ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠠᠰᠤᠲᠠᠨ ᠢ ᠠᠰᠠᠷᠠᠵᠤ ᠨᠠᠰᠤᠲᠠᠨ ᠢ ᠬᠦᠨᠳᠦᠯᠡᠬᠦ ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2023/10/20
      ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠨᠡᠶᠢᠭᠡᠮ ᠤᠨ ᠪᠣᠯᠪᠠᠰᠤᠨ ᠤ ᠰᠢᠨ᠎ᠡ ᠬᠡᠪ ᠰᠤᠷᠲᠠᠯ ᠢ ᠤᠯᠠᠮ ᠨᠢᠭᠡ ᠠᠯᠬᠤᠮ ᠪᠣᠶ ᠪᠣᠯᠭᠠᠨ᠂ ᠨᠠᠰᠤᠲᠠᠶᠢᠴᠤᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂  ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ 10 ᠰᠠᠷ᠎ᠠ ᠶᠢᠨ 18᠎ ᠤ ᠡᠳᠦᠷ ᠠᠴᠠ 19᠎ ᠤ ᠡᠳᠦᠷ ᠪᠣᠯᠲᠠᠯ᠎ᠠ᠂ ᠎ ᠶᠢᠨ ᠯᠢᠨ ᠨᠡᠶᠢᠭᠡᠮ ᠲᠣᠭᠤᠷᠢᠭ ᠪᠠ ᠤᠰᠤᠲᠤ ᠴᠡᠴᠡᠷᠯᠢᠭ ᠲᠤ ᠨᠠᠰᠤᠲᠠᠨ ᠢᠶᠠᠨ ᠠᠰᠠᠷᠠᠵᠤ ᠨᠠᠰᠤᠲᠠᠨ ᠢᠶᠠᠨ ᠬᠦᠨᠳᠦᠯᠡᠬᠦ ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃        ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠳ ︽ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾ ᠵᠡᠷᠭᠡ ᠤᠬᠠᠭᠤᠯᠭ᠎ᠠ ᠶᠢᠨ ᠭᠠᠷ ᠳᠡᠪᠲᠡᠷ ᠪᠠ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠪᠠᠷ ᠳᠠᠮᠵᠢᠭᠤᠯᠤᠨ᠂ ᠨᠠᠰᠤᠲᠠᠶᠢᠴᠤᠳ ᠤᠨ ᠡᠷᠬᠡ ᠠᠰᠢᠭ ᠢ ᠬᠠᠮᠠᠭᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠤ᠂ ᠡᠭᠦᠨ ᠳᠤ ᠨᠠᠰᠤᠲᠠᠶᠢᠴᠤᠳ ᠤᠨ ᠪᠡᠶ᠎ᠡ ᠶᠢᠨ ᠡᠷᠬᠡ᠂ ᠡᠳ᠋ ᠬᠥᠷᠥᠩᠭᠡ ᠶᠢᠨ ᠡᠷᠬᠡ᠂ ᠣᠷᠣᠰᠢᠨ ᠰᠠᠭᠤᠬᠤ ᠡᠷᠬᠡ᠂ ᠤᠷᠤᠭ ᠤᠨ ᠡᠷᠬᠡ ᠵᠡᠷᠭᠡ ᠪᠠᠭᠲᠠᠨ᠎ᠠ᠃ ᠡᠭᠦᠨ ᠤ ᠬᠠᠮᠲᠤ᠂ ᠠᠵᠢᠯᠲᠠᠳ ᠲᠤᠬᠠᠢ ᠶᠢᠨ ᠲᠠᠯᠠᠪᠤᠷ ᠲᠤ ᠪᠠᠶᠢᠭᠰᠠᠨ ᠨᠠᠰᠤᠲᠠᠶᠢᠴᠤᠳ ᠲᠤ ᠬᠠᠤᠯᠢ ᠴᠠᠭᠠᠵᠠ ᠶᠢᠨ ᠯᠠᠪᠯᠠᠯᠲᠠ ᠶᠢᠨ ᠦᠢᠯᠡᠴᠢᠯᠡᠭᠡ ᠬᠠᠩᠭᠠᠵᠤ᠂ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠨᠠᠰᠤᠲᠠᠶᠢᠴᠤᠳ ᠤᠨ ᠡᠯ᠎ᠡ ᠵᠦᠢᠯ ᠤᠨ ᠰᠡᠵᠢᠭᠯᠡᠯ ᠢ ᠬᠦᠯᠢᠴᠡᠩᠭᠦᠢ ᠪᠠᠷ ᠬᠠᠷᠢᠭᠤᠯᠬᠤ ᠶᠢᠨ ᠬᠠᠮᠲᠤ  ᠪᠣᠳᠠᠲᠤ ᠬᠡᠷᠡᠭᠯᠡᠭᠡᠨ ᠤ ᠬᠠᠤᠯᠢ ᠴᠠᠭᠠᠵᠠ ᠶᠢᠨ ᠰᠠᠨᠠᠭᠤᠯᠭ᠎ᠠ ᠬᠠᠩᠭᠠᠵᠤ᠂ ᠨᠠᠩ ᠣᠯᠠᠨ ᠨᠠᠰᠤᠲᠠᠶᠢᠴᠤᠳ ᠲᠤ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯ ᠲᠣᠰ ᠪᠡᠶ᠎ᠡ ᠶᠢᠨ ᠡᠷᠬᠡ ᠠᠰᠢᠭ ᠢᠶᠠᠨ ᠪᠠᠲᠤᠯᠠᠬᠤ ᠶᠢᠨ ᠴᠢᠬᠤᠯᠠ ᠪᠠᠭᠠᠵᠢ ᠪᠣᠯᠬᠤ ᠮᠥᠷᠲᠡᠭᠡᠨ ᠪᠠᠰᠠ ᠡᠷᠬᠡᠪᠰᠢ ᠵᠢᠷᠤᠮᠯᠠᠬᠤ ᠬᠡᠷᠡᠭᠲᠡᠢ ᠵᠢᠷᠤᠮᠵᠢᠯ ᠮᠥᠨ ᠭᠡᠳᠡᠭ ᠢ ᠲᠠᠨᠢᠭᠤᠯᠤᠭᠰᠠᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠨᠢ ᠨᠠᠰᠤᠲᠠᠶᠢᠴᠤᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠰᠤᠲᠠᠶᠢᠴᠤᠳ ᠢ ᠬᠠᠪᠰᠤᠷᠤᠨ ᠨᠠᠰᠤᠵᠢᠯ ᠤᠨ ᠠᠰᠠᠷᠠᠮᠵᠢ ᠶᠢᠨ ᠠᠰᠠᠭᠤᠳᠠᠯ ᠢ ᠬᠠᠤᠯᠢ ᠶᠣᠰᠣᠭᠠᠷ ᠰᠢᠢᠳᠪᠦᠷᠢᠯᠡᠬᠦ ᠬᠠᠤᠯᠢ ᠪᠠᠷ ᠵᠠᠰᠠᠬᠤ ᠤᠬᠠᠮᠰᠠᠷ ᠢ ᠪᠣᠶ ᠪᠣᠯᠭᠠᠵᠤ᠂ ᠪᠥᠬᠦ ᠨᠡᠶᠢᠭᠡᠮ ᠤᠨ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠶᠢ ᠬᠥᠲᠥᠯᠥᠨ ᠵᠢᠯᠣᠭᠤᠳᠪᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号