︽ᠳᠥᠷᠪᠡᠨ ᠬᠥᠳᠡᠯᠭᠡᠬᠦ ᠬᠦᠴᠦᠨ︾᠎ ᠢᠶᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠢ ᠠᠬᠢᠭᠤᠯᠵᠣ ᠪᠠᠶᠢᠭ᠎ᠠ ᠨᠢ
ᠨᠡᠶᠢᠲᠡᠯᠡᠭᠰᠡᠨ ᠴᠠᠭ᠄
2023/10/17
      ᠴᠢᠩᠱᠠᠨ ᠲᠣᠭᠤᠷᠢᠭ ᠤᠨ ᠮᠥᠩᠭᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠣ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠨᠠᠮ ᠤᠨ ᠠᠴᠢ ᠳᠤ ᠲᠠᠯᠠᠷᠬᠠᠵᠣ ᠡᠷᠡᠯᠬᠡᠭᠯᠡᠨ ᠤᠷᠤᠭᠰᠢᠯᠠᠵᠤ ᠨᠠᠮ ᠢᠶᠠᠨ ᠳᠠᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠲᠠᠯ᠎ᠠ ᠪᠠᠷ ᠵᠢᠱᠢᠶ᠎ᠡ ᠦᠵᠡᠭᠦᠯᠬᠦ︾ ᠡᠨᠡᠬᠦ ᠭᠤᠣᠯ ᠰᠡᠳᠦᠪ ᠤᠨ ᠲᠣᠭᠤᠷᠢᠨ ᠳᠤ᠂ ︽ᠲᠦᠷᠪᠡᠨ ᠬᠥᠳᠡᠯᠭᠡᠬᠦ ᠬᠦᠴᠦᠨ︾᠎ ᠢᠶᠠᠷ ᠳᠠᠮᠵᠢᠭᠤᠯᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢᠨ ᠰᠠᠷ᠎ᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠵᠣᠬᠢᠶᠠᠨ ᠪᠠᠶᠢᠭᠤᠯᠤᠨ ᠰᠠᠶᠢᠲᠤᠷ ᠥᠷᠨᠢᠬᠦᠯᠪᠠ᠃      ︽ᠦᠵᠡᠯ ᠰᠠᠨᠠᠭᠠᠨ ᠤ ᠬᠥᠳᠡᠯᠭᠡᠬᠦ ᠬᠦᠴᠦᠨ︾᠎ ᠎ ᠢᠶᠠᠷ ︽ᠨᠢᠭᠲᠠᠷᠠᠯ ᠤᠨ ᠬᠦᠴᠦᠨ︾᠎ ᠢ ᠪᠠᠳᠠᠷᠠᠭᠤᠯᠪᠠ᠃ ᠡᠨᠡ ᠵᠢᠯ ᠡᠴᠠ‌ᠨᠠᠭᠠᠰᠢ ᠴᠢᠩᠱᠠᠨ ᠲᠣᠭᠤᠷᠢᠭ ᠤᠨ ᠮᠥᠩᠭᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠲᠥᠪᠯᠡᠷᠡᠩᠭᠦᠢ ᠲᠤᠰᠬᠠᠢ ᠰᠡᠳᠦᠪᠲᠦ ᠪᠣᠯᠪᠠᠰᠤᠷᠠᠯ ᠢ ᠵᠣᠬᠢᠶᠠᠨ ᠪᠠᠶᠢᠭᠤᠯᠵᠤ ︽ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠠᠪᠰᠤᠷᠤᠨ ᠵᠢᠯᠣᠭᠤᠳᠬᠤ ᠤᠩᠰᠢᠬᠤ ᠪᠢᠴᠢᠭ︾᠎ ᠢ ᠰᠤᠷᠤᠯᠴᠠᠵᠤ᠂ ᠡᠯ᠎ᠡ ᠨᠡᠶᠢᠭᠡᠮ ᠲᠣᠭᠤᠷᠢᠭ ᠤᠨ ᠬᠢᠨ ᠪᠠᠰᠠ ᠨᠣᠮ ᠬᠦᠷᠭᠡᠬᠦ ᠶᠣᠰᠣᠯᠠᠯ ᠢ ᠡᠷᠬᠢᠯᠡᠵᠦ᠂ ᠥᠷᠭᠡᠨ ᠣᠯᠡᠨ ᠺᠠᠳ᠋ᠷ ᠠᠵᠢᠯᠳᠠᠨ᠂ ᠬᠠᠷᠢᠶ᠎ᠠ ᠣᠷᠣᠨ ᠤ ᠨᠠᠮ ᠤᠨ ᠭᠡᠰᠢᠭᠦᠨ᠂ ᠤᠯᠠᠨ ᠲᠦᠮᠡᠨ ᠳᠤ ︽ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠠᠪᠰᠤᠷᠤᠨ ᠵᠢᠯᠣᠭᠤᠳᠬᠤ ᠤᠩᠰᠢᠬᠤ ᠪᠢᠴᠢᠭ︾᠎ ᠢ ᠨᠡᠶᠢᠳᠡ 430 ᠭᠠᠷᠤᠢ ᠳᠡᠪᠲᠡᠷ ᠪᠡᠯᠡᠭᠯᠡᠵᠦ᠂ ᠤᠩᠰᠢᠬᠤ ᠪᠢᠴᠢᠭ ᠢᠶᠠᠷ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢᠨ ᠲᠦᠪᠰᠢᠨ ᠢ ᠳᠡᠭᠡᠭᠰᠢᠯᠡᠭᠦᠯᠬᠦ᠂ ᠦᠢᠯᠡᠳᠦᠯᠭᠡ ᠶᠢ ᠵᠢᠯᠣᠭᠤᠳᠬᠤ᠂ ᠰᠡᠳᠬᠢᠬᠦᠢ ᠶᠢᠨ ᠬᠠᠷᠠᠭ᠎ᠠ ᠶᠢ ᠥᠷᠭᠡᠳᠬᠡᠬᠦ ᠳᠤ ᠥᠷᠭᠡᠨ ᠢᠶᠠᠷ ᠬᠡᠷᠡᠭᠯᠡᠪᠡ᠃ ᠲᠥᠪᠯᠡᠷᠡᠭᠦᠯᠦᠨ ᠰᠤᠷᠤᠯᠴᠠᠬᠤ᠂ ᠰᠤᠷᠤᠯᠴᠠᠯᠭ᠎ᠠ ᠶᠢ ᠬᠡᠷ ᠪᠥᠯᠢ ᠳᠤ ᠬᠦᠷᠭᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠡᠯ᠎ᠡ ᠨᠡᠶᠢᠭᠡᠮ ᠲᠣᠭᠤᠷᠢᠭ ᠤᠨ ᠬᠢᠨ ︽ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠠᠪᠰᠤᠷᠤᠨ ᠵᠢᠯᠣᠭᠤᠳᠬᠤ ᠤᠩᠰᠢᠬᠤ ᠪᠢᠴᠢᠭ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠲᠤᠬᠠᠶ ᠲᠣᠭᠲᠠᠭᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠲᠠᠯ᠎ᠠ ᠶᠢᠨ ᠪᠠᠶᠢᠭᠤᠯᠤᠯᠲᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠠᠬᠢᠭᠤᠯᠬᠤ ᠲᠦᠷᠢᠮ︾᠎ ᠤᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠨᠡᠶᠢᠲᠡ 14 ᠤᠳᠠᠭ᠎ᠠ ᠥᠷᠨᠢᠭᠦᠯᠵᠦ᠂ ᠲᠣᠮᠣ ᠬᠡᠯᠪᠡᠷᠢ ᠶᠢᠨ ᠬᠠᠮ ᠵᠠᠭᠤᠴᠢᠯᠠᠭᠤᠷ ᠤᠨ ᠰᠢᠭᠤᠳ ᠨᠡᠪᠲᠡᠷᠡᠭᠦᠯᠭᠡ ᠶᠢᠨ ︽ᠰᠦᠭ ᠰᠦᠨᠡᠰᠦ ᠶᠢ ᠱᠤᠭᠤᠬᠤ︾ ᠫᠷᠤᠭ᠍ᠷᠠᠮ ᠢ ᠦᠵᠡᠵᠦ᠂ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠤᠯᠠᠮᠵᠢᠯᠠᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠡᠭᠦᠷᠭᠡᠯᠡᠯ ᠪᠠ ᠴᠤᠭ ᠵᠢᠪᠬᠤᠭ᠎ᠠ ᠶᠢ ᠣᠶᠢᠯᠠᠭᠠᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠦᠵᠡᠯ ᠰᠠᠨᠠᠭ᠎ᠠ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ︽ᠲᠠᠪᠣᠨ ᠬᠠᠮᠳᠣ ᠶᠢᠨ ᠲᠠᠨᠢᠯᠳᠠ︾᠎ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠪᠠ᠃      ︽ᠰᠣᠶᠣᠯ ᠤᠨ ᠭᠥᠳᠡᠯᠭᠡᠬᠦ ᠭᠥᠴᠥᠨ︾᠎ ᠢᠶᠠᠷ ︽ᠲᠥᠪᠯᠡᠩᠭᠦᠢ ᠭᠥᠴᠥᠨ︾᠎ ᠢ ᠲᠡᠬᠡᠭᠰᠢᠯᠡᠭᠦᠯᠪᠠ᠃ ᠴᠢᠩᠱᠠᠨ ᠲᠣᠭᠤᠷᠢᠭ ᠤᠨ ᠮᠥᠩᠭᠡᠵᠢᠯ ᠵᠠᠮ ᠤᠨ ᠵᠡᠭᠡᠯᠢ ᠭᠤᠳᠤᠮᠵᠢ ᠶᠢᠨ ᠡᠯ᠎ᠡ ᠨᠡᠶᠢᠭᠡᠮ ᠲᠣᠭᠤᠷᠢᠭ ᠤᠨ ᠬᠢᠨ ᠡᠯ᠎ᠡ ᠵᠦᠢᠯ ᠤᠨ ᠠᠵᠢᠯᠯᠠᠭ᠎ᠠ ᠳᠤ ᠲᠦᠰᠢᠭᠯᠡᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ︽道中华︾ ᠨᠡᠶᠢᠲᠡ ᠶᠢᠨ ᠨᠣᠮᠧᠷ ᠢ ᠠᠩᠬᠠᠷᠤᠭᠤᠯᠬᠤ ᠶᠢᠨ ᠬᠠᠮᠲᠤ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠥᠷᠭᠡᠨ ᠢᠶᠠᠷ ᠤᠬᠠᠭᠤᠯᠤᠨ ᠳᠡᠯᠭᠡᠷᠡᠭᠦᠯᠵᠦ᠂ 1100 ᠭᠠᠷᠤᠢ ᠬᠥᠮᠦᠨ ᠠᠩᠬᠠᠷᠪᠠ︔ ᠡᠯ᠎ᠡ ᠨᠡᠶᠢᠭᠡᠮ ᠲᠣᠭᠤᠷᠢᠭ ᠲᠤ ᠦᠨᠳᠦᠰᠦᠲᠡᠨ ᠤ ᠣᠨᠴᠠᠯᠢᠭ ᠲᠠᠢ᠂ ᠬᠡᠯᠪᠡᠷᠢ ᠨᠢ ᠥᠪᠡᠷᠮᠢᠴᠨ ᠣᠨᠴᠠᠯᠢᠭ ᠲᠠᠢ ᠵᠤᠨ ᠤ ᠦᠳᠡᠰᠢᠯᠡᠭᠡ ᠶᠢᠨ ᠫᠷᠤᠭ᠍ᠷᠠᠮ ᠢ ᠡᠷᠬᠢᠯᠡᠵᠦ᠂ ᠡᠯ᠎ᠡ ᠦᠨᠳᠦᠰᠦᠲᠡᠨ ᠤ ᠰᠠᠭᠤᠭᠠᠯᠢ ᠠᠷᠠᠳ ᠤᠨ ᠵᠣᠯ ᠵᠢᠷᠭᠠᠯᠳᠣ ᠰᠡᠳᠬᠢᠯᠭᠡ ᠶᠢ ᠨᠡᠮᠡᠭᠳᠡᠬᠦᠯᠵᠣ᠂ ︽ᠦᠨᠳᠦᠰᠦᠲᠡᠨ ᠤ ᠪᠥᠯᠬᠦᠮᠳᠡᠯ ᠨᠢᠭᠡ ᠭᠡᠷ ᠤᠨ ᠬᠥᠮᠦᠨ ᠮᠡᠲᠦ ᠳᠣᠲᠣᠨᠣ︾ ᠦᠵᠡᠯ ᠰᠠᠨᠠᠭ᠎ᠠ ᠶᠢ ᠤᠯᠠᠮᠵᠢᠯᠠᠪᠠ︔ ᠡᠯ᠎ᠡ ᠨᠡᠶᠢᠭᠡᠮ ᠲᠣᠭᠤᠷᠢᠭ ᠤᠨ ᠬᠢᠨ ᠭᠠᠷ ᠤᠷᠠᠯᠠᠯ᠂ ᠬᠤᠸᠠᠷ ᠬᠠᠳᠬᠤᠮᠠᠯ᠂ ︽ᠪᠠᠳᠠᠷᠠᠨ ᠳᠡᠯᠭᠡᠷᠡᠭᠰᠡᠨ ᠪᠤᠳᠤᠭᠲᠤ ᠠᠨᠠᠷ ᠢ ᠵᠢᠷᠣᠭᠯᠠᠵᠣ᠂ ᠦᠨᠳᠦᠰᠦᠲᠡᠨ ᠤ ᠪᠥᠯᠬᠦᠮᠳᠡᠯ ᠨᠢᠭᠡ ᠭᠡᠷ ᠤᠨ ᠬᠥᠮᠦᠨ ᠮᠡᠲᠦ ᠳᠣᠲᠣᠨᠣ︾ ᠤᠷᠠᠨ ᠪᠢᠴᠢᠯᠭᠡ ᠤᠷᠠᠨ ᠵᠢᠷᠤᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ᠤᠨ ᠤᠷᠠᠨ ᠪᠢᠴᠢᠯᠭᠡ ᠳᠤ ᠪᠠᠭ᠋ᠠᠲᠠᠢ ᠬᠥᠮᠦᠰ ᠲᠤᠬᠠᠢ ᠶᠢᠨ ᠲᠠᠯᠠᠪᠠᠢ ᠳᠤ ᠵᠣᠬᠢᠶᠠᠨ ᠪᠦᠲᠦᠭᠡᠵᠦ᠂ ︽ᠠᠨᠠᠷ ᠤᠨ ᠮᠣᠳᠣ ᠶᠢ ᠬᠠᠮᠲᠤᠪᠠᠷ ᠲᠠᠷᠢᠵᠤ᠂ ᠦᠨᠳᠦᠰᠦᠲᠡᠨ ᠤ ᠰᠡᠳᠬᠢᠯᠭᠡ ᠶᠢ ᠰᠠᠴᠣᠷᠠᠭᠤᠯᠬᠤ︾ ᠵᠡᠷᠭᠡ ᠪᠦᠲᠦᠭᠡᠯ ᠢ ᠵᠢᠷᠤᠭᠯᠠᠪᠠ︔ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ︾᠎ ᠪᠠᠷ ᠭᠤᠣᠯ ᠰᠡᠳᠦᠪ ᠪᠣᠯᠭᠠᠭᠰᠠᠨ ᠪᠠᠶᠠᠷ ᠤᠨ ᠡᠳᠦᠷ ᠤᠨ ᠠᠵᠢᠯᠯᠠᠭ᠎ᠠ ᠶᠢ 7 ᠤᠳᠠᠭ᠎ᠠ ᠡᠷᠬᠢᠯᠡᠵᠦ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠢ ᠤᠷᠢᠵᠤ ᠶᠧᠪᠡᠩ ᠢ ᠦᠢᠯᠡᠳᠴᠦ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠵᠠᠩ ᠳᠠᠳᠬᠠᠯ᠂ ᠤᠯᠤᠰ ᠤᠨ ᠪᠠᠶᠠᠷ ᠤᠨ ᠬᠤᠯᠪᠣᠭᠳᠠᠯ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠤ ᠳᠤᠮᠳᠠᠳᠤ ᠶᠢᠨ ᠦᠨᠳᠦᠰᠦᠲᠡᠨ ᠢ ᠮᠡᠳᠡᠷᠡᠬᠦ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠨᠡᠮᠡᠭᠳᠡᠭᠦᠯᠪᠡ︔ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠺᠢᠨᠣ᠋ ᠦᠵᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠤᠷᠢᠵᠤ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠲᠦᠮᠡᠨ ᠤ ᠳᠤᠮᠳᠠ ᠣᠴᠢᠬᠤ︾ ᠭᠤᠶᠢᠳᠠ ᠰᠠᠶᠢᠬᠠᠨ ᠲᠣᠭᠯᠠᠯᠲᠠ ᠪᠠᠷ ᠪᠠᠶᠡᠷ ᠲᠣᠷᠠᠰᠬᠠᠯ ᠤᠨ ᠡᠳᠣᠷ ᠤᠨ ᠬᠥᠨ ᠵᠣᠵᠠᠭᠠᠨ ᠠᠭᠤᠷ ᠠᠮᠢᠰᠬᠤᠯ ᠢ ᠪᠣᠢ ᠪᠣᠯᠭᠠᠪᠠ᠃      ︽ᠠᠴᠢᠶᠠᠯᠠᠪᠤᠷᠢ ᠶᠢᠨ ᠭᠥᠳᠡᠯᠭᠡᠬᠦ ᠭᠥᠴᠥᠨ︾᠎ ᠢᠶᠠᠷ ︽ᠨᠥᠯᠥᠬᠡᠯᠡᠬᠦ ᠭᠥᠴᠥᠨ︾᠎ ᠢ ᠨᠡᠮᠡᠭᠳᠡᠭᠦᠯᠪᠠ᠃ ᠪᠥᠬᠦ ᠤᠯᠤᠰ ᠤᠨ 26 ᠳ᠋ᠤᠭᠠᠷ ᠬᠤᠭᠤᠴᠠᠭᠠᠨ ᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠡᠯ᠎ᠡ ᠨᠡᠶᠢᠭᠡᠮ ᠲᠣᠭᠤᠷᠢᠭ ᠤᠨ ᠬᠢᠨ ᠰᠤᠷᠤᠯᠴᠠᠬᠤ ᠡᠷᠴᠢᠮ ᠢᠶᠠᠨ ᠴᠢᠩᠭᠠᠷᠠᠭᠤᠯᠵᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ᠵᠡᠷᠭᠡ ᠦᠭᠡ ᠬᠡᠯᠡ ᠥᠰᠥᠭ ᠪᠢᠴᠢᠭ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ 7 ᠤᠳᠠᠭ᠎ᠠ ᠰᠣᠷᠣᠯᠴᠠᠵᠣ᠂ ᠤᠬᠠᠭᠤᠯᠭ᠎ᠠ ᠶᠢᠨ ᠹᠢᠯᠢᠮ᠂ ᠵᠠᠷᠯᠠᠯ᠂ ᠤᠬᠠᠭᠤᠯᠭ᠎ᠠ ᠶᠢᠨ ᠤᠷᠢᠶ᠎ᠠ ᠯᠣᠽᠦ᠋ᠩ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠣᠯᠠᠨ ᠺᠠᠳ᠋ᠷ ᠣᠯᠠᠨ ᠲᠦᠮᠡᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠬᠦ ᠶᠢᠨ ᠠᠴᠢ ᠬᠤᠯᠪᠣᠭᠳᠠᠯ ᠢ ᠨᠠᠩ ᠭᠦᠨᠵᠡᠭᠡᠶ ᠣᠶᠢᠯᠠᠭᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠤᠭᠤᠷᠣᠨᠳᠣᠬᠢ ᠰᠣᠯᠢᠯᠴᠠᠭ᠎ᠠ ᠶᠢ ᠨᠡᠮᠡᠭᠳᠡᠭᠦᠯᠦᠨ᠂ ᠨᠢᠭᠲᠠᠷᠠᠯ ᠤᠨ ᠬᠦᠴᠦᠨ ᠢ ᠥᠷᠭᠡᠳᠬᠡᠪᠡ᠃ ᠡᠭᠦᠨ ᠠᠴᠠ ᠭᠠᠳᠠᠨ᠎ᠠ᠂ ᠡᠯ᠎ᠡ ᠨᠡᠶᠢᠭᠡᠮ ᠲᠣᠭᠤᠷᠢᠭ ᠡᠯ᠎ᠡ ᠵᠦᠢᠯ ᠤᠨ ᠠᠵᠢᠯ ᠲᠠᠢ ᠪᠠᠨ ᠤᠶᠠᠯᠳᠤᠭᠤᠯᠤᠨ᠂ ᠭᠤᠶᠢᠳᠠ ᠰᠠᠶᠢᠬᠠᠨ ᠠᠵᠢᠯᠯᠠᠭ᠎ᠠ᠂ ᠲᠤᠷᠰᠢᠯᠭ᠎ᠠ ᠶᠢᠨ ᠳ᠋ᠦᠩᠨᠡᠯᠲᠡ᠂ ᠨᠡᠶᠢᠲᠡᠯᠢᠭ ᠦᠢᠯᠡ ᠠᠵᠢᠯᠯᠠᠭ᠎ᠠ ᠵᠡᠷᠭᠡ ᠮᠡᠳᠡᠭᠡ ᠵᠠᠩᠭᠢ ᠶᠢ ᠢᠳᠡᠪᠬᠢᠲᠡᠶ ᠲᠤᠭᠤᠷᠪᠢᠨ ᠪᠢᠴᠢᠪᠡ᠃ ᠵᠡᠭᠡᠯᠢ ᠭᠤᠳᠤᠮᠵᠢ ᠶᠢᠨ ᠬᠢᠨ ᠣᠯᠠᠨ ᠨᠡᠶᠢᠲᠡ ᠶᠢᠨ ᠳ᠋ᠤᠭᠠᠷ ︽ᠨᠠᠮ ᠤᠨ ᠬᠠᠶᠢᠷ᠎ᠠ ᠲᠥᠭ ᠲᠦᠮᠡᠨ ᠡᠷᠦᠬᠡ ᠶᠢ ᠬᠤᠯᠪᠣᠬᠤ︾᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ︾᠎ ᠶᠢᠨ ᠲᠤᠰᠬᠠᠶ ᠪᠤᠯᠤᠩ ᠳᠤ ᠲᠦᠰᠢᠭᠯᠡᠨ ᠨᠡᠶᠢᠲᠡ 28 ᠬᠤᠪᠢ ᠬᠠᠮᠢᠶ᠎ᠠ ᠪᠥᠬᠦᠶ ᠮᠡᠳᠡᠭᠡ ᠵᠠᠩᠭᠢ ᠶᠢ ᠰᠢᠯᠵᠢᠭᠦᠯᠦᠨ ᠨᠡᠶᠢᠲᠡᠯᠡᠵᠦ᠂ ᠬᠠᠷᠢᠶ᠎ᠠ ᠣᠷᠣᠨ ᠤ ᠥᠷᠭᠡᠨ ᠣᠯᠠᠨ ᠰᠠᠭᠤᠭᠠᠯᠢ ᠠᠷᠠᠳ ᠢ ᠣᠷᠢᠶᠠᠯᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠮᠢᠶ᠎ᠠ ᠪᠥᠬᠦᠶ ᠮᠡᠳᠡᠯᠭᠡ ᠬᠢᠭᠡᠳ ᠬᠠᠤᠯᠢ ᠲᠣᠭᠲᠠᠭᠠᠯ ᠪᠠ ᠠᠵᠢᠯᠯᠠᠭ᠎ᠠ ᠶᠢᠨ ᠰᠠᠷ᠎ᠠ ᠶᠢᠨ ᠬᠤᠭᠤᠴᠠᠭᠠᠨ ᠳᠤ ᠣᠯᠤᠭᠰᠠᠨ ᠰᠢᠯᠢᠳᠡᠭ ᠦᠷ᠎ᠡ ᠪᠦᠲᠦᠭᠡᠯ ᠢ ᠤᠩᠰᠢᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ︽ᠡᠭᠡᠯ ᠠᠷᠠᠳ ᠤᠨ ᠬᠡᠷ ᠲᠤ ᠲᠥᠭᠡᠮᠡᠯᠵᠢᠬᠦ︾᠎ ᠶᠢ ᠠᠬᠢᠭᠤᠯᠬᠤ ᠳᠤ ᠬᠦᠴᠦᠨ ᠨᠡᠮᠡᠷᠢᠯᠡᠵᠦ᠂ ᠡᠭᠦᠳᠦᠨ ᠪᠠᠶᠢᠭᠤᠯᠬᠤ ᠠᠵᠢᠯ ᠢᠶᠠᠨ ᠬᠥᠨᠵᠡᠭᠡᠶᠢᠷᠡᠬᠦᠯᠪᠠ᠃      ︽ᠵᠣᠬᠢᠶᠠᠨ ᠪᠠᠶᠢᠭᠤᠯᠣᠯᠳᠠ ᠶᠢᠨ ᠭᠥᠳᠡᠯᠭᠡᠬᠦ ᠬᠥᠴᠥᠨ︾᠎ ᠢᠶᠠᠷ ︽ᠦᠢᠯᠡᠴᠢᠯᠡᠭᠡᠨ ᠤ ᠭᠥᠴᠥᠨ︾᠎ ᠎ ᠢᠶᠠᠨ ᠳᠡᠭᠡᠭᠰᠢᠯᠡᠭᠦᠯᠪᠠ᠃ ᠴᠢᠩᠱᠠᠨ ᠲᠣᠭᠤᠷᠢᠭ ᠤᠨ ᠮᠥᠩᠭᠡᠵᠢᠯ ᠵᠠᠮ ᠤᠨ ᠵᠡᠭᠡᠯᠢ ᠭᠤᠳᠤᠮᠵᠢ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠳᠠ ᠶᠢᠨ ︽ᠲᠠᠪᠤᠨ ᠪᠢᠴᠢᠯ ᠠᠵᠢᠯᠯᠠᠭ᠎ᠠ︾᠎ ᠶᠢᠨ ᠠᠵᠢᠯ ᠤᠨ ᠠᠷᠭ᠎ᠠ ᠳᠤ ᠲᠦᠰᠢᠭᠯᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ︽ᠠᠭᠤᠰᠣᠯᠴᠡᠯ︾᠎ ᠤᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠣ᠂ ᠠᠷᠠᠳ ᠲᠤ ᠳᠥᠭᠦᠮ ᠥᠵᠡᠬᠦᠯᠥᠨ ᠠᠷᠠᠳ ᠲᠦᠮᠡᠨ ᠳᠤ ᠦᠢᠯᠡᠴᠢᠯᠡᠬᠦ ᠎ ᠪᠠᠨ ᠰᠠᠭᠤᠭᠠᠯᠢ ᠠᠷᠠᠳ ᠤᠨ ᠡᠷᠥᠭᠡ ᠳᠤ ᠭᠥᠷᠭᠡᠪᠡ︔ ᠡᠯ᠎ᠡ ᠨᠡᠶᠢᠭᠡᠮ ᠲᠣᠭᠤᠷᠢᠭ ᠤᠨ ᠬᠢᠨ ᠠᠵᠢᠯᠯᠠᠭ᠎ᠠ ᠶᠢᠨ ᠰᠠᠷ᠎ᠠ ᠶᠢᠨ ᠬᠤᠭᠤᠴᠠᠭᠠᠨ ᠳᠤ ︽ᠠᠨᠠᠷ ᠤᠨ ᠦᠷ᠎ᠡ︾ ᠰᠠᠶᠢᠨ ᠳᠤᠷ᠎ᠠ ᠶᠢᠨ ᠦᠢᠯᠡᠴᠢᠯᠡᠭᠡ ᠶᠢ ᠨᠡᠶᠢᠲᠡ 15 ᠤᠳᠠᠭ᠎ᠠ ᠥᠷᠨᠢᠭᠦᠯᠵᠦ᠂ ᠬᠦᠴᠢᠷᠳᠡᠯᠲᠡᠶ ᠰᠠᠭᠤᠭᠠᠯᠢ ᠠᠷᠠᠳ᠂ ᠬᠦᠴᠢᠷᠳᠡᠯᠲᠡᠶ ᠰᠤᠷᠤᠭᠴᠢᠳ ᠢ ᠲᠣᠬᠤᠨᠢᠯᠠᠭᠤᠯᠣᠨ᠂ ᠲᠡᠳᠡᠨ ᠤ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠢ ᠰᠶᠢᠳᠪᠥᠷᠢᠯᠡᠪᠡ︔ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠣᠯᠠᠨ ᠨᠡᠶᠢᠲᠡ ᠶᠢᠨ ᠲᠥᠬᠦᠭᠡᠷᠦᠮᠵᠢ ᠵᠢᠴᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢ ᠥᠷᠨᠢᠭᠦᠯᠵᠦ᠂ ᠦᠵᠡᠰᠬᠦᠯᠡᠩᠲᠦ ᠰᠠᠶᠢᠬᠠᠨ ᠬᠡᠷ ᠣᠷᠣᠨ ᠤ ᠪᠥᠲᠥᠭᠡᠨ ᠪᠠᠶᠢᠭᠤᠯᠣᠯᠳᠠ ᠶᠢᠨ ᠰᠢᠨ᠎ᠡ ᠦᠷ᠎ᠡ ᠪᠦᠲᠦᠭᠡᠯ ᠢᠶᠠᠷ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠣᠷᠣᠭᠰᠢᠯᠠᠨ ᠳᠠᠪᠰᠢᠪᠠ︔ ᠬᠠᠷᠢᠶ᠎ᠠ ᠣᠷᠣᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠡᠷᠡᠭᠦᠯ ᠮᠡᠨᠳᠦ ᠶᠢᠨ ᠮᠡᠳᠡᠯᠭᠡ ᠶᠢ ᠲᠠᠶᠢᠯᠪᠤᠷᠢᠯᠠᠪᠠ︔ ᠮᠡᠬᠡᠯᠡᠯ ᠢ ᠡᠰᠡᠷᠭᠦᠴᠡᠬᠦ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ᠂ ᠬᠠᠷᠢᠶ᠎ᠡ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠬᠠᠮᠲᠤ ᠪᠠᠷ ᠣᠷᠣᠰᠢᠬᠤ᠂ ᠬᠠᠮᠲᠤ ᠪᠠᠷ ᠰᠤᠷᠤᠯᠴᠠᠬᠤ᠂ ᠬᠠᠮᠲᠤ ᠪᠠᠷ ᠠᠵᠢᠯᠯᠠᠬᠤ᠂ ᠬᠠᠮᠲᠤ ᠪᠠᠷ ᠡᠳ᠋ᠯᠡᠬᠦ︾ ᠡᠶ᠎ᠡ ᠵᠣᠬᠢᠴᠠᠩᠭᠤᠶ ᠠᠭᠤᠷ ᠠᠮᠢᠰᠬᠤᠯ ᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠨᠥᠯᠥᠭᠡᠯᠡᠬᠦ ᠬᠦᠴᠦᠨ ᠢ ᠨᠡᠮᠡᠭᠳᠡᠭᠦᠯᠵᠣ᠂ ᠬᠠᠷᠢᠶ᠎ᠠ ᠣᠷᠣᠨ ᠤ ᠪᠣᠳᠠᠰ ᠤᠨ ᠰᠣᠶᠣᠯ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号