ᠴᠢᠩᠱᠠᠨ ᠲᠣᠭᠤᠷᠢᠭ ᠤᠨ ᠳᠠᠩᠰᠠ ᠡᠪᠬᠡᠮᠡᠯ ᠤᠨ ᠣᠷᠳᠣᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠭᠤᠴᠢᠨ ᠰᠣᠨᠢᠨ ᠰᠡᠳᠭᠦᠯ ᠤᠨ ᠦᠵᠡᠭᠦᠯᠦᠯᠭᠡ︾᠎ ᠶᠢ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2023/10/19
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠳᠣᠳᠬᠠᠵᠣ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠯ᠎ᠡ ᠵᠦᠢᠯ ᠤᠨ ᠠᠵᠢᠯ ᠢ ᠠᠬᠢᠭᠤᠯᠵᠤ᠂ ᠰᠠᠶᠢᠨ ᠰᠠᠶᠢᠬᠠᠨ ᠦᠨᠳᠦᠰᠦᠲᠡᠨ ᠤ ᠪᠦᠯᠬᠦᠮᠳᠡᠯ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠡ ᠳᠤ᠂ ᠴᠢᠩᠱᠠᠨ ᠲᠣᠭᠤᠷᠢᠭ ᠤᠨ ᠲᠠᠩᠰᠠ ᠡᠪᠬᠡᠮᠡᠯ ᠤᠨ ᠣᠷᠳᠣᠨ ᠪᠥᠬᠦ ᠠᠵᠢᠯᠲᠠᠳ ᠢ ᠵᠣᠬᠢᠶᠠᠨ ᠪᠠᠶᠢᠭᠤᠯᠤᠨ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠭᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠭᠥᠨᠳᠡᠯᠡᠨ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠠᠮᠲᠤᠷᠠᠨ ᠡᠷᠭᠢᠯᠡᠭᠰᠡᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠭᠤᠴᠢᠨ ᠰᠣᠨᠢᠨ ᠰᠡᠳᠬᠦᠯ ᠤᠨ ᠦᠵᠡᠭᠦᠯᠦᠯᠭᠡ︾᠎ ᠶᠢ ᠲᠣᠭᠤᠷᠢᠨ ᠦᠵᠡᠪᠡ᠃      ᠦᠵᠡᠭᠦᠯᠦᠯᠭᠡ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ᠂ ᠴᠢᠩ ᠰᠡᠳᠬᠢᠯ ᠤᠨ ᠬᠦᠰᠡᠯ ᠡᠷᠡᠮᠡᠯᠵᠡᠯ᠂ ᠪᠦᠯᠬᠦᠮᠳᠡᠯ ᠤᠨ ᠰᠠᠶᠢᠬᠠᠨ ᠦᠯᠢᠭᠡᠷ ᠢ ᠦᠶ᠎ᠡ ᠶᠢᠨ ᠦᠶ᠎ᠡ ᠳᠤ ᠣᠯᠠᠮᠵᠢᠯᠠᠬᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠳᠤ ᠲᠡᠯᠡᠷᠬᠠᠨ ᠡᠷᠡᠯᠬᠡᠭᠯᠡᠨ  ᠣᠷᠣᠭᠰᠢᠯᠠᠬᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠴᠦ ᠪᠦᠯᠬᠦᠮᠳᠡᠨ ᠲᠡᠮᠡᠴᠡᠭᠰᠡᠨ ᠦᠯᠢᠭᠡᠷ ᠢ ᠰᠠᠶᠢᠲᠤᠷ ᠶᠠᠷᠢᠬᠤ︾ ᠵᠡᠷᠭᠡ 5 ᠬᠡᠰᠡᠭ ᠢᠶᠠᠷ ᠪᠦᠷᠢᠯᠳᠦᠵᠡᠢ᠃ ᠲᠡᠦᠬᠡ᠂ ᠰᠣᠶᠣᠯ᠂ ᠠᠵᠤ ᠠᠬᠤᠢ ᠵᠡᠷᠭᠡ ᠤᠯᠠᠨ ᠲᠠᠯ᠎ᠠ ᠠᠴᠠ ᠳᠤᠮᠳᠠᠳᠤ ᠶᠢᠨ ᠪᠣᠯᠪᠠᠰᠤᠨ ᠤ ᠲᠠᠰᠤᠷᠠᠯᠲᠠ ᠦᠭᠡᠢ ᠥᠷᠭᠦᠯᠵᠢᠯᠡᠭᠰᠡᠨ ᠲᠡᠦᠬᠡ ᠶᠢᠨ ᠭᠧᠨ᠂ ᠳᠤᠮᠳᠠᠳᠤ ᠶᠢᠨ ᠦᠨᠳᠦᠰᠦᠲᠡᠨ ᠤ ᠨᠢᠭᠳᠠᠷᠠᠨ ᠪᠥᠯᠬᠦᠮᠳᠡᠵᠣ ᠪᠣᠳᠠᠷᠠᠵᠣ ᠰᠠᠷᠨᠢᠬᠤ ᠦᠭᠡᠢ ᠲᠡᠦᠬᠡ ᠶᠢᠨ ᠦᠨᠳᠦᠰᠦ ᠰᠤᠷᠪᠤᠯᠵᠢ ᠪᠠ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠴᠢᠬᠤᠯᠠ ᠦᠵᠡᠯ ᠰᠠᠨᠠᠭ᠎ᠠ ᠪᠠ ᠡᠯᠪᠡᠭ ᠪᠠᠶᠠᠯᠢᠭ ᠦᠢᠯᠡᠳᠦᠯᠭᠡ ᠶᠢ ᠢᠯᠡᠷᠡᠭᠦᠯᠪᠡ᠃      ᠲᠣᠭᠤᠷᠢᠨ ᠦᠵᠡᠭᠰᠡᠳ ᠭᠤᠶᠤ ᠰᠠᠶᠢᠬᠠᠨ ᠦᠵᠡᠭᠦᠯᠭᠡ ᠶᠢᠨ ᠪᠣᠳᠠᠰ᠂ ᠬᠠᠭᠤᠴᠢᠨ ᠰᠣᠨᠢᠨ ᠢ ᠰᠣᠨᠢᠷᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠬᠥᠭᠵᠢᠯᠲᠡ ᠶᠢᠨ ᠲᠡᠦᠬᠡ ᠶᠢ ᠭᠦᠨᠵᠡᠭᠡᠶ ᠮᠡᠳᠡᠷᠡᠵᠣ᠂ ᠥᠷᠭᠡᠨ ᠳᠡᠯᠭᠡᠷ ᠭᠦᠨ ᠭᠦᠨᠵᠡᠭᠡᠶ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠣᠶᠢᠯᠠᠭᠠᠪᠠ᠃ ᠲᠣᠭᠤᠷᠢᠨ ᠶᠠᠪᠣᠴᠨ ᠳᠤ᠂ ᠤᠯᠠᠨ ᠤ ᠤᠯᠤᠰ ᠢᠶᠠᠨ ᠬᠠᠶᠢᠷᠠᠯᠠᠬᠤ ᠰᠡᠳᠬᠢᠯᠭᠡ᠂ ᠦᠨᠳᠦᠰᠦᠲᠡᠨ ᠤ ᠣᠮᠣᠭᠰᠢᠯᠲᠤ ᠰᠡᠳᠬᠢᠯᠭᠡ ᠠᠶᠠᠨᠳᠠᠭᠠᠨ ᠪᠤᠢ ᠪᠤᠯᠵᠤ᠂ ᠲᠤᠰ ᠤᠳᠠᠭ᠎ᠠ ᠶᠢᠨ ᠲᠣᠭᠤᠷᠢᠨ ᠦᠵᠡᠵᠦ ᠰᠤᠷᠤᠯᠴᠠᠬᠤ ᠪᠠᠷ ᠲᠠᠮᠵᠢᠨ᠂ ᠴᠢᠩᠱᠠᠨ ᠲᠣᠭᠤᠷᠢᠭ ᠤᠨ ᠲᠠᠩᠰᠠ ᠡᠪᠬᠡᠮᠡᠯ ᠤᠨ ᠣᠷᠳᠣᠨ ᠤ ᠪᠦᠬᠦ ᠠᠵᠢᠯᠲᠠᠳ ᠶᠡᠷᠦᠩᠬᠡᠢ ᠱᠦᠵᠢ ᠰᠢ ᠶᠢᠨ ᠫᠢᠩ ᠤᠨ ᠬᠡᠯᠡᠭᠰᠡᠨ ︽ᠨᠢᠭᠡ ᠳᠤᠮᠳᠠᠳᠤ ᠤᠯᠤᠰ ᠤᠨ ᠲᠡᠦᠬᠡ ᠪᠣᠯ ᠳᠠᠷᠤᠢ ᠦᠨᠳᠦᠰᠦᠲᠡᠨ ᠨᠦᠭᠦᠳ ᠤᠨ ᠠᠭᠤᠰᠣᠯᠴᠠᠭᠰᠠᠨ ᠤᠯᠠᠨ ᠡᠰᠢᠳᠣ ᠨᠢᠬᠡ ᠴᠣᠭᠴᠠᠵᠢᠭᠰᠠᠨ ᠳᠤᠮᠳᠠᠳᠤ ᠶᠢᠨ ᠦᠨᠳᠦᠰᠦᠲᠡᠨ ᠤ ᠲᠡᠦᠬᠡ᠂ ᠳᠠᠷᠤᠢ ᠦᠨᠳᠦᠰᠦᠲᠡᠨ ᠨᠦᠭᠦᠳ ᠬᠠᠮᠲᠤ ᠪᠠᠷ ᠴᠣᠭᠴᠠᠯᠠᠨ ᠪᠠᠶᠢᠭᠤᠯᠵᠤ᠂ ᠬᠥᠭᠵᠢᠭᠦᠯᠵᠦ᠂ ᠪᠠᠬᠢᠵᠢᠭᠦᠯᠦᠭᠰᠡᠨ ᠠᠭᠤᠤ ᠶᠡᠭᠡ ᠡᠬᠡ ᠤᠯᠤᠰ ᠤᠨ ᠲᠡᠦᠬᠡ ᠮᠥᠨ︾ ᠭᠡᠬᠦ ᠭᠦᠨ ᠤᠳᠬ᠎ᠠ ᠠᠭᠤᠯᠭ᠎ᠠ ᠶᠢ ᠦᠨᠡᠨ ᠬᠦ ᠣᠶᠢᠯᠠᠭᠠᠪᠠ᠃       ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠳᠠᠩᠰᠠ ᠡᠪᠬᠡᠮᠡᠯ ᠤᠨ ᠣᠷᠳᠣᠨ ᠨᠢ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠰᠤᠷᠤᠯᠴᠠᠨ ᠤᠬᠠᠭᠤᠯᠵᠤ᠂ ᠴᠢᠩᠱᠠᠨ ᠲᠣᠭᠤᠷᠢᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠬᠦᠳᠦᠯᠦᠨ ᠵᠢᠯᠣᠭᠤᠳᠴᠤ᠂ ᠦᠨᠳᠦᠰᠦᠲᠡᠨ ᠤ ᠪᠦᠯᠬᠦᠮᠳᠡᠯ ᠤᠨ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠦᠨᠳᠦᠰᠦᠲᠡᠨ ᠤ ᠪᠦᠯᠬᠦᠮᠳᠡᠯ ᠤᠨ ᠢᠳᠡᠪᠬᠢ ᠬᠦᠴᠦᠨ ᠢ ᠤᠯᠠᠮᠵᠢᠯᠠᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠡᠭᠦᠷᠢᠳᠡ ᠳᠡᠯᠭᠡᠷᠡᠭᠦᠯᠬᠦ ᠪᠣᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号