ᠨᠠᠮ ᠤᠨ ᠪᠠᠶᠢᠭᠤᠯᠤᠯᠲᠠ ᠪᠠᠷ ︽ᠬᠠᠮᠲᠤᠷᠠᠯ ᠬᠦᠴᠦᠨ︾ ᠢ ᠬᠦᠲᠦᠯᠦᠨ ᠳᠠᠭᠠᠭᠤᠯᠵᠤ  ᠦᠨᠳᠦᠰᠦᠨ ᠱᠠᠲᠤᠨ ᠤ ᠵᠠᠰᠠᠯᠲᠠ ᠶᠢᠨ ︽ᠰᠢᠨ᠎ᠡ ᠬᠠᠭᠤᠳᠠᠰᠤ︾ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2023/10/17
C:\Users\Administrator\Desktop\2023.10.17万青路街道党工委副书记、办事处副主任(主持全面工作) 张宇\qsq_2023821112418_副本.jpg
      ᠰᠤᠷᠪᠤᠯᠵᠢᠯᠠᠭᠰᠠᠨ ᠭᠤᠣᠯ ᠰᠡᠳᠦᠪ᠄ ᠨᠠᠮ ᠤᠨ ᠪᠠᠶᠢᠭᠤᠯᠤᠯᠲᠠ ᠪᠠᠷ ︽ᠬᠠᠮᠲᠤᠷᠠᠯ ᠬᠦᠴᠦᠨ︾ ᠢ ᠬᠦᠲᠦᠯᠦᠨ ᠳᠠᠭᠠᠭᠤᠯᠵᠤ   ᠦᠨᠳᠦᠰᠦᠨ ᠱᠠᠲᠤᠨ ᠤ ᠵᠠᠰᠠᠯᠲᠠ ᠶᠢᠨ ︽ᠰᠢᠨ᠎ᠡ ᠬᠠᠭᠤᠳᠠᠰᠤ︾ ᠶᠢ ᠪᠢᠴᠢᠭᠯᠡᠨ᠎ᠡ      ᠰᠤᠷᠪᠤᠯᠵᠢᠯᠠᠭᠰᠠᠨ ᠴᠠᠭ᠄ 2023 ᠣᠨ ᠤ 8 ᠰᠠᠷ᠎ᠠ ᠶᠢᠨ 10 ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ︵ᠪᠦᠬᠦ ᠲᠠᠯ᠎ᠠ ᠶᠢᠨ ᠠᠵᠢᠯ ᠢ ᠡᠷᠬᠢᠯᠡᠨ᠎ᠡ︶    ᠵᠠᠩ ᠢᠦᠢ       ᠰᠤᠷᠪᠤᠯᠵᠢᠯᠠᠭᠰᠠᠨ ᠠᠬᠤᠢ ᠪᠠᠶᠢᠳᠠᠯ᠄ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠲᠡᠢ ᠰᠤᠷᠤᠯᠴᠠᠨ ᠲᠤᠤᠱᠯᠠᠭᠤᠯᠵᠤ᠂ ︽ᠬᠠᠮᠤᠭ ᠤᠨ ᠰᠠᠶᠢᠨ ᠦᠭᠡ ᠬᠡᠯᠡ ᠪᠣᠯ ᠦᠶᠯᠡ ᠠᠵᠢᠯᠯᠠᠭ᠎ᠠ᠂ ᠬᠠᠮᠤᠭ ᠤᠨ ᠰᠠᠶᠢᠨ ᠦᠶᠯᠡ ᠠᠵᠢᠯᠯᠠᠭ᠎ᠠ ᠪᠣᠯ ᠪᠣᠳᠠᠲᠠᠢ ᠪᠠᠷ ᠠᠵᠢᠯᠯᠠᠬᠤ︾ ᠪᠠᠷ ᠵᠢᠯᠣᠭᠤᠳᠤᠯᠭ᠎ᠠ ᠪᠣᠯᠭᠠᠵᠤ᠂ ᠠᠷᠠᠳ ᠤᠨ ᠠᠮᠢᠳᠤᠷᠠᠯ ᠤᠨ ᠠᠵᠢᠯ ᠢ ᠴᠢᠷᠮᠠᠶᠢᠨ ᠰᠠᠶᠢᠲᠤᠷ ᠠᠳᠬᠤᠵᠤ᠂ ᠬᠠᠮᠢᠶᠠᠷᠤᠯᠲᠠ ᠦᠢᠯᠡᠴᠢᠯᠡᠭᠡ ᠶᠢ ᠨᠠᠷᠢᠯᠢᠭᠵᠢᠭᠤᠯᠬᠤ᠂ ᠰᠣᠳᠣᠨ ᠪᠣᠯᠭᠠᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠥᠬᠦ ᠲᠠᠯ᠎ᠠ ᠪᠠᠷ ᠬᠥᠭᠵᠢᠭᠡᠨ᠂ ᠵᠡᠭᠡᠯᠢ ᠭᠤᠳᠤᠮᠵᠢ ᠶᠢᠨ ᠡᠯ᠎ᠡ ᠵᠦᠢᠯ ᠤᠨ ᠠᠵᠢᠯ ᠦᠢᠯᠡᠰ ᠤᠨ ᠳᠠᠬᠢᠨ ᠰᠢᠨ᠎ᠡ ᠥᠨᠳᠥᠷ ᠲᠦᠪᠰᠢᠨ ᠳᠤ ᠭᠠᠷᠬᠤ ᠶᠢ ᠲᠦᠯᠬᠢᠨ ᠠᠬᠢᠭᠤᠯᠪᠠ᠃      【ᠬᠥᠲᠥᠯᠥᠭᠴᠢ】      ᠮᠦᠩᠬᠡᠵᠢᠯ ᠵᠠᠮ ᠤᠨ ᠵᠡᠭᠡᠯᠢ ᠭᠤᠲᠤᠮᠵᠢ ᠶᠢᠨ ᠪᠠᠶᠢᠳᠠᠯ ᠶᠠᠮᠠᠷ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ     ᠵᠠᠩ ᠪᠢᠨ】      ᠮᠦᠩᠬᠡᠵᠢᠯ ᠵᠠᠮ ᠤᠨ ᠵᠡᠭᠡᠯᠢ ᠭᠤᠲᠤᠮᠵᠢ 1986 ᠣᠨ ᠤ 6 ᠰᠠᠷ᠎ᠠ ᠳᠤ ᠪᠠᠶᠢᠭᠤᠯᠤᠭᠳᠠᠵᠤ᠂ ᠬᠠᠷᠢᠶᠠᠲᠤ ᠣᠷᠣᠨ ᠨᠢ ᠵᠡᠭᠦᠨᠰᠢ ᠪᠠᠨ ᠰᠠᠶᠢᠬᠠᠨ ᠲᠠᠯ᠎ᠠ ᠠᠮᠢ ᠠᠬᠤᠢ ᠶᠢᠨ ᠬᠦᠷᠢᠶᠡᠯᠡᠩ᠂ ᠡᠮᠦᠨᠡᠰᠢ ᠪᠠᠨ ᠨᠥᠬᠦᠷᠯᠡᠯ ᠶᠡᠭᠡ ᠵᠡᠭᠡᠯᠢ᠂ ᠪᠠᠷᠠᠭᠤᠨᠰᠢ ᠪᠠᠨ ᠦᠨᠳᠦᠰᠦᠲᠡᠨ ᠤ ᠵᠡᠭᠦᠨ ᠵᠠᠮ᠂ ᠤᠮᠠᠷᠠᠰᠢ ᠪᠠᠨ ᠪᠣᠯᠣᠳ ᠲᠡᠮᠦᠷ ᠤᠨ ᠶᠡᠭᠡ ᠵᠡᠭᠡᠯᠢ ᠲᠠᠢ ᠬᠥᠷᠰᠢᠯᠡᠵᠦ᠂ ᠬᠠᠷᠢᠶᠠᠲᠤ ᠣᠷᠣᠨ ᠨᠢ ᠪᠠᠷᠤᠭ 11 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠲᠠᠢ᠂ ᠪᠠᠶᠢᠩᠭᠤ ᠰᠠᠭᠤᠭ᠎ᠠ ᠰᠠᠭᠤᠭᠠᠯᠢ ᠠᠷᠠᠳ 34017 ᠡᠷᠦᠬᠡ᠂ 65029 ᠬᠥᠮᠥᠨ ᠲᠠᠢ᠃      ᠣᠶᠢᠷ᠎ᠠ ᠶᠢᠨ ᠵᠢᠯ ᠳᠤ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠨᠢ ︽ᠨᠠᠮ ᠤᠨ ᠪᠠᠶᠢᠳᠠᠯ ᠲᠦᠮᠡᠨ ᠡᠷᠦᠬᠡ ᠲᠠᠢ ᠵᠠᠯᠭᠠᠯᠳᠤᠬᠤ︾ ᠨᠡᠷᠡᠲᠦ ᠲᠡᠮᠳᠡᠭ ᠤᠨ ᠠᠭᠤᠯᠬᠤᠨ ᠢ ᠲᠠᠰᠤᠷᠠᠯᠲᠠ ᠦᠭᠡᠢ ᠦᠷᠭᠦᠯᠵᠢᠯᠡᠭᠦᠯᠬᠦ ᠪᠠᠷ ᠳᠠᠮᠵᠢᠭᠤᠯᠤᠨ᠂ ︽ᠨᠢᠭᠡ ᠭᠤᠤᠯᠳᠠᠯᠭ᠎ᠠ ᠳᠦᠷᠪᠡᠨ ᠠᠭᠤᠰᠤᠯᠴᠠᠭ᠎ᠠ︾ ᠨᠠᠮ ᠤᠨ ᠪᠠᠶᠢᠭᠤᠯᠤᠯᠲᠠ ᠶᠢᠨ ᠠᠵᠢᠯ ᠤᠨ ᠵᠠᠭᠪᠤᠷ ᠢ ᠪᠠᠶᠢᠭᠤᠯᠵᠤ᠂ ᠲᠤᠬᠠᠶᠢᠯᠠᠪᠠᠯ ᠮᠦᠩᠬᠡᠵᠢᠯ ᠵᠠᠮ ᠤᠨ ᠣᠷᠣᠨ ᠪᠦᠰᠡ ᠶᠢᠨ ᠨᠠᠮ ᠤᠨ ᠠᠵᠢᠯᠯᠠᠬᠤ ᠬᠤᠷᠢᠶ᠎ᠠ ᠪᠠᠷ ᠭᠤᠣᠯ ᠪᠣᠯᠭᠠᠵᠤ᠂ ︽ᠵᠣᠬᠢᠶᠠᠨ ᠪᠠᠶᠢᠭᠤᠯᠤᠯᠲᠠ ᠶᠢ ᠠᠭᠤᠰᠤᠯᠴᠠᠭᠤᠯᠬᠤ᠂ ᠨᠠᠮ ᠤᠨ ᠪᠠᠶᠢᠭᠤᠯᠤᠯᠲᠠ ᠤᠨ ᠡᠬᠢ ᠪᠠᠶᠠᠯᠢᠭ ᠢ ᠠᠭᠤᠰᠤᠯᠴᠠᠭᠤᠯᠬᠤ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠠᠭᠤᠰᠤᠯᠴᠠᠭᠤᠯᠬᠤ᠂ ᠭᠤᠣᠯ ᠰᠡᠳᠦᠪᠲᠦ ᠠᠵᠢᠯᠯᠠᠭ᠎ᠠ ᠶᠢ ᠠᠭᠤᠰᠤᠯᠴᠠᠭᠤᠯᠬᠤ︾ ᠪᠠᠷ ᠭᠠᠷᠳᠠᠴᠠ ᠪᠣᠯᠭᠠᠵᠤ᠂ ᠣᠷᠣᠨ ᠪᠦᠰᠡᠴᠢᠯᠡᠭᠰᠡᠨ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠢ ᠢᠳᠡᠪᠬᠢᠲᠡᠢ ᠥᠷᠨᠢᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠠᠷᠠᠳ ᠤᠨ ᠠᠮᠢᠳᠤᠷᠠᠯ ᠤᠨ ᠠᠵᠢᠯ ᠢ ᠳᠠᠶᠢᠴᠢᠯᠠᠨ ᠲᠠᠰᠤᠷᠠᠯᠲᠠ ᠦᠭᠡᠢ ᠳᠡᠰ ᠳᠡᠪᠰᠢᠭᠦᠯᠵᠦ᠂ ︽ᠲᠦᠮᠡᠨ ᠡᠷᠤᠭᠡ ᠶᠢᠨ ᠰᠡᠳᠬᠢᠯ ᠲᠠᠢ ᠬᠥᠮᠥᠨ︾ ᠪᠤᠯᠬᠤ ᠪᠠᠷ ︵ᠠᠷᠠᠳ ᠤᠨ ᠰᠠᠨᠠᠭ᠎ᠠ ᠶᠢ ᠬᠦᠯᠢᠴᠡᠩᠭᠦᠢ ᠪᠠᠷ ᠰᠣᠨᠣᠰᠳᠠᠭ ᠰᠣᠨᠣᠰᠤᠭᠴᠢ᠂ ᠦᠨᠡᠨ ᠰᠡᠳᠬᠢᠯ ᠠᠴᠠ ᠪᠠᠨ ᠠᠷᠠᠳ ᠤᠨ ᠪᠠᠶᠢᠳᠠᠯ ᠢ ᠣᠶᠢᠯᠠᠭᠠᠳᠠᠭ ᠰᠡᠳᠬᠢᠯ ᠤᠨ ᠬᠥᠮᠥᠨ᠂ ᠠᠷᠠᠳ ᠤᠨ ᠬᠦᠴᠢᠷᠳᠡᠯ ᠢ ᠰᠡᠳᠬᠢᠯ ᠲᠠᠯᠪᠢᠨ ᠠᠷᠢᠯᠭᠠᠳᠠᠭ ᠭᠦᠢᠴᠡᠳᠭᠡᠭᠴᠢ ᠬᠥᠮᠥᠨ︶ ᠠᠵᠢᠯ ᠤᠨ ᠬᠠᠷᠠᠯᠲᠠ ᠪᠠᠨ ᠪᠣᠯᠭᠠᠵᠤ᠂ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠴᠤᠭᠯᠠᠷᠠᠯ ᠤᠨ ᠪᠦᠷᠢᠶ᠎ᠡ ᠶᠢ ᠬᠠᠩᠭᠢᠨᠠᠭᠤᠯᠵᠤ᠂ ᠬᠤᠪᠢᠰᠬᠠᠯ ᠤᠨ ᠭᠤᠣᠯ ᠬᠦᠭ ᠠᠶᠠᠰ ᠢ ᠬᠠᠩᠭᠢᠨᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠳᠤᠮᠳᠠ ᠲᠦᠷᠦᠭᠦᠯᠡᠵᠦ᠂ ᠦᠯᠢᠭᠡᠷ ᠳᠠᠭᠤᠷᠢᠶᠠᠯ ᠪᠣᠯᠵᠤ᠂ ᠤᠯᠠᠨ ᠲᠦᠮᠡᠨ ᠳᠤ ᠦᠢᠯᠡᠴᠢᠯᠡᠬᠦ ᠳᠤᠮᠳᠠ ᠰᠤᠷᠲᠠᠯ ᠢᠶᠠᠨ ᠬᠤᠪᠢᠷᠠᠭᠤᠯᠵᠤ᠂ ᠬᠥᠮᠥᠰ ᠤᠨ ᠰᠡᠳᠬᠢᠯ ᠢ ᠳᠤᠯᠠᠭᠠᠴᠠᠭᠤᠯᠬᠤ ᠶᠢ ᠤᠷᠮᠠᠰᠢᠭᠤᠯᠤᠨ ᠵᠤᠷᠢᠭᠵᠢᠭᠤᠯᠤᠨ᠎ᠠ᠃      【ᠬᠥᠲᠥᠯᠥᠭᠴᠢ】      ᠡᠨᠡ ᠵᠢᠯ ᠠᠴᠠ ᠨᠠᠰᠢ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠦᠢᠯᠡᠴᠢᠯᠡᠭᠡ ᠶᠢ ᠠᠳᠬᠤᠬᠤ᠂ ᠵᠠᠰᠠᠯᠲᠠ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ     ᠵᠠᠩ ᠪᠢᠨ】      ᠨᠢᠭᠡ ᠳᠤ ︽ᠪᠢᠴᠢᠯ ᠪᠣᠳᠠᠲᠤ ᠶᠠᠪᠤᠳᠠᠯ︾ ᠤᠨ ᠠᠷᠠᠳ ᠲᠦᠮᠡᠨ ᠳᠤ ᠦᠢᠯᠡᠴᠢᠯᠡᠬᠦ ᠲᠥᠷᠥᠯ ᠵᠦᠢᠯ ᠢ ᠴᠢᠨᠠᠷ ᠰᠠᠶᠢᠲᠠᠢ ᠠᠬᠢᠭᠤᠯᠤᠨ᠎ᠠ᠃ ᠣᠲᠣ ᠪᠣᠯᠲᠠᠯ᠎ᠠ᠂ 7 ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠪᠢᠴᠢᠯ ᠪᠣᠳᠠᠲᠤ ᠶᠠᠪᠤᠳᠠᠯ ᠤᠨ ᠵᠦᠢᠯᠡᠰ ᠢ ᠨᠢᠭᠡᠨᠲᠡ ᠪᠥᠬᠦ ᠲᠠᠯ᠎ᠠ ᠪᠠᠷ ᠡᠬᠢᠯᠡᠭᠦᠯᠵᠦ᠂ ᠵᠡᠭᠡᠯᠢ ᠭᠤᠳᠤᠮᠵᠢ ᠶᠢᠨ ᠬᠡᠷᠡᠭᠵᠢᠭᠦᠯᠦᠭᠰᠡᠨ ︽ᠲᠦᠮᠡᠨ ᠭᠡᠷ ᠤᠨ ᠬᠡᠷᠡᠯᠳᠦ︾ ᠨᠡᠶᠢᠲᠡ ᠶᠢᠨ ᠠᠰᠠᠷᠠᠮᠵᠢ ᠶᠢᠨ ᠲᠥᠯᠥᠪᠯᠡᠭᠡ ᠶᠢᠨ ᠵᠦᠢᠯᠡᠰ ᠢ ᠣᠶᠢᠷ᠎ᠠ ᠶᠢᠨ ᠬᠤᠭᠤᠴᠠᠭᠠᠨ ᠳᠤ ᠡᠬᠢᠯᠡᠭᠦᠯᠬᠦ ᠪᠣᠯᠣᠨ᠎ᠠ᠃ ᠡᠭᠦᠨ ᠤ ᠬᠠᠮᠲᠤ ᠣᠶᠢᠷ᠎ᠠ ᠶᠢᠨ ᠬᠤᠭᠤᠴᠠᠭᠠᠨ ᠳᠤ ︽ᠬᠦᠷᠭᠡᠭᠴᠢ ᠶᠢ ᠬᠠᠯᠠᠮᠵᠢᠯᠠᠨ ᠬᠠᠶᠢᠷᠠᠯᠠᠬᠤ ᠭᠡᠷ︾ ︽ᠬᠦᠰᠡᠯ ᠵᠡᠭᠦᠳᠦ ᠶᠢᠨ ᠰᠢᠷᠡᠭᠡᠨ ᠤ ᠴᠤᠭᠯᠠᠭᠠᠨ︾ ︽ᠰᠢᠶᠧ ᠡᠷᠬᠢᠯᠡᠭᠴᠢ ᠶᠢᠨ ᠦᠳᠡ ᠶᠢᠨ ᠬᠤᠶᠢᠨᠠᠬᠢ ᠴᠠᠢ︾ ︽ᠲᠠᠪᠤᠨ ᠥᠩᠭᠡᠲᠦ ᠰᠤᠷᠭᠠᠭᠤᠯᠢ︾ ᠵᠡᠷᠭᠡ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ ᠢ ᠪᠣᠶ ᠪᠣᠯᠭᠠᠵᠤ᠂ ︽ᠬᠦᠷᠭᠡᠭᠴᠢ ᠶᠢᠨ ᠠᠮᠤᠷ ᠲᠦᠪᠰᠢᠨ ᠤ ᠬᠥᠮᠦᠵᠢᠯ  ᠪᠤᠯᠪᠠᠰᠤᠷᠠᠯ ᠤᠨ ᠰᠠᠭᠤᠷᠢᠨ ᠭᠠᠵᠠᠷ︾ ᠢ ᠪᠠᠶᠢᠭᠤᠯᠵᠤ᠂ ᠣᠯᠠᠨ ᠵᠦᠢᠯ ᠤᠨ ᠠᠮᠤᠷ ᠲᠦᠪᠰᠢᠨ ᠤ ᠪᠤᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠪᠡ᠃      ᠬᠤᠶᠠᠷ ᠲᠤ ᠣᠯᠠᠨ ᠵᠦᠢᠯ ᠤᠨ ᠵᠠᠭᠪᠤᠷ ᠢᠶᠠᠷ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠴᠡᠭ ᠤᠨ ᠠᠳᠠᠯ ᠠᠬᠤᠢ + ᠵᠠᠭᠪᠤᠷ ᠢ ᠬᠡᠷᠡᠭᠯᠡᠨ᠂ ᠬᠤᠩ ᠿᠦᠨ ᠠᠳᠠᠯ ᠠᠬᠤᠢ ᠶᠢ ᠣᠷᠣᠭᠤᠯᠤᠨ ᠠᠪᠴᠢᠷᠠᠵᠤ ᠭᠡᠷ ᠤᠨ ᠶᠠᠪᠤᠳᠠᠯ᠂ ᠡᠷᠡᠭᠦᠯᠵᠢᠭᠦᠯᠬᠦ ᠪᠠᠷ ᠭᠤᠣᠯ ᠪᠣᠯᠭᠠᠭᠰᠠᠨ ᠴᠦᠨ ᠭᠤᠸᠠᠩ ᠨᠡᠶᠢᠭᠡᠮ ᠲᠣᠭᠤᠷᠢᠭ ᠤᠨ ᠬᠥᠭᠰᠢᠨ ᠵᠠᠯᠠᠭᠤᠴᠤᠳ ᠤᠨ ᠴᠡᠩᠭᠡᠯ ᠤᠨ ᠬᠦᠷᠢᠶᠡᠯᠡᠩ ᠢ ᠪᠠᠶᠢᠭᠤᠯᠤᠨ᠎ᠠ᠃ ᠡᠮᠴᠢᠯᠡᠭᠡ ᠰᠤᠪᠢᠯᠠᠯᠲᠠ + ᠵᠠᠭᠪᠤᠷ ᠢᠶᠠᠷ ᠵᠧᠨ ᠬᠤᠸᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠲᠠᠯ᠎ᠠ ᠨᠤᠲᠤᠭ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠠᠢ ᠬᠤᠯᠪᠤᠭᠠᠯᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠪᠠᠷ ᠭᠤᠣᠯ ᠪᠣᠯᠭᠠᠭᠰᠠᠨ ᠵᠧᠨ ᠬᠤᠸᠠ᠂ ᠲᠠᠯ᠎ᠠ ᠨᠤᠲᠤᠭ ᠬᠥᠭᠰᠢᠨ ᠵᠠᠯᠠᠭᠤᠴᠤᠳ ᠤᠨ ᠴᠡᠩᠭᠡᠯ ᠤᠨ ᠬᠦᠷᠢᠶᠡᠯᠡᠩ ᠢ ᠪᠠᠶᠢᠭᠤᠯᠤᠨ᠎ᠠ︔ ᠳᠡᠭᠡᠷ᠎ᠡ ᠬᠠᠭᠠᠰ ᠵᠢᠯ ᠳᠤ 4 ᠨᠠᠰᠤᠲᠠᠨ ᠵᠠᠯᠠᠭᠤᠴᠤᠳ ᠤᠨ ᠴᠡᠩᠭᠡᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠥᠷᠲᠡᠭᠡ ᠴᠡᠭ ᠢ ᠦᠨᠳᠦᠰᠦᠨ ᠳᠡᠭᠡᠨ ᠪᠦᠷᠬᠦᠭᠦᠯᠬᠦ ᠪᠠᠷ ᠪᠣᠶ᠃      ᠭᠤᠷᠪᠠ ᠳᠤ ︽ᠨᠡᠶᠢᠲᠡᠯᠢᠭ ᠵᠢᠱᠢᠶ᠎ᠡ︾ ᠳᠤ ᠲᠦᠰᠢᠭᠯᠡᠨ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ᠃ ᠵᠠᠩᠭᠢᠯᠠᠭ᠎ᠠ ᠶᠢᠨ ᠺᠠᠳ᠋ᠷ᠂ ᠨᠠᠮ ᠤᠨ ᠬᠤᠷᠢᠶ᠎ᠠ ᠶᠢᠨ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠰᠢᠯᠢᠳᠡᠭ ᠡᠷᠬᠢᠯᠡᠭᠴᠢ ᠶᠢᠨ ᠨᠡᠶᠢᠲᠡᠯᠢᠭ ᠬᠥᠮᠥᠰ ᠤᠨ ᠦᠶᠯᠡ ᠠᠵᠢᠯᠯᠠᠭ᠎ᠠ ᠶᠢ ᠭᠦᠢᠴᠡᠳ ᠢᠯᠡᠷᠡᠭᠦᠯᠵᠦ᠂ ᠸᠢᠴᠠᠲ ᠤᠨ ᠨᠡᠶᠢᠲᠡ ᠶᠢᠨ ᠳ᠋ᠤᠭᠠᠷ᠂ ᠰᠠᠭᠤᠭᠠᠯᠢ ᠠᠷᠠᠳ ᠤᠨ ᠰᠦᠷᠦᠭ ᠲᠤ ᠬᠦᠷᠭᠡᠨ ᠥᠭᠴᠦ᠂ ︽ᠥᠯᠢᠭᠡᠷ ᠳᠠᠭᠤᠷᠢᠶᠠᠯ︾ ᠤᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠎ᠠ᠃      【ᠬᠥᠲᠥᠯᠥᠭᠴᠢ】      ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠲᠠᠯ᠎ᠠ ᠪᠠᠷ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠳᠤ ᠡᠨᠡ ᠵᠢᠯ ᠶᠠᠮᠠᠷ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠶᠢᠬᠤ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ     ᠵᠠᠩ ᠪᠢᠨ】      ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠠᠷᠢᠶ᠎ᠠ ᠣᠷᠣᠨ ᠤ ᠡᠬᠢ ᠪᠠᠶᠠᠯᠢᠭ ᠢ ᠨᠡᠶᠢᠳᠬᠡᠵᠦ᠂ ᠡᠯ᠎ᠡ ᠲᠦᠷᠦᠯ ᠤᠨ ᠲᠤᠰᠬᠠᠢ ᠮᠡᠷᠭᠡᠵᠢᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠣᠷᠣᠭᠤᠯᠤᠨ ᠠᠪᠴᠢᠷᠠᠬᠤ ᠪᠠᠷ ᠳᠠᠮᠵᠢᠭᠤᠯᠵᠤ᠂ ︽ᠲᠦᠮᠡᠨ ᠭᠡᠷ ᠤᠨ ᠬᠡᠷᠡᠯᠳᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠴᠦ᠂ ︽1+8+N︾ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠪᠠ᠃ ᠰᠠᠶᠢᠨ ᠳᠤᠷ᠎ᠠ ᠶᠢᠨ ᠦᠢᠯᠡᠴᠢᠯᠡᠭᠡ ᠶᠢ ᠡᠬᠢᠯᠡᠭᠦᠯᠦᠭᠰᠡᠨ ᠰᠠᠭᠤᠷᠢᠨ ᠳᠡᠭᠡᠷ᠎ᠡ᠂ ᠵᠧᠨ ᠬᠤᠸᠠ ᠨᠡᠶᠢᠭᠡᠮ ᠲᠣᠭᠤᠷᠢᠭ ᠤᠨ ᠰᠢᠨ᠎ᠡ ᠥᠷᠲᠡᠭᠡ ᠳᠤ ᠵᠡᠭᠡᠯᠢ ᠭᠤᠳᠤᠮᠵᠢ ᠶᠢᠨ ᠲᠠᠰ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠪᠠᠶᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠢᠯᠯᠠᠭᠠᠨ ᠢ ᠪᠡᠶᠡᠯᠡᠭᠦᠯᠬᠦ ᠪᠠᠷ ᠪᠣᠶ᠃ ᠡᠨᠡ ᠵᠢᠯ ᠤᠨ ᠳᠣᠲᠣᠷ᠎ᠠ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠤᠷᠢᠳᠠᠪᠠᠷ ᠬᠡᠷᠡᠭᠵᠢᠭᠦᠯᠬᠦ ᠶᠢ ᠪᠡᠶᠡᠯᠡᠭᠦᠯᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠰᠢᠨ᠎ᠡ ᠠᠷᠭ᠎ᠠ ᠵᠠᠮ ᠢ ᠨᠡᠭᠡᠭᠡᠨ᠎ᠡ᠃      【ᠬᠥᠲᠥᠯᠥᠭᠴᠢ】      ᠳᠠᠷᠠᠭᠠᠴᠢ ᠶᠢᠨ ᠠᠯᠬᠤᠮ ᠳᠤ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠶᠡᠷᠦᠩᠬᠡᠢ ᠠᠵᠢᠯ ᠤᠨ ᠰᠡᠳᠬᠢᠴᠡ ᠨᠢ ᠶᠠᠭᠤ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ     ᠵᠠᠩ ᠪᠢᠨ】      ᠳᠠᠷᠠᠭᠠᠴᠢ ᠶᠢᠨ ᠠᠯᠬᠤᠮ ᠳᠤ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠶ᠎ᠠ ᠣᠷᠣᠨ ᠤ ᠳᠣᠲᠣᠷᠠᠬᠢ ᠵᠠᠬ᠎ᠠ ᠳᠡᠯᠭᠡᠭᠦᠷ ᠤᠨ ᠭᠤᠣᠯ ᠴᠣᠭᠴᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠰᠠᠭᠤᠷᠢ ᠵᠠᠰᠠᠯᠲᠠ ᠶᠢᠨ ᠲᠠᠯ᠎ᠠ ᠪᠠᠷ ᠬᠢ ᠭᠤᠷᠪᠠᠨ ᠬᠦᠴᠦᠨ ᠢ ᠵᠡᠷᠭᠡᠪᠡᠷ ᠬᠥᠭᠵᠢᠭᠦᠯᠬᠦ᠂ ᠬᠠᠮᠲᠤᠪᠠᠷ ᠵᠥᠪᠳᠡᠯᠴᠡᠨ ᠬᠠᠮᠲᠤᠪᠠᠷ ᠵᠠᠰᠠᠬᠤ ᠶᠢ ᠠᠬᠢᠭᠤᠯᠬᠤ ᠪᠣᠯᠣᠨ᠎ᠠ᠃ ᠪᠣᠳᠠᠲᠠᠢ ᠠᠵᠢᠯ  ᠢ ᠶᠡᠭᠡ ᠲᠥᠯᠥᠪ ᠬᠤᠷᠢᠶᠠᠩᠭᠤᠶᠢᠯᠠᠪᠠᠯ᠄ ᠨᠢᠭᠡ ᠳᠤ ᠪᠦᠷᠢᠨ ᠲᠡᠭᠦᠯᠳᠡᠷ ᠰᠢᠰᠲ᠋ᠧᠮ ᠲᠠᠢ ᠰᠠᠶᠢᠨ ᠳᠤᠷ᠎ᠠ  ᠶᠢᠨ ᠦᠢᠯᠡᠴᠢᠯᠡᠭᠡᠨ ᠤ ᠡᠩᠨᠡᠭᠡ  ᠶᠢ ᠪᠠᠶᠢᠭᠤᠯᠤᠨ᠎ᠠ︔ ᠬᠤᠶᠠᠷ ᠲᠤ᠂ ᠨᠠᠮ ᠤᠨ ᠪᠠᠶᠢᠭᠤᠯᠤᠯᠲᠠ᠂ ᠨᠡᠶᠢᠭᠡᠮ ᠤᠨ ᠵᠠᠰᠠᠯᠲᠠ ᠶᠢᠨ ᠬᠤᠶᠠᠷ ᠰᠠᠭᠤᠷᠢ ᠶᠢ ᠪᠠᠬᠢᠵᠢᠭᠦᠯᠦᠨ᠎ᠡ︔ ᠭᠤᠷᠪᠠ ᠳᠤ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠭᠤᠷᠪᠠᠨ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ︔ ᠳᠥᠷᠪᠡ ᠳᠤ᠂ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ᠂ ︽ᠬᠠᠭᠠᠰ ᠲᠤᠷᠠᠭᠠᠨ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠡᠯ ᠳ᠋ᠣᠣ ᠸᠠᠨ ᠤ ᠣᠷᠣᠨ ᠪᠦᠰᠡ ᠶᠢ ᠵᠠᠰᠠᠬᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠲᠦᠷᠪᠡᠨ ᠵᠦᠢᠯ ᠤᠨ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号