᠯᠬᠤ ᠠᠵᠢᠯ ᠢ ᠰᠠᠶᠢᠳᠣᠷ ᠬᠢᠵᠣ᠂ ᠣᠯᠣᠰ ᠤᠨ ᠲᠠᠰ ᠤᠨ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠵᠢᠱᠢᠶ᠎ᠡ ᠥᠵᠡᠬᠦᠯᠭᠦ ᠲᠣᠭᠤᠷᠢᠭ ᠢ ᠡᠭᠦᠳᠥᠨ ᠪᠠᠶᠢᠭᠤᠯᠬᠤ ᠪᠠᠷ ᠢᠳᠡᠪᠬᠢᠳᠡᠢ ᠴᠢᠷᠮᠠᠶᠢᠵᠣ᠂ ᠨᠠᠮ ᠤᠨ ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠣᠬᠠᠭᠤᠯᠭ᠎ᠠ ᠬᠥᠮᠥᠵᠢᠯ ᠢ ᠣᠯᠡᠮ ᠨᠢᠬᠡ ᠠᠯᠬᠤᠮ ᠴᠢᠩᠭᠠᠳᠬᠠᠵᠣ᠂ ᠭᠥᠨ ᠵᠣᠵᠠᠭᠠᠨ ᠠᠭᠤᠷ ᠠᠮᠢᠰᠬᠤᠯ ᠢ ᠪᠣᠢ ᠪᠣᠯᠭᠠᠵᠣ᠂ ᠣᠬᠠᠭᠤᠯᠭ᠎ᠠ ᠶᠢᠨ ᠠᠵᠢᠯᠯᠠᠭᠠᠨ ᠤ ᠠᠴᠢᠶᠠᠯᠠᠪᠣᠷᠢ ᠶᠢᠨ ᠰᠢᠨ᠎ᠡ ᠶᠢ ᠡᠬᠦᠳᠴᠣ᠂ ︽ᠰᠥᠯᠵᠢᠶᠡᠨ ᠲᠡᠭᠡᠷ᠎ᠡ + ᠰᠥᠯᠵᠢᠶᠡᠨ ᠭᠠᠳᠠᠨ᠎ᠠ︾ ᠵᠡᠷᠭᠡ ᠣᠯᠠᠨ ᠲᠥᠮᠡᠨ ᠤ ᠥᠵᠡᠵᠣ ᠰᠣᠨᠢᠷᠬᠠᠬᠤ ᠲᠣᠷᠠᠳᠠᠢ ᠣᠯᠠᠨ ᠵᠥᠢᠯ ᠤᠨ ᠭᠡᠯᠪᠡᠷᠢ ᠪᠠᠷ ᠥᠨᠳᠥᠰᠥᠳᠡᠨ ᠤ ᠲᠥᠷᠣ ᠶᠢᠨ ᠪᠣᠳᠣᠯᠭ᠎ᠠ᠂ ᠥᠨᠳᠥᠰᠥᠳᠡᠨ ᠤ ᠪᠥᠯᠭᠦᠮᠳᠡᠯ ᠵᠡᠷᠭᠡ ᠣᠬᠠᠭᠤᠯᠭ᠎ᠠ ᠬᠥᠮᠥᠵᠢᠯ ᠢ ᠢᠳᠡᠪᠬᠢᠳᠡᠢ ᠥᠷᠨᠢᠬᠦᠯᠥᠨ᠂ ᠥᠨᠳᠥᠰᠥᠳᠡᠨ ᠤ ᠪᠥᠯᠭᠦᠮᠳᠡᠯ ᠤᠨ ᠡᠭᠦᠳᠥᠨ ᠪᠠᠶᠢᠭᠤᠯᠣᠯᠳᠠ ᠶᠢᠨ ᠬᠠᠮᠢᠶ᠎ᠠ ᠪᠥᠬᠦᠢ ᠠᠵᠢᠯᠯᠠᠭ᠎ᠠ ᠶᠢ ᠭᠥᠨᠵᠡᠭᠡᠢ ᠥᠷᠨᠢᠬᠦᠯᠵᠣ᠂ ᠴᠢᠩᠱᠠᠨ ᠲᠣᠭᠤᠷᠢᠭ ᠢᠶᠠᠨ ᠥᠨᠳᠥᠰᠥᠳᠡᠨ ᠨᠦᠭᠦᠳ ᠤᠨ ᠣᠯᠠᠨ ᠲᠥᠮᠡᠨ ᠡᠶ᠎ᠡ ᠨᠠᠶᠢᠷᠳᠠᠢ ᠲᠣᠳᠣᠨᠣᠰᠤᠭ᠂ ᠰᠠᠬᠢᠨ ᠪᠠᠷᠠᠯᠠᠵᠣ ᠬᠠᠷᠢᠯᠴᠡᠨ ᠬᠠᠪᠰᠣᠷᠣᠯᠴᠠᠭᠰᠠᠨ ᠡᠶ᠎ᠡ ᠵᠣᠬᠢᠴᠡᠯ ᠲᠠᠢ ᠰᠠᠶᠢᠨ ᠰᠠᠶᠢᠬᠠᠨ ᠭᠡᠷ ᠣᠷᠣᠨ ᠪᠣᠯᠭᠠᠨ ᠪᠥᠳᠥᠭᠡᠨ ᠪᠠᠶᠢᠭᠤᠯᠬᠤ ᠪᠠᠷ ᠴᠢᠷᠮᠠᠶᠢᠵᠣ᠂ ᠵᠢᠱᠢᠶᠡᠴᠢ ᠥᠪᠡᠷᠳᠡᠭᠡᠨ ᠵᠠᠰᠠᠬᠤ ᠣᠷᠣᠨ ᠢ ᠪᠥᠭᠦ ᠲᠠᠯ᠎ᠠ  ᠪᠠᠷ ᠰᠠᠶᠢᠳᠣᠷ ᠪᠥᠳᠥᠭᠡᠨ ᠪᠠᠶᠢᠭᠤᠯᠬᠤ ᠳᠤ ᠭᠥᠴᠥᠨ ᠴᠢᠳᠠᠯ ᠢᠶᠠᠨ ᠡᠷᠭᠦᠬᠦ ᠭᠡᠷᠡᠭᠳᠡᠢ ᠬᠡᠵᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号