2023 ᠣᠨ ᠤ ᠭᠤᠷᠪᠠᠳᠤᠭᠠᠷ ᠤᠯᠠᠷᠢᠯ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠮᠠᠭᠤᠳᠠᠯ ᠤᠨ ᠨᠥᠯᠥᠭᠡ ᠠᠴᠠ ᠪᠣᠯᠵᠤ᠂ ᠮᠠᠨ ᠤ ᠲᠤᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠯᠲᠡ ᠶᠢᠨ ᠪᠡᠯᠡ ᠣᠷᠣᠭᠤᠯᠤᠯᠲᠠ ᠶᠢᠨ ᠪᠠᠭᠤᠷᠠᠯᠲᠠ ᠶᠢᠨ ᠬᠡᠮᠵᠢᠶ᠎ᠡ ᠥᠷᠭᠡᠳᠪᠡ᠃ 1—9 ᠳ᠋ᠦ᠋ᠭᠡᠷ ᠰᠠᠷ᠎ᠠ ᠳᠤ | ᠮᠠᠨ ᠤ ᠲᠤᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 20.6% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ | ᠳᠡᠭᠡᠷ᠎ᠡ ᠰᠠᠷ᠎ᠠ ᠶᠢᠨ ᠬᠢ ᠠᠴᠠ 6.4 ᠵᠠᠭᠤᠨ ᠤ ᠨᠢᠭᠡᠴᠢ ᠨᠡᠮᠡᠭᠳᠡᠪᠡ᠃ | ᠪᠦᠷᠢᠯᠳᠦᠭᠦᠨ ᠬᠤᠪᠢᠶᠠᠷᠢ ᠠᠴᠠ ᠨᠢ ᠦᠵᠡᠪᠡᠯ᠂ ᠭᠠᠵᠠᠷ ᠰᠢᠷᠣᠢ ᠶᠢᠨ ᠵᠠᠬ᠎ᠠ ᠳᠡᠯᠭᠡᠭᠦᠷ ᠮᠠᠭᠤᠳᠠᠵᠤ ᠪᠠᠶᠢᠨ᠎ᠠ᠃ | ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠠᠳᠠᠯᠢ ᠬᠤᠭᠤᠴᠠᠭᠠᠨ ᠤ ᠬᠢ ᠠᠴᠠ 39.9% ᠪᠠᠷ ᠨᠡᠮᠡᠭᠳᠡᠵᠦ᠂ ᠲᠦᠷᠦᠭᠦᠸ | ᠰᠠᠷ᠎ᠠ ᠶᠢᠨ ᠬᠢ ᠠᠴᠠ 13.9 ᠵᠠᠭᠤᠨ ᠤ ᠨᠢᠭᠡᠴᠢ ᠪᠠᠭᠤᠷᠠᠪᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ | ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠭᠠᠵᠠᠷ ᠰᠢᠷᠣᠢ ᠬᠤᠳᠠᠯᠳᠤᠨ ᠠᠪᠬᠤ ᠵᠠᠷᠤᠳᠠᠯ 3 | ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 74.4% ᠪᠠᠷ ᠪᠠᠭᠤᠷᠠᠵᠤ᠂ | ᠪᠠᠭᠤᠷᠠᠯᠲᠠ ᠶᠢᠨ ᠬᠡᠮᠵᠢᠶ᠎ᠡ 2.7 ᠵᠠᠭᠤᠨ ᠤ ᠨᠢᠭᠡᠴᠢ ᠥᠷᠭᠡᠳᠴᠦ᠂ ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 34.5 | ᠵᠠᠭᠤᠨ ᠤ ᠨᠢᠭᠡᠴᠢ ᠪᠠᠭᠤᠷᠠᠭᠤᠯᠵᠤ᠂ ᠭᠠᠵᠠᠷ ᠰᠢᠷᠣᠢ ᠬᠤᠳᠠᠯᠳᠤᠨ ᠠᠪᠬᠤ ᠵᠠᠷᠤᠳᠠᠯ ᠤᠨ ᠭᠡᠷ ᠪᠠᠶᠢᠰᠢᠩ ᠭᠠᠵᠠᠷ | ᠰᠢᠷᠣᠢ ᠶᠢᠨ ᠬᠥᠷᠥᠩᠭᠡ ᠶᠢᠨ ᠪᠡᠯᠡ ᠣᠷᠣᠭᠤᠯᠤᠯᠲᠠ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢᠳᠡᠭ | ᠢᠳᠡᠭ ᠢᠶᠠᠷ ᠪᠠᠭᠤᠷᠠᠪᠠ᠃ | ᠲᠦᠷᠦᠯ ᠵᠦᠢᠯ ᠤᠨ ᠬᠡᠷᠡᠭᠴᠡᠭᠡ ᠠᠴᠠ ᠦᠵᠡᠪᠡᠯ᠂ ᠨᠡᠭᠡᠭᠡᠨ ᠬᠥᠭᠵᠢᠭᠦᠯᠬᠦ ᠲᠦᠷᠦᠯ ᠤᠨ ᠪᠡᠯᠡ | ᠣᠷᠣᠭᠤᠯᠤᠯᠲᠠ ᠶᠢᠨ ᠪᠠᠭᠤᠷᠠᠯᠲᠠ ᠶᠢᠨ ᠬᠡᠮᠵᠢᠶ᠎ᠡ ᠨᠡᠯᠢᠶᠡᠳ ᠶᠡᠭᠡ ᠪᠠᠶᠢᠨ᠎ᠠ᠃ 1—9 ᠳ᠋ᠦ᠋ᠭᠡᠷ ᠰᠠᠷ᠎ᠠ ᠳᠤ ᠮᠠᠨ ᠤ | ᠲᠤᠭᠤᠷᠢᠭ ᠤᠨ ᠣᠷᠣᠨ ᠰᠠᠭᠤᠴᠠ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 26.1% ᠪᠠᠷ | ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 5 ᠵᠠᠭᠤᠨ ᠤ ᠨᠢᠭᠡᠴᠢ ᠨᠡᠮᠡᠭᠳᠡᠵᠦ᠂ | ᠣᠷᠣᠨ ᠰᠠᠭᠤᠴᠠ ᠶᠢᠨ ᠲᠥᠷᠥᠯ ᠤᠨ ᠪᠡᠯᠡ ᠣᠷᠣᠭᠤᠯᠤᠯᠲᠠ ᠨᠢ ᠪᠥᠬᠦ ᠨᠡᠭᠡᠭᠡᠨ ᠬᠥᠭᠵᠢᠭᠦᠯᠬᠦ ᠪᠡᠯᠡ | ᠣᠷᠣᠭᠤᠯᠤᠯᠲᠠ ᠶᠢᠨ 75.3% ᠶᠢ ᠡᠵᠡᠯᠡᠪᠡ᠃ ᠣᠷᠣᠨ ᠰᠠᠭᠤᠴᠠ ᠶᠢᠨ ᠪᠤᠰᠤ ᠲᠥᠷᠥᠯ ᠤᠨ ᠪᠡᠯᠡ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 2.8% ᠪᠠᠷ ᠨᠡᠮᠡᠭᠳᠡᠵᠦ᠂ ᠲᠦᠷᠦᠭᠦᠸ ᠰᠠᠷ᠎ᠠ ᠶᠢᠨ ᠬᠢ ᠠᠴᠠ 13.8 ᠵᠠᠭᠤᠨ ᠤ | ᠨᠢᠭᠡᠴᠢ ᠪᠠᠭᠤᠷᠠᠵᠤ᠂ ᠣᠷᠣᠨ ᠰᠠᠭᠤᠴᠠ ᠶᠢᠨ ᠪᠤᠰᠤ ᠲᠥᠷᠥᠯ ᠤᠨ ᠪᠡᠯᠡ ᠣᠷᠣᠭᠤᠯᠤᠯᠲᠠ ᠨᠢ ᠪᠥᠬᠦ ᠨᠡᠭᠡᠭᠡᠨ | ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ 24.7% ᠶᠢ ᠡᠵᠡᠯᠡᠪᠡ᠃ | | | |