︽ᠲᠥᠪ ᠤᠨ ᠥᠨᠳᠥᠰᠥᠳᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠬᠤ ᠬᠠᠪᠰᠣᠷᠣᠨ ᠵᠢᠯᠣᠭᠤᠳᠬᠤ ᠣᠩᠰᠢᠬᠤ ᠪᠢᠴᠢᠭ︾᠎ ᠤᠨ ᠲᠣᠰᠬᠠᠢ ᠰᠡᠳᠣᠪᠳᠣ ᠰᠣᠷᠣᠯᠴᠠᠯᠭ᠎ᠠ ᠤᠨ ᠠᠵᠢᠯᠯᠠᠭ᠎ᠠ ᠶᠢ ᠥᠷᠨᠢᠬᠦᠯᠥᠭᠰᠡᠨ ᠨᠢ
ᠨᠡᠶᠢᠲᠡᠯᠡᠭᠰᠡᠨ ᠴᠠᠭ᠄
2023/10/18
      ᠲᠥᠪ ᠤᠨ ᠥᠨᠳᠥᠰᠥᠳᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠣᠨ ᠨᠠᠶᠢᠳᠠᠪᠣᠷᠢᠵᠢᠭᠤᠯᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠣᠬᠠᠭᠤᠯᠭ᠎ᠠ ᠬᠥᠮᠥᠵᠢᠯ ᠤᠨ ᠠᠵᠢᠯ ᠢ ᠥᠷᠭᠦᠯᠵᠢᠯᠡᠨ ᠠᠬᠢᠭᠤᠯᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠬᠤᠳᠠ ᠶᠢᠨ ᠬᠠᠮᠢᠶᠠᠷᠣᠯᠳᠠ ᠶᠢᠨ ᠶᠡᠷᠥᠩᠬᠡᠶᠢᠯᠡᠭᠰᠡᠨ ᠵᠠᠰᠠᠭ ᠵᠠᠬᠢᠷᠭᠠᠨ ᠤ ᠬᠠᠣᠯᠢ ᠭᠡᠷᠡᠭᠵᠢᠬᠦᠯᠬᠦ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠬᠢᠨ ᠡᠯ᠎ᠡ ᠨᠠᠮ ᠤᠨ ᠡᠭᠦᠷ ᠢ ᠵᠣᠬᠢᠶᠠᠨ ᠪᠠᠶᠢᠭᠤᠯᠵᠣ ᠣᠯᠠᠨ ᠵᠥᠢᠯ ᠎ ᠤᠨ ᠭᠡᠯᠪᠡᠷᠢ ᠪᠠᠷ ︽ᠲᠥᠪ ᠤᠨ ᠥᠨᠳᠥᠰᠥᠳᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠬᠤ ᠬᠠᠪᠰᠣᠷᠣᠨ ᠵᠢᠯᠣᠭᠤᠳᠬᠤ ᠣᠩᠰᠢᠬᠤ ᠪᠢᠴᠢᠭ︾᠎ ᠤᠨ ᠲᠣᠰᠬᠠᠢ ᠰᠡᠳᠣᠪᠳᠣ ᠰᠣᠷᠣᠯᠴᠠᠯᠭ᠎ᠠ ᠤᠨ ᠠᠵᠢᠯᠯᠠᠭ᠎ᠠ ᠶᠢ ᠥᠷᠨᠢᠬᠦᠯᠵᠣ᠂ ᠶᠡᠷᠣᠩᠭᠡᠢ ᠱᠥᠵᠢ ᠰᠢ ᠶᠢᠨ ᠫᠢᠩ ᠤᠨ ᠥᠨᠳᠥᠰᠥᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠣᠬᠠᠢ ᠴᠢᠬᠤᠯᠨ ᠥᠵᠡᠯ ᠰᠠᠨᠠᠭ᠎ᠠ ᠶᠢ ᠪᠥᠷᠢᠨ ᠪᠥᠳᠥᠨ ᠣᠨᠣᠪᠴᠢᠳᠠᠢ ᠪᠥᠬᠦ ᠲᠠᠯ᠎ᠠ ᠪᠠᠷ ᠡᠵᠡᠮᠰᠢᠨ᠂ ᠪᠥᠭᠦ ᠲᠣᠪᠴᠢᠶ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ︽ᠲᠥᠷᠪᠡᠨ ᠣᠬᠠᠮᠰᠠᠷ︾᠎ ᠢ ᠲᠠᠰᠣᠷᠠᠯᠳᠠ ᠥᠭᠡᠢ ᠴᠢᠩᠭᠠᠳᠬᠠᠵᠣ᠂ ︽ᠲᠥᠷᠪᠡᠨ ᠢᠳᠡᠭᠡᠯ︾᠎ ᠢ ᠪᠠᠳᠣᠳᠬᠠᠵᠣ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠣ᠂ ᠵᠢᠷᠭᠠᠯ ᠵᠣᠪᠠᠯᠠᠩ ᠢᠶᠠᠨ ᠬᠠᠮᠳᠣᠳᠬᠠᠬᠤ᠂ ᠥᠭᠦᠵᠣ ᠰᠡᠭᠡᠬᠦ ᠪᠠᠨ ᠬᠠᠮᠳᠣᠳᠬᠠᠬᠤ᠂ ᠬᠤᠪᠢ ᠵᠠᠶᠠᠭ᠎ᠠ ᠪᠠᠨ ᠬᠠᠮᠳᠣᠳᠬᠠᠬᠤ ᠬᠠᠮᠳᠣ ᠶᠢᠨ ᠴᠣᠭᠴᠨ ᠶᠢᠨ ᠣᠶᠢᠯᠠᠭᠠᠭᠳᠠᠬᠤᠨ ᠢ ᠪᠠᠳᠣ ᠪᠠᠬᠢ ᠪᠣᠢ ᠪᠣᠯᠭᠠᠵᠣ᠂ ᠰᠢᠨ᠎ᠡ ᠴᠠᠭ ᠥᠶ᠎ᠡ ᠶᠢᠨ ᠨᠠᠮ ᠤᠨ ᠥᠨᠳᠥᠰᠥᠳᠡᠨ ᠤ ᠠᠵᠢᠯ ᠤᠨ ᠴᠢᠨᠠᠷ ᠰᠠᠶᠢᠳᠠᠢ ᠭᠥᠭᠵᠢᠯᠳᠡ ᠶᠢ ᠨᠡᠩ ᠰᠠᠶᠢᠳᠣᠷ ᠠᠬᠢᠭᠤᠯᠪᠠ᠃      ᠲᠣᠭᠤᠷᠢᠭ ᠤᠨ ᠬᠤᠳᠠ ᠶᠢᠨ ᠬᠠᠮᠢᠶᠠᠷᠣᠯᠳᠠ ᠶᠢᠨ ᠶᠡᠷᠥᠩᠬᠡᠶᠢᠯᠡᠭᠰᠡᠨ ᠵᠠᠰᠠᠭ ᠵᠠᠬᠢᠷᠭᠠᠨ ᠤ ᠬᠠᠣᠯᠢ ᠭᠡᠷᠡᠭᠵᠢᠬᠦᠯᠬᠦ ᠲᠣᠪᠴᠢᠶ᠎ᠠ ᠶᠢᠨ ᠬᠢᠨ ᠥᠷᠬᠦᠯᠵᠢᠯᠡᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠪᠠᠷ ᠭᠤᠣᠯ ᠰᠢᠵᠢᠮ ᠪᠣᠯᠭᠠᠵᠣ᠂ ᠬᠤᠳᠠ ᠬᠠᠮᠢᠶᠠᠷᠣᠯᠳᠠ ᠶᠢᠨ ᠶᠡᠷᠥᠩᠬᠡᠶᠢᠯᠡᠭᠰᠡᠨ ᠵᠠᠰᠠᠭ ᠵᠠᠬᠢᠷᠭᠠᠨ ᠤ ᠬᠠᠣᠯᠢ ᠭᠡᠷᠡᠭᠵᠢᠬᠦᠯᠬᠦ ᠠᠵᠢᠯ ᠢ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠲᠠᠢ ᠨᠢᠭᠳᠠ ᠣᠶᠠᠯᠳᠣᠭᠤᠯᠵᠣ᠂ ᠪᠥᠭᠦ ᠲᠣᠪᠴᠢᠶ᠎ᠠ ᠶᠢᠨ ᠨᠠᠮ ᠤᠨ ᠭᠡᠰᠢᠭᠦᠨ ᠵᠢᠴᠢ ᠺᠠᠳ᠋ᠷ ᠠᠵᠢᠯᠳᠡᠨ ᠠᠵᠢᠯᠴᠢᠨ ᠤ ᠥᠨᠳᠥᠰᠥᠳᠡᠨ ᠤ ᠪᠥᠯᠬᠦᠮᠳᠡᠯ ᠤᠨ ᠬᠥᠮᠥᠵᠢᠯ ᠪᠣᠯᠪᠠᠰᠣᠷᠠᠯ ᠢ ᠴᠢᠩᠭᠠᠳᠬᠠᠵᠣ᠂ ᠬᠠᠮᠳᠣ ᠶᠢᠨ ᠲᠠᠨᠢᠯᠳᠠ ᠶᠢ ᠨᠢᠭᠳᠠᠷᠠᠭᠤᠯᠵᠣ᠂ ᠭᠥᠴᠥᠨ ᠴᠢᠳᠠᠯ ᠢᠶᠠᠨ ᠬᠠᠮᠳᠣᠳᠬᠠᠨ ︽ᠲᠣᠯᠣᠭᠠᠨ ᠰᠢᠨ᠎ᠡ ᠴᠢᠩᠱᠠᠨ︾᠎ ᠢ ᠪᠥᠳᠥᠭᠡᠨ ᠪᠠᠶᠢᠭᠤᠯᠬᠤ ᠳᠤ ᠭᠥᠴᠥᠨ ᠴᠢᠳᠠᠯ ᠢᠶᠠᠨ ᠨᠡᠮᠡᠷᠢᠯᠡᠬᠦ ᠪᠣᠯᠣᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号