ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠦᠢᠯᠡᠴᠢᠯᠡᠭᠡᠨ ᠤ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2023/10/17
      ᠣᠶᠢᠷ᠎ᠠ ᠳᠤ᠂ ᠲᠤᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠲᠠᠢ ᠬᠤᠯᠪᠤᠭᠠᠯᠠᠨ ᠬᠠᠷᠢᠶ᠎ᠠ ᠣᠷᠣᠨ ᠤ ᠪᠠᠷᠢᠯᠭ᠎ᠠ ᠶᠢᠨ ᠭᠠᠵᠠᠷ ᠲᠤ ︽ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠳᠤᠯᠠᠭᠠᠯᠠᠬᠤ︾ ᠰᠢᠷᠢᠰ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠬᠤᠶᠠᠷ ᠰᠠᠯᠠᠭ᠎ᠠ ᠮᠥᠴᠢᠷ ᠬᠠᠮᠲᠤᠷᠠᠨ ︽ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠳᠤᠯᠠᠭᠠᠯᠠᠬᠤ︾ ᠦᠢᠯᠡᠴᠢᠯᠡᠭᠡᠨ ᠤ ᠠᠵᠢᠯᠯᠠᠭ᠎ᠠ ᠶᠢᠨ ᠤᠬᠠᠭᠤᠯᠭ᠎ᠠ ᠶᠢᠨ ᠠᠵᠢᠯ ᠤᠨ ᠪᠠᠶᠢᠷᠢ ᠭᠠᠷᠭᠠᠵᠤ᠂ ︽ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠪᠠᠨ ᠬᠠᠮᠠᠭᠠᠯᠠᠬᠤ︾ ︽ᠬᠥᠯᠥᠰᠦᠨ ᠠᠵᠢᠯᠴᠢᠨ ᠤ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠪᠠᠨ ᠬᠠᠮᠠᠭᠠᠯᠠᠬᠤ︾ ︽ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ︾᠎ ᠶᠢᠨ ᠤᠬᠠᠭᠤᠯᠭ᠎ᠠ ᠶᠢᠨ ᠬᠠᠭᠤᠳᠠᠰᠤ ᠶᠢ ᠳᠠᠷᠤᠮᠠᠯᠯᠠᠨ ᠲᠠᠷᠬᠠᠭᠠᠵᠤ᠂ ᠬᠥᠳᠡᠯᠮᠦᠷᠢ ᠶᠢᠨ ᠪᠠᠲᠤᠯᠠᠭ᠎ᠠ ᠶᠢᠨ ᠯᠠᠪᠯᠠᠯᠭ᠎ᠠ ᠶᠢᠨ ᠠᠵᠢᠯ ᠤᠨ ᠪᠠᠶᠢᠷᠢ ᠲᠣᠬᠢᠷᠠᠭᠤᠯᠤᠨ᠂ ᠲᠤᠰᠬᠠᠢ ᠮᠡᠷᠭᠡᠵᠢᠯ ᠤᠨ ᠠᠵᠢᠯᠲᠠᠨ ᠢᠶᠠᠷ ᠬᠥᠳᠡᠯᠮᠦᠷᠢ ᠶᠢᠨ ᠡᠷᠬᠡ ᠠᠰᠢᠭ ᠤᠨ ᠪᠠᠲᠤᠯᠠᠭ᠎ᠠ ᠶᠢᠨ ᠬᠠᠤᠯᠢ ᠲᠦᠭᠡᠮᠡᠯᠵᠢᠭᠦᠯᠬᠦ ᠠᠵᠢᠯ ᠢ ᠬᠢᠯᠭᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号