ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ︽ᠰᠢᠨ᠎ᠡ ᠭᠡᠷ︾ ᠲᠠᠢ ᠪᠤᠯᠪᠠ
ᠨᠡᠶᠢᠲᠡᠯᠡᠭᠰᠡᠨ ᠴᠠᠭ᠄
2023/10/20
      ᠣᠶᠢᠷ᠎ᠠ ᠳᠤ᠂ ᠸᠠᠨ ᠵᠢᠶᠦ᠋ᠨ ᠨᠡᠶᠢᠭᠡᠮ ᠲᠣᠭᠤᠷᠢᠭ ᠤᠨ ᠬᠢᠨ ᠥᠮᠴᠢᠲᠡᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠢᠳᠡᠪᠬᠢᠲᠡᠢ ᠪᠠᠷ ᠠᠰᠠᠭᠤᠨ ᠯᠠᠪᠯᠠᠵᠤ᠂ ᠵᠢᠵᠢᠭ ᠲᠣᠭᠤᠷᠢᠭ ᠲᠤ ᠴᠠᠬᠢᠯᠭᠠᠨ ᠴᠡᠨᠡᠭᠯᠡᠬᠦ ᠲᠡᠷᠭᠡ ᠵᠣᠭᠰᠤᠭᠠᠬᠤ ᠭᠤᠷᠪᠠᠨ ᠰᠠᠷᠠᠪᠴᠢ ᠥᠷᠭᠡᠳᠬᠡᠨ ᠪᠠᠶᠢᠭᠤᠯᠵᠤ᠂ 235 ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠠᠭᠲᠠᠭᠠᠵᠤ ᠳᠡᠶᠢᠯᠬᠦ ᠪᠣᠯᠭᠠᠵᠠᠢ᠃ ᠴᠠᠬᠢᠯᠭᠠᠨ ᠴᠡᠨᠡᠭᠯᠡᠬᠦ ᠲᠡᠷᠭᠡᠨ ᠤ ᠰᠢᠨ᠎ᠡ ᠰᠠᠷᠠᠪᠴᠢ ᠨᠢ ᠰᠠᠭᠤᠭᠠᠯᠢ ᠠᠷᠠᠳ ᠤᠨ ᠲᠡᠷᠭᠡ ᠵᠣᠭᠰᠤᠭᠠᠬᠤ ᠳᠤ ᠬᠦᠴᠢᠷᠲᠡᠢ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠨᠠᠮᠳᠠᠭᠤᠯᠬᠤ ᠪᠠᠷ ᠪᠠᠷᠠᠬᠤ ᠦᠭᠡᠢ᠂ ᠪᠠᠰᠠ ᠠᠰᠠᠷ ᠤᠨ ᠱᠠᠲᠤ ᠪᠠᠷ ᠥᠩᠭᠡᠷᠡᠬᠦ ᠵᠠᠮ᠂ ᠭᠠᠯ ᠤᠨᠲᠠᠷᠠᠭᠠᠬᠤ ᠵᠠᠮ ᠳᠡᠭᠡᠷ᠎ᠡ ᠵᠣᠭᠰᠣᠵᠤ ᠪᠠᠶᠢᠭ᠎ᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠳᠤ ︽ᠰᠢᠨ᠎ᠡ ᠭᠡᠷ︾ ᠣᠯᠭᠤᠵᠤ᠂ ᠠᠮᠤᠷ ᠲᠦᠪᠰᠢᠨ ᠤ ᠬᠡᠮ ᠰᠣᠭᠤᠭ ᠢ ᠪᠠᠭᠠᠰᠬᠠᠵᠤ ᠴᠢᠳᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号