ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2023 ᠣᠨ ᠤ 22 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/23
      10  ᠰᠠᠷ᠎ᠠ ᠶᠢᠨ 19᠎ ᠤ ᠡᠳᠦᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2023 ᠣᠨ ᠤ 22 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠢ ᠰᠢᠯᠭᠠᠨ ᠦᠨᠡᠯᠡᠵᠦ ᠤᠷᠮᠠᠰᠢᠭᠤᠯᠬᠤ ᠠᠷᠭ᠎ᠠ᠂ ᠡᠳ᠋ ᠤᠨ ᠵᠠᠰᠠᠭ ᠤᠨ ᠨᠡᠶᠢᠲᠡ ᠶᠢᠨ ᠡᠳ᠋ ᠪᠣᠳᠠᠰ ᠤᠨ ᠬᠥᠮᠥᠷᠭᠡ ᠶᠢᠨ ᠬᠠᠮᠢᠶᠠᠷᠤᠯᠲᠠ ᠶᠢᠨ ᠠᠷᠭ᠎ᠠ ᠵᠡᠷᠭᠡ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ ᠎ ᠢ ᠡᠷᠭᠢᠯᠡᠪᠡ᠃      ᠬᠤᠷᠠᠯ ᠠᠴᠠ᠂ ᠨᠡᠶᠢᠭᠡᠮ ᠲᠣᠭᠤᠷᠢᠭ ᠤᠨ ᠠᠵᠢᠯᠲᠠᠨ ᠢ ᠰᠢᠯᠭᠠᠨ ᠦᠨᠡᠯᠡᠬᠦ ᠤᠷᠮᠠᠰᠢᠭᠤᠯᠬᠤ ᠠᠷᠭ᠎ᠠ ᠳᠤ ᠵᠠᠰᠠᠪᠤᠷᠢ ᠣᠷᠣᠭᠤᠯᠬᠤ ᠪᠣᠯ ᠨᠡᠶᠢᠭᠡᠮ ᠤᠨ ᠠᠵᠢᠯᠲᠠᠨ ᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠂ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠢᠳᠡᠪᠬᠢᠵᠢᠯ ᠢ ᠳᠡᠭᠡᠭᠰᠢᠯᠡᠭᠦᠯᠬᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃ ᠬᠤᠷᠠᠯ ᠎ ᠠᠴᠠ᠂ ᠡᠯ᠎ᠡ ᠰᠠᠯᠠᠭ᠎ᠠ ᠮᠥᠴᠢᠷ ᠤᠨ ᠰᠠᠨᠠᠯ ᠎ ᠢ ᠥᠷᠭᠡᠨ ᠎ ᠢᠶᠠᠷ ᠬᠤᠷᠢᠶᠠᠵᠤ᠂ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠎ ᠢ ᠦᠨᠳᠦᠰᠦᠯᠡᠨ ᠤᠷᠮᠠᠰᠢᠭᠤᠯᠬᠤ ᠠᠷᠭ᠎ᠠ ᠳᠤ ᠵᠦᠢ ᠵᠣᠬᠢᠰᠲᠠᠢ ᠵᠠᠰᠠᠪᠤᠷᠢ ᠣᠷᠣᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠳᠣᠲᠣᠭᠠᠳᠤ ᠬᠥᠳᠡᠯᠭᠡᠬᠦ ᠬᠦᠴᠦᠨ ᠎ ᠢ ᠭᠦᠢᠴᠡᠳ ᠬᠥᠭᠵᠢᠭᠡᠬᠦ ᠬᠡᠷᠡᠭᠲᠡᠢ᠃ ᠪᠥᠬᠦ ᠲᠤᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠥᠳᠡᠯᠦᠩᠭᠦᠢ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠦᠷᠭᠦᠯᠵᠢᠯᠡᠨ ᠠᠬᠢᠭᠤᠯᠵᠤ᠂ ᠰᠢᠯᠢᠳᠡᠭ ᠢ ᠰᠢᠯᠭᠠᠷᠠᠭᠤᠯᠬᠤ ᠳᠤ ︽ᠡᠭᠡᠯᠵᠢᠯᠡᠨ ᠡᠷᠬᠡ ᠪᠠᠷᠢᠬᠤ︾ ᠦᠵᠡᠭᠳᠡᠯ ᠢ ᠡᠪᠳᠡᠵᠦ᠂ ᠠᠵᠢᠯ ᠬᠢᠬᠦ ᠳᠤᠷᠠᠲᠠᠢ᠂ ᠠᠵᠢᠯ ᠬᠢᠵᠦ ᠴᠢᠳᠠᠳᠠᠭ᠂ ᠠᠵᠢᠯ ᠬᠢᠵᠦ ᠪᠦᠲᠦᠭᠡᠳᠡᠭ ᠨᠡᠶᠢᠭᠡᠮ ᠲᠣᠭᠤᠷᠢᠭ ᠤᠨ ᠰᠢᠯᠢᠳᠡᠭ ᠠᠵᠢᠯᠲᠠᠨ ᠢ ᠬᠥᠭᠵᠢᠯᠲᠡ ᠶᠢᠨ ᠡᠷᠡᠮᠡᠯᠵᠡᠯ ᠲᠠᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠡᠳ᠋ ᠤᠨ ᠵᠠᠰᠠᠭ ᠤᠨ ᠨᠡᠶᠢᠲᠡ ᠶᠢᠨ ᠪᠣᠳᠠᠰ ᠤᠨ ᠬᠥᠮᠥᠷᠭᠡ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠬᠡᠷᠡᠭᠵᠢᠭᠦᠯᠬᠦ ᠪᠣᠯ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠵᠠᠰᠠᠭ ᠵᠠᠬᠢᠷᠭᠠᠨ ᠤ ᠥᠪᠡᠷ ᠤᠨ ᠦᠷᠳᠡᠭ ᠢ ᠠᠷᠪᠢᠯᠠᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠨᠢᠭᠡᠳᠦᠯᠲᠡᠢ ᠲᠥᠯᠥᠪᠵᠢᠭᠦᠯᠦᠨ ᠠᠷᠢᠯᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃ ᠬᠤᠷᠠᠯ ᠠᠴᠠ᠂ ᠬᠠᠷᠢᠯᠴᠠᠨ ᠬᠠᠮᠵᠢᠯᠴᠠᠬᠤ ᠶᠢ ᠴᠢᠩᠭᠠᠳᠬᠠᠵᠤ᠂ ᠡᠳ᠋ ᠬᠥᠷᠥᠩᠭᠡ ᠶᠢ ᠪᠠᠶᠢᠴᠠᠭᠠᠨ ᠲᠣᠳᠣᠷᠬᠠᠶᠢᠯᠠᠬᠤ ᠠᠵᠢᠯ ᠢ ᠭᠦᠨᠵᠡᠭᠡᠢ ᠥᠷᠨᠢᠭᠦᠯᠵᠦ᠂ ᠲᠤᠰᠢᠶᠠᠬᠤ ᠶᠣᠰᠣᠲᠠᠢ ᠶᠢ ᠨᠢ ᠪᠦᠬᠦᠨ ᠢ ᠲᠤᠰᠢᠶᠠᠬᠤ ᠶᠢ ᠪᠠᠲᠤᠯᠠᠬᠤ ᠬᠡᠷᠡᠭᠲᠡᠢ᠃ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠳᠠᠯᠠᠵᠤ᠂ ᠡᠳ᠋ ᠬᠥᠷᠥᠩᠭᠡ ᠶᠢᠨ ᠣᠷᠴᠢᠯ ᠠᠰᠢᠭᠯᠠᠯᠲᠠ ᠶᠢ ᠴᠢᠨᠠᠷ ᠰᠠᠶᠢᠲᠠᠢ ᠠᠬᠢᠭᠤᠯᠵᠤ᠂ ᠶᠡᠷᠦᠩᠬᠡᠶᠢᠯᠡᠭᠰᠡᠨ ᠦᠷ᠎ᠡ ᠠᠰᠢᠭ ᠢ ᠦᠨᠡᠨᠬᠦ ᠪᠠᠳᠠᠷᠠᠭᠤᠯᠬᠤ ᠬᠡᠷᠡᠭᠲᠡᠢ᠃ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠪᠦᠲᠦᠮᠵᠢᠲᠡᠢ ᠠᠷᠪᠢᠯᠠᠵᠤ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ︽ᠭᠤᠷᠪᠠ ᠶᠢ ᠪᠠᠲᠤᠯᠠᠬᠤ︾ ᠪᠠᠲᠤᠯᠠᠭ᠎ᠠ ᠶᠢᠨ ᠠᠵᠢᠯ ᠳᠤ ᠨᠡᠩ ᠤᠯᠠᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号