ᠴᠢᠩᠱᠠᠨ ᠲᠣᠭᠤᠷᠢᠭ ᠤᠨ ᠬᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/23
      10 ᠰᠠᠷ᠎ᠠ ᠶᠢᠨ 20 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠳ᠋ᠢᠩ ᠺᠠᠢ ᠲᠤᠭᠤᠷᠢᠭ ᠤᠨ ᠨᠠᠮ ᠤᠨ ᠬᠤᠷᠢᠶ᠎ᠠ ᠶᠢᠨ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠵᠤ᠂ ᠪᠥᠬᠦ ᠲᠤᠭᠤᠷᠢᠭ ᠤᠨ ᠭᠤᠣᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠭᠤᠣᠯ ᠰᠡᠳᠦᠪ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠲᠣᠭᠲᠠᠭᠠᠯ ᠤᠨ ᠨᠣᠮ ᠤᠨ ᠭᠠᠷᠴᠠᠭ ᠢ ᠲᠡᠷᠡ ᠬᠡᠪ ᠢᠶᠠᠷ ᠨᠢ ᠰᠤᠷᠤᠯᠴᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠶᠢᠨ ᠬᠠᠮᠤᠭ ᠤᠨ ᠰᠢᠨ᠎ᠡ ᠨᠡᠶᠢᠲᠡᠯᠡᠭᠰᠡᠨ ᠴᠢᠬᠤᠯᠠ ᠶᠠᠷᠢᠶ᠎ᠠ᠂ ᠭᠠᠷᠭᠠᠭᠰᠠᠨ ᠴᠢᠬᠤᠯᠠ ᠵᠢᠭᠠᠪᠤᠷᠢ ᠶᠢ ᠴᠠᠭ ᠲᠤᠬᠠᠢ ᠳᠤᠨᠢ ᠲᠠᠭᠠᠨ ᠰᠤᠷᠤᠯᠴᠠᠵᠤ᠂ ᠶᠡᠷᠦᠩᠬᠡᠢ ᠱᠦᠵᠢ ᠶᠢᠨ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠣᠶᠢᠯᠠᠭᠠᠨ ᠡᠵᠡᠮᠰᠢᠵᠦ᠂ ᠲᠡᠭᠦᠨ ᠳᠤ ᠲᠤᠤᠱᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠤᠨᠢᠨ ᠳᠡᠭᠡᠷ᠎ᠡ ᠨᠢ ᠰᠠᠶᠢᠲᠤᠷ ᠬᠡᠷᠡᠭᠯᠡᠵᠦ᠂ ᠺᠠᠳ᠋ᠷᠴᠤᠳ ᠤᠨ ᠠᠰᠠᠭᠤᠳᠠᠯ ᠢ ᠢᠯᠡᠷᠡᠭᠦᠯᠬᠦ᠂ ᠬᠦᠴᠢᠷ ᠢ ᠰᠢᠢᠳᠪᠦᠷᠢᠯᠡᠬᠦ  ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃      ᠬᠤᠷᠠᠯ ᠠᠴᠠ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠲᠤᠪᠤᠶᠢᠯᠭᠠᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠳᠡᠭᠡᠷ᠎ᠡ ᠢᠯᠡᠷᠡᠭᠦᠯᠬᠦ ᠬᠡᠷᠡᠭᠲᠡᠢ᠃ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠲᠣᠬᠢᠷᠠᠭᠤᠯᠬᠤ᠂ ᠲᠥᠷᠥᠯ ᠵᠦᠢᠯ ᠢ ᠣᠷᠣᠭᠤᠯᠤᠨ ᠠᠪᠴᠢᠷᠠᠵᠤ ᠪᠦᠲᠦᠭᠡᠨ ᠪᠠᠶᠢᠭᠤᠯᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠠᠩ ᠣᠯᠠᠨ ᠰᠢᠨ᠎ᠡ ᠨᠡᠮᠡᠭᠳᠡᠯ ᠤᠨ ᠴᠡᠭ ᠢ ᠦᠷᠭᠦᠯᠵᠢᠯᠡᠨ ᠪᠣᠶ ᠪᠣᠯᠭᠠᠨ᠎ᠠ᠃ ᠬᠤᠳᠠ ᠲᠣᠭᠤᠷᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠤᠮᠠᠷᠠᠲᠤ ᠣᠷᠣᠨ ᠤ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠬᠦ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠤᠨ᠎ᠠ᠃ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ︽ᠰᠢᠢᠳᠪᠦᠷᠢᠯᠡᠬᠦ ᠰᠡᠳᠬᠢᠬᠦᠢ︾ ᠪᠠᠷ ᠲᠦᠭᠵᠢᠮᠡᠯ ᠴᠡᠭ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠨᠠᠪᠲᠠᠷᠡᠭᠦᠯᠵᠦ᠂ ᠰᠤᠯᠠ ᠪᠠᠶᠢᠭ᠎ᠠ ᠡᠬᠢ ᠪᠠᠶᠠᠯᠢᠭ ᠢ ᠠᠮᠢᠯᠠᠭᠤᠯᠵᠤ᠂ ᠬᠥᠭᠵᠢᠯᠲᠡ ᠶᠢᠨ ᠳᠠᠯᠳᠠ ᠬᠦᠴᠦᠨ ᠢ ᠪᠠᠳᠠᠷᠠᠭᠤᠯᠤᠨ᠎ᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠵᠤ᠂ ᠰᠤᠷᠭᠠᠨ ᠬᠥᠮᠦᠵᠢᠯ ᠡᠮ ᠡᠮᠨᠡᠯᠭᠡ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂  ᠰᠠᠭᠤᠭᠠᠯᠢ ᠠᠷᠠᠳ ‍ᠤᠨ‌ᠬᠠᠭᠤᠴᠢᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ᠂ ︽ᠬᠠᠪᠴᠢᠭᠰᠠᠨ ᠭᠡᠷ ᠪᠠᠶᠢᠰᠢᠩ︾ ᠢ ᠥᠭᠡᠷᠡᠴᠢᠯᠡᠨ ᠰᠠᠶᠢᠵᠢᠷᠠᠭᠤᠯᠬᠤ᠂ ᠪᠣᠷᠣᠭᠠᠨ ᠪᠣᠬᠢᠷᠲᠤᠯ ᠢ ᠰᠠᠯᠭᠠᠨ ᠶᠡᠷᠦᠩᠬᠡᠶᠢᠯᠡᠨ ᠵᠠᠰᠠᠬᠤ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠤ ᠴᠢᠬᠤᠯᠠᠴᠢᠯᠠᠪᠠ᠃      ᠬᠤᠷᠠᠯ ᠠᠴᠠ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠬᠦᠴᠦᠲᠡᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠲᠤᠭᠤᠷᠢᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠰᠤᠷᠭᠠᠨ ᠬᠥᠮᠦᠵᠢᠯ ᠤᠨ ᠠᠯᠪᠠᠨ ᠭᠡᠷ ᠨᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠰᠠᠶᠢᠲᠤᠷ ᠬᠢᠵᠦ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠨ᠂ ᠡᠯ᠎ᠡ ᠲᠠᠯ᠎ᠠ ᠶᠢᠨ ᠡᠭᠦᠷᠭᠡ ᠶᠢ ᠰᠤᠷᠤᠯᠴᠠᠬᠤ᠂ ᠰᠤᠳᠤᠯᠬᠤ᠂ ᠪᠠᠶᠢᠴᠠᠭᠠᠬᠤ᠂ ᠥᠭᠡᠷᠡᠴᠢᠯᠡᠬᠦ ᠠᠵᠢᠯ ᠢ ᠪᠣᠳᠠᠲᠠᠢ ᠪᠠᠷ ᠠᠳᠬᠤᠨ ᠨᠠᠷᠢᠨ ᠠᠳᠬᠤᠵᠤ᠂ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号