ᠨᠢᠭᠡ᠂ 2022 ᠤᠨ ᠤ ᠠᠵᠢᠯ ᠤᠨ ᠡᠷᠭᠢᠴᠡᠭᠦᠯᠦᠯ | ᠦᠩᠭᠡᠷᠡᠭᠰᠡᠨ ᠨᠢᠭᠡ ᠵᠢᠯ ᠪᠤᠯ ᠲᠦᠢᠯ ᠤᠨ ᠶᠡᠷᠦ ᠪᠤᠰᠤ ᠵᠢᠯ ᠪᠤᠯᠤᠨ᠎ᠠ᠃ ᠬᠦᠨᠳᠦ ᠬᠡᠴᠡᠭᠦᠦ ᠨᠠᠷᠢᠨ | ᠪᠤᠳᠤᠯᠢᠶᠠᠨᠲᠠᠢ ᠠᠵᠤ ᠠᠬᠤᠢ ᠶᠢᠨ ᠪᠠᠶᠢᠳᠠᠯ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠰᠢᠯᠭᠠᠯᠲᠠ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠶᠣᠰᠣᠨ ᠤ ᠬᠢᠨᠠᠯᠲᠠ ᠪᠠ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠳᠡᠮᠵᠢᠯᠭᠡ | ᠳᠣᠣᠷ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ | ᠪᠦᠭᠦᠳᠡ ᠬᠤᠷᠠᠯ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ | ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠬᠢᠭᠰᠡᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠪᠠ ᠪᠤᠭᠤᠲᠤ ᠶᠢᠨ ︽ᠨᠢᠭᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ | ᠭᠦᠨᠵᠡᠭᠡᠢ ᠲᠤᠤᠱᠯᠠᠭᠤᠯᠵᠦ᠂ ᠪᠥᠬᠦ ᠲᠤᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ | ᠲᠠᠶᠢᠴᠢᠯᠠᠵᠤ᠂ ᠡᠷᠡᠰ ᠭᠤᠶᠢᠪᠢᠰᠢ ᠦᠭᠡᠢ ᠢᠲᠡᠭᠡᠯ ᠵᠣᠷᠢᠭ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠵᠣᠷᠢᠭ | ᠰᠠᠨᠠᠭ᠎ᠠ ᠶᠢ ᠪᠠᠷᠢᠮᠲᠠᠯᠠᠵᠤ᠂ ᠴᠤᠴᠠᠯᠲᠠ ᠦᠭᠡᠢ ᠤᠷᠤᠭᠰᠢᠯᠠᠬᠤ ᠰᠥᠰᠥ ᠵᠣᠷᠢᠭ ᠢᠶᠠᠷ ︽ᠲᠤᠯᠤᠭᠠᠨ ᠰᠢᠨ᠎ᠡ ᠴᠢᠩᠱᠠᠨ︾ | ᠶᠢ ᠲᠠᠰᠤᠷᠠᠯᠳᠠ ᠦᠭᠡᠢ ᠲᠦᠯᠬᠢᠨ ᠤᠷᠤᠭᠰᠢᠯᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠴᠢᠬᠤᠯᠠ ᠶᠡᠭᠡ ᠦᠷ᠎ᠡ ᠪᠦᠲᠦᠭᠡᠯ ᠣᠯᠪᠠ᠃ ᠵᠢᠱᠢᠯᠲᠡ ᠪᠠᠷ ᠪᠥᠬᠦ | ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ 7.5% ᠣᠷᠴᠢᠮ ᠨᠡᠮᠡᠭᠳᠡᠭᠦᠯᠵᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 28% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠢ 22% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ 10% ᠨᠡᠮᠡᠭᠳᠡᠭᠦᠯᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ | ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ 6% ᠣᠷᠴᠢᠮ ᠨᠡᠮᠡᠭᠳᠡᠭᠦᠯᠦᠨ᠎ᠡ᠃ ᠡᠯ᠎ᠡ ᠵᠦᠢᠯ ᠤᠨ ᠭᠤᠣᠯ | ᠪᠣᠯᠬᠤ ᠠᠵᠤ ᠠᠬᠤᠢ ᠶᠢᠨ ᠭᠦᠢᠴᠡᠳᠬᠡᠬᠦ ᠲᠤᠭ᠎ᠠ ᠴᠥᠮ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠪᠠ᠃ ᠪᠦᠬᠦ | ᠲᠤᠭᠤᠷᠢᠭ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠥᠪᠡᠷᠲᠡᠭᠡᠨ ᠵᠠᠰᠠᠬᠤ ᠣᠷᠣᠨ ᠤ ᠡᠮᠦᠨ᠎ᠡ ᠵᠢᠷᠭᠤᠳᠤᠭᠠᠷ ᠲᠤ | ᠣᠷᠣᠵᠤ᠂ 2022 ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠣᠷᠣᠨ ᠤ ᠳᠥᠴᠢᠳᠦᠭᠡᠷ ᠲᠤ | ᠵᠢᠭᠰᠠᠭᠠᠭᠳᠠᠪᠠ᠃ | ︵ᠨᠢᠭᠡ︶ ᠰᠢᠨ᠎ᠡ ᠶᠢ ᠰᠦᠪᠡᠭᠴᠢᠯᠡᠨ ᠬᠤᠪᠢᠷᠠᠯᠲᠠ ᠶᠢ ᠡᠷᠢᠯᠬᠢᠯᠡᠵᠦ᠂ ᠬᠦᠴᠦᠨ ᠢ ᠲᠥᠪᠯᠡᠷᠡᠭᠦᠯᠦᠨ | ᠴᠢᠳᠠᠪᠤᠷᠢ ᠶᠢ ᠣᠯᠭᠤᠵᠤ᠂ ᠠᠵᠤ ᠠᠬᠤᠢ ᠶᠢᠨ ᠬᠥᠭᠵᠢᠯᠲᠡ ᠰᠢᠨ᠎ᠡ ᠠᠮᠵᠢᠯᠲᠠ ᠪᠦᠲᠦᠮᠵᠢ ᠣᠯᠪᠠ | ᠳᠠᠪᠠᠭᠤᠯᠢᠭ ᠠᠵᠤ ᠦᠢᠯᠡᠰ ᠪᠦᠭᠡᠮᠨᠡᠷᠡᠨ ᠲᠦᠪᠯᠡᠷᠡᠪᠡ᠃ ᠬᠡᠷᠡᠯ ᠴᠡᠨᠡᠭ ᠤᠨ ᠠᠵᠤ ᠦᠢᠯᠡᠰ ᠢ ᠭᠦᠢᠴᠡᠳ | ᠬᠤᠷᠠᠮᠳᠤᠭᠤᠯᠵᠦ᠂ ᠠᠲ᠋ᠧᠰ ᠤᠨ ᠬᠤᠶᠠᠳᠤᠭᠠᠷ ᠬᠤᠭᠤᠴᠠᠭ᠎ᠠ᠂ ᠬᠤᠩ ᠶᠤᠸᠠᠨ ᠭᠤᠷᠪᠠᠳᠤᠭᠠᠷ ᠬᠤᠭᠤᠴᠠᠭ᠎ᠠ | ᠤᠷᠤᠭᠰᠢᠲᠠᠢ ᠪᠠᠷ ᠠᠰᠢᠭᠯᠠᠯᠲᠠ ᠳᠤ ᠣᠷᠣᠵᠤ᠂ ᠢ ᠺᠧ ᠪᠦᠳᠦᠭᠦᠯᠢᠭ ᠠᠷᠭᠤᠨ ᠤ ᠰᠡᠭᠦᠯ ᠤᠨ ᠬᠡᠢ ᠶᠢ ᠬᠤᠷᠢᠶᠠᠨ | ᠠᠪᠴᠤ ᠴᠡᠪᠡᠷᠰᠢᠭᠦᠯᠦᠨ ᠳᠠᠬᠢᠨ ᠠᠰᠢᠭᠯᠠᠬᠤ᠂ ᠪᠠᠢ ᠲᠧ ᠥᠨᠳᠥᠷ ᠴᠢᠳᠠᠮᠵᠢᠲᠤ ᠨᠡᠭᠦᠷᠡᠰᠦᠨ ᠰᠢᠷᠬᠡᠭ᠂ ᠵᠢᠩ ᠤᠣ | ᠥᠭᠡᠬᠦᠨ ᠴᠢᠯᠠᠭᠤᠨ ᠬᠠᠶᠢᠯᠤᠭᠤᠷ ᠵᠡᠷᠭᠡ 6 ᠢᠵᠢ ᠪᠦᠷᠢᠳᠦᠭᠦᠯᠬᠦ ᠲᠥᠷᠥᠯ ᠵᠦᠢᠯ ᠢ ᠵᠠᠯᠭᠠᠭ᠎ᠠ ᠪᠠᠷ ᠳᠠᠭᠤᠰᠬᠠᠵᠤ᠂ | ᠲᠠᠩ ᠲᠠᠯᠠᠰᠲᠤ ᠣᠯᠠᠨ ᠲᠠᠯᠠᠰᠲᠤ᠂ ᠬᠡᠷᠴᠢᠮᠡᠯ ᠤᠨ ᠦᠢᠯᠡᠳᠪᠦᠷᠢᠯᠡᠬᠦ ᠴᠢᠳᠠᠪᠤᠷᠢ ᠲᠣᠰ ᠲᠣᠰ 45GW᠂ | 20GW ᠳᠤ ᠬᠦᠷᠴᠦ᠂ ᠬᠡᠷᠡᠯ ᠴᠡᠨᠡᠭ ᠤᠨ ᠦᠢᠯᠡᠳᠬᠦᠨ ᠤ ᠥᠷᠲᠡᠭ ᠨᠢ ᠲᠤᠨᠤᠭ ᠲᠦᠭᠦᠭᠡᠷᠦᠮᠵᠢ ᠦᠢᠯᠡᠳᠬᠦ | ᠬᠦᠷᠢᠶᠡᠯᠡᠩ ᠲᠣᠭᠤᠷᠢᠭ ᠤᠨ ᠦᠢᠯᠡᠳᠬᠦᠨ ᠤ ᠪᠥᠬᠦ ᠥᠷᠲᠡᠭ ᠤᠨ 45% ᠶᠢ ᠡᠵᠡᠯᠡᠵᠦ᠂ ᠪᠥᠬᠦ ᠤᠯᠤᠰ ᠤᠨ | ᠨᠡᠷᠡᠨ ᠤ ᠡᠨᠧᠷᠭᠢ ᠶᠢᠨ ᠬᠡᠷᠡᠯ ᠴᠡᠨᠡᠭ ᠤᠨ ᠠᠵᠤ ᠦᠢᠯᠡᠰ ᠤᠨ ᠴᠢᠬᠤᠯᠠ ᠰᠠᠭᠤᠷᠢᠨ ᠭᠠᠵᠠᠷ ᠪᠣᠯᠤᠭᠰᠠᠨ ᠪᠠᠶᠢᠨ᠎ᠠ᠃ | ᠤᠯᠠᠮᠵᠢᠯᠠᠯᠲᠤ ᠠᠵᠤ ᠦᠢᠯᠡᠰ ᠥᠷᠢᠰᠦᠯᠳᠦᠨ ᠬᠥᠭᠵᠢᠵᠦ᠂ ᠣᠶᠤᠨᠲᠤ ᠦᠢᠯᠡᠳᠪᠦᠷᠢ᠂ ᠣᠶᠤᠨᠲᠤ ᠦᠢᠯᠡᠳᠪᠦᠷᠢ ᠶᠢᠨ | ᠲᠠᠰᠤᠭ᠂ ᠣᠶᠤᠨᠲᠤ ᠦᠢᠯᠡᠳᠪᠦᠷᠢᠯᠡᠯ ᠤᠨ ᠱᠤᠭᠤᠮ ᠢ ᠥᠭᠡᠷᠡᠴᠢᠯᠡᠬᠦ 10 ᠲᠥᠷᠥᠯ ᠵᠦᠢᠯ ᠢ ᠬᠡᠷᠡᠭᠵᠢᠭᠦᠯᠵᠦ᠂ ᠪᠧᠢ | ᠪᠧᠨ ᠬᠦᠨᠳᠦ ᠮᠠᠰᠢᠨ ᠲᠡᠷᠭᠡᠨ ᠤ 105T ᠴᠡᠪᠡᠷ ᠴᠠᠬᠢᠯᠭᠠᠨ ᠬᠥᠳᠡᠯᠭᠡᠭᠦᠷᠲᠦ ᠠᠭᠤᠷᠬᠠᠢ ᠶᠢᠨ ᠺᠠᠷᠲ ᠮᠠᠰᠢᠨ ᠢ | ᠵᠢᠩᠬᠢᠨᠢ ᠪᠠᠷ ᠦᠢᠯᠡᠳᠪᠦᠷᠢᠯᠡᠯ ᠤᠨ ᠱᠤᠭᠤᠮ ᠠᠴᠠ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ | ᠢᠵᠢ L4 ᠲᠠᠰ ᠤᠨ ᠵᠢᠯᠣᠭᠤᠴᠢ ᠦᠭᠡᠢ ᠣᠶᠤᠨᠲᠤ ᠴᠢᠩᠭᠡᠯᠢᠭ ᠠᠴᠢᠶᠠᠨ ᠤ ᠮᠠᠰᠢᠨ ᠲᠡᠷᠭᠡ ᠶᠢ ᠠᠰᠢᠭᠯᠠᠯᠲᠠ ᠳᠤ | ᠣᠷᠣᠭᠤᠯᠪᠠ᠃ ᠡᠮᠦᠨᠡᠲᠦ ᠥᠨᠳᠥᠷ ᠰᠢᠳᠦᠲᠦ ᠰᠠᠯᠬᠢᠨ ᠬᠦᠴᠦᠨ ᠤ ᠴᠠᠬᠢᠯᠭᠠᠨ ᠤ ᠠᠷᠠᠭᠠᠲᠤ ᠬᠦᠷᠳᠦᠨ ᠤ | ᠬᠠᠶᠢᠷᠴᠠᠭ ᠤᠨ ᠬᠤᠶᠠᠳᠤᠭᠠᠷ ᠬᠤᠭᠤᠴᠠᠭᠠᠨ ᠤ ᠵᠠᠩᠭᠢᠯᠠᠭ᠎ᠠ ᠶᠢᠨ ᠲᠣᠨᠤᠭ ᠢ ᠤᠯᠤᠰ ᠲᠠᠭᠠᠨ ᠦᠢᠯᠡᠳᠪᠦᠷᠢᠯᠡᠬᠦ ᠶᠢ | ᠪᠡᠶᠡᠯᠡᠭᠦᠯᠪᠡ᠃ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢᠨ ᠬᠦᠴᠦᠨ ᠢ ᠬᠤᠷᠠᠮᠳᠤᠭᠤᠯᠵᠤ᠂ | ᠶᠡᠷᠦᠩᠬᠡᠢ ᠪᠡᠯᠡ ᠣᠷᠣᠭᠤᠯᠤᠯᠲᠠ ᠨᠢ 12.6 ᠳ᠋ᠦᠩᠰᠢᠭᠤᠷ ᠲᠥᠭᠦᠷᠢᠭ ᠲᠤ ᠬᠦᠷᠦᠭᠰᠡᠨᠱᠠᠨ ᠱᠠᠨ ᠬᠤᠶᠠᠳᠤᠭᠠᠷ | ᠬᠤᠭᠤᠴᠠᠭᠠᠨ ᠤ ᠪᠦᠲᠦᠭᠡᠨ ᠪᠠᠶᠢᠭᠤᠯᠤᠯᠲᠠ ᠠᠰᠢᠭᠯᠠᠯᠲᠠ ᠳᠤ ᠣᠷᠣᠵᠤ᠂ ᠪᠦᠬᠦ ᠳᠡᠯᠡᠬᠡᠢ ᠶᠢᠨ ᠬᠡᠪᠴᠢᠶ᠎ᠡ ᠪᠠᠷ | ᠬᠠᠮᠤᠭ ᠤᠨ ᠶᠡᠭᠡ᠂ ᠭᠠᠷ ᠤᠷᠠᠯᠠᠯ ᠤᠨ ᠮᠡᠷᠭᠡᠵᠢᠯ ᠢᠶᠠᠷ ᠬᠠᠮᠤᠭ ᠤᠨ ᠳᠠᠪᠰᠢᠩᠭᠤᠢ᠂ ᠣᠶᠤᠨᠴᠢᠯᠠᠭᠰᠠᠨ ᠬᠡᠮᠵᠢᠶ᠎ᠡ ᠪᠠᠷ | ᠬᠠᠮᠤᠭ ᠤᠨ ᠥᠨᠳᠥᠷ ᠯᠢᠲ᠋ᠢ ᠴᠠᠬᠢᠯᠭᠠᠨ ᠴᠡᠨᠡᠭ ᠤᠨ ᠪᠢᠯᠢᠭ ᠲᠤᠶᠢᠯ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ | ᠰᠠᠭᠤᠷᠢᠨ ᠭᠠᠵᠠᠷ ᠪᠣᠯᠵᠠᠢ᠃ ᠨᠡᠶᠢᠲᠡ 16 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠴᠢᠶᠠᠨ ᠶᠦᠨ | ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ᠤ ᠠᠷᠭ᠎ᠠ ᠲᠤᠶᠢᠯ ᠤᠨ ᠮᠠᠲ᠋ᠧᠷᠢᠶᠠᠯ ᠤᠨ ᠲᠥᠷᠥᠯ ᠵᠦᠢᠯ ᠤᠨ ᠰᠠᠭᠤᠷᠢ | ᠪᠠᠷᠢᠯᠭ᠎ᠠ ᠶᠢᠨ ᠠᠵᠢᠯ ᠢ ᠳᠠᠭᠤᠰᠬᠠᠪᠠ᠃ ᠳᠤᠮᠳᠠᠲᠦ ᠶᠢᠨ ᠴᠥᠮ᠎ᠡ ᠶᠢᠨ ᠳᠠᠷᠤᠯᠲᠠᠲᠤ ᠤᠰᠦᠠ ᠤ ᠵᠤᠤᠬ᠎ᠠ ᠶᠢᠨ | 400 ᠲᠣᠨ ᠴᠥᠮ᠎ᠡ ᠶᠢᠨ ᠴᠠᠬᠢᠯᠭᠠᠨ ᠤ ᠲᠦᠯᠡᠰᠢ ᠶᠢᠨ ᠲᠤᠨᠤᠬ ᠰᠡᠯᠪᠢᠭᠡᠰᠦ ᠶᠢᠨ ᠡᠨᠧᠷᠭᠢ ᠶᠢ ᠥᠷᠭᠡᠳᠬᠡᠬᠦ᠂ | ᠳᠤᠮᠳᠠᠲᠦ ᠶᠢᠨ ᠴᠥᠮ᠎ᠡ ᠶᠢᠨ ᠥᠨᠳᠥᠷ ᠳᠤᠯᠠᠭᠠᠨ ᠳᠤ ᠬᠡᠢ ᠬᠥᠷᠥᠭᠡᠯᠲᠡ ᠶᠢᠨ ᠵᠤᠤᠬ᠎ᠠ ᠵᠡᠷᠭᠡ ᠲᠦᠷᠦᠯ | ᠵᠦᠢᠯ ᠠᠰᠢᠭᠯᠯᠠᠲᠠ ᠳᠤ ᠤᠷᠤᠵᠦ ᠦᠷ᠎ᠡ ᠪᠦᠲᠦᠮᠵᠢ ᠤᠯᠪᠠ᠃ ᠱᠧᠨ ᠵᠢᠤᠸᠠᠨ ᠰᠢᠨᠵᠢᠯᠡᠬᠦ ᠤᠬᠠᠭᠠᠨ ᠮᠡᠷᠭᠡᠵᠢᠯ | ᠪᠥᠬᠦ ᠬᠤᠲᠠ ᠶᠢᠨ ᠠᠩᠬᠠᠳᠠᠭᠴᠢ ᠠᠵᠤ ᠦᠢᠯᠡᠳᠪᠦᠷᠢ ᠶᠢᠨ ᠬᠡᠷᠡᠭᠯᠡᠭᠡᠨ ᠤ ᠵᠦᠢᠯ ᠤᠨ ᠲᠣᠭᠠᠴᠢᠯᠠᠭᠰᠠᠨ | ᠬᠥᠮᠥᠷᠭᠡ ᠶᠢ ᠪᠠᠶᠢᠭᠤᠯᠪᠠ᠃ ᠬᠦᠷᠢᠶᠡᠯᠡᠩ ᠲᠣᠭᠤᠷᠢᠭ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ | ᠬᠥᠭᠵᠢᠯᠲᠡ ᠶᠢᠨ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠦᠨᠡᠯᠡᠭᠳᠡᠪᠡ᠃ | ᠭᠤᠷᠪᠠᠳᠤᠭᠠᠷ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠪᠡ᠃ ᠬᠡᠷᠡᠭᠯᠡᠭᠡᠨ ᠤ ᠴᠢᠳᠠᠪᠤᠷᠢ ᠶᠢᠨ | ᠬᠥᠲᠥᠯᠥᠮᠵᠢ ᠲᠣᠪᠣᠶᠢᠮ᠎ᠠ ᠪᠠᠶᠢᠵᠤ᠂ ᠸᠠᠨ ᠳ᠋ᠠ ᠲᠠᠯᠠᠪᠠᠶ᠂ ᠬᠤᠸᠠ ᠯᠢᠶᠠᠨ ᠬᠤᠳᠠᠯᠳᠤᠭᠠᠨ ᠤ ᠲᠥᠪ᠂ ᠶᠦᠩ ᠱᠧᠩ | ᠴᠧᠩ ᠬᠡᠲᠦ ᠳᠡᠯᠭᠡᠭᠦᠷ ᠵᠡᠷᠭᠡ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ ᠡᠯ᠎ᠡ ᠲᠥᠷᠥᠯ ᠤᠨ | ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 380 ᠤᠳᠠᠭ᠎ᠠ ᠥᠷᠨᠢᠭᠦᠯᠵᠦ᠂ ᠡᠵᠡᠩᠨᠡᠯᠲᠡ ᠶᠢᠨ ᠣᠷᠣᠯᠭ᠎ᠠ ᠨᠡᠶᠢᠲᠡ | 36.7 ᠳ᠋ᠦᠩᠰᠢᠭᠤᠷ ᠲᠥᠭᠦᠷᠢᠭ ᠢ ᠳᠠᠪᠠᠪᠠ᠃ ᠬᠤᠷᠠᠯ ᠦᠵᠡᠰᠬᠦᠯᠡᠩ ᠤᠨ ᠲᠥᠪ᠂ ᠪᠤᠭᠤᠲᠤ ᠶᠢᠨ ᠲᠣᠮᠣ | ᠵᠦᠴᠦᠭᠡ ᠶᠢᠨ ᠬᠦᠷᠢᠶᠡᠯᠡᠩ ᠤᠨ ᠬᠢᠨ ᠡᠯ᠎ᠡ ᠲᠦᠷᠦᠯ ᠤᠨ ᠲᠣᠮᠣ ᠬᠡᠯᠪᠡᠷᠢ ᠶᠢᠨ ᠦᠵᠡᠰᠬᠦᠯᠡᠩ᠂ ᠳᠡᠭᠡᠳᠦ ᠲᠡᠰ ᠤᠨ | ᠲᠣᠭᠯᠠᠯᠲᠠ ᠶᠢ ᠨᠡᠶᠢᠳᠡ 155 ᠤᠳᠠᠭ᠎ᠠ ᠡᠷᠬᠢᠯᠡᠵᠦ᠂ ᠠᠷᠠᠯᠵᠢᠶ᠎ᠠ ᠪᠦᠲᠦᠭᠰᠡᠨ ᠬᠡᠮᠵᠢᠶ᠎ᠡ ᠨᠢ 26.6 ᠳ᠋ᠦᠩᠰᠢᠭᠤᠷ | ᠲᠥᠭᠦᠷᠢᠭ ᠲᠤ ᠬᠦᠷᠴᠡᠢ᠃ ᠮᠥᠩᠭᠦᠨ ᠭᠦᠢᠯᠭᠡᠭᠡᠨ ᠤ ᠲᠥᠪ ᠤᠨ ᠴᠢᠳᠠᠪᠦᠷᠢ ᠶᠢᠨ ᠲᠠᠰ ᠢ ᠦᠷᠭᠦᠯᠵᠢᠯᠡᠨ | ᠳᠡᠭᠡᠭᠰᠢᠯᠡᠭᠦᠯᠵᠦ᠂ ᠫᠢᠩ ᠠᠨ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ ᠡᠵᠡᠩᠨᠡᠯᠲᠡ ᠳᠤ ᠣᠷᠣᠵᠤ᠂ ᠪᠥᠬᠦ | ᠲᠤᠭᠤᠷᠢᠭ ᠤᠨ 64 ᠮᠥᠩᠭᠦᠨ ᠭᠦᠢᠯᠭᠡᠭᠡᠨ ᠤ ᠳᠠᠭᠠᠳᠬᠠᠯ ᠤᠨ ᠪᠠᠶᠢᠭᠤᠯᠤᠮᠵᠢ ᠶᠢᠨ ᠡᠵᠡᠩᠨᠡᠯᠲᠡ ᠶᠢᠨ ᠣᠷᠣᠯᠭ᠎ᠠ | 200 ᠳ᠋ᠦᠩᠰᠢᠭᠤᠷ ᠲᠥᠭᠦᠷᠢᠭ ᠢ ᠳᠠᠪᠠᠵᠤ᠂ 285 ᠠᠵᠤ ᠠᠬᠤᠶᠢᠯᠠᠯ ᠤᠨ ᠡᠬᠡ ᠬᠦᠦ ᠶᠢ ᠪᠤᠴᠠᠭᠠᠬᠤ | ᠬᠤᠭᠤᠴᠠᠭ᠎ᠠ ᠶᠢ 9.64 ᠳ᠋ᠦᠩᠰᠢᠭᠤᠷ ᠲᠥᠭᠦᠷᠢᠭ ᠤᠷᠲᠤᠳᠬᠠᠵᠤ᠂ ᠪᠣᠳᠠᠲᠤ ᠴᠣᠭᠴᠠ ᠶᠢᠨ ᠠᠵᠤ ᠠᠬᠤᠢ ᠶᠢ | ᠬᠦᠴᠦᠲᠡᠢ ᠳᠡᠮᠵᠢᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠥᠷᠨᠢᠩᠭᠦᠢ ᠬᠥᠭᠵᠢᠵᠦ᠂ ᠴᠢᠶᠠᠨ ᠽᠢ ᠸᠠᠨ ᠬᠤᠩ᠂ | ᠶᠦᠩ ᠱᠧᠩ ᠴᠧᠩ᠂ ᠪᠢᠴᠢᠬᠠᠨ ᠰᠡᠭᠦᠯᠲᠦ ᠬᠤᠨᠢ ᠵᠡᠷᠭᠡ 13 ᠭᠤᠣᠯᠳᠠᠯᠭ᠎ᠠ ᠲᠠᠢ ᠠᠵᠤ ᠠᠬᠤᠶᠢᠯᠠᠯ ᠤᠨ | ᠰᠦᠯᠵᠢᠶᠡᠨ ᠳᠡᠭᠡᠷᠡᠬᠢ ᠠᠷᠠᠯᠵᠢᠶᠠᠨ ᠤ ᠲᠤᠭ᠎ᠠ 4.7 ᠳ᠋ᠦᠩᠰᠢᠭᠤᠷ ᠲᠥᠭᠦᠷᠢᠭ ᠲᠤ ᠬᠥᠷᠪᠡ᠃ ᠠᠩᠬᠠᠨ ᠤ | ᠳᠡᠯᠭᠡᠭᠦᠷ ᠤᠨ ᠠᠵᠤ ᠠᠬᠤᠢ ᠶᠢᠨ ᠪᠠᠶᠢᠳᠠᠯ ᠬᠦᠴᠦᠲᠡᠢ ᠪᠠᠶᠢᠵᠤ᠂ ︽ᠴᠢᠩᠱᠠᠨ ᠰᠠᠭᠤᠭᠳᠠᠯ︾ ᠢᠶᠠᠷ ᠭᠤᠣᠯ ᠰᠡᠳᠦᠪ | ᠪᠣᠯᠭᠠᠭᠰᠠᠨ ᠵᠧᠩ ᠰᠢᠶᠠᠩ ᠰᠥᠨᠢ ᠶᠢᠨ ᠠᠵᠤ ᠠᠬᠤᠢ ᠶᠢᠨ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ ᠢ | ᠪᠠᠶᠢᠭᠤᠯᠵᠤ᠂ ᠪᠥᠬᠦ ᠬᠤᠲᠠ ᠶᠢᠨ ᠠᠩᠬᠠᠳᠠᠭᠴᠢ ᠲᠣᠮᠣ ᠬᠡᠯᠪᠡᠷᠢ ᠶᠢᠨ ᠠᠰᠠᠷ ᠤᠨ ᠳ᠋ᠧᠩ ᠤᠨ ᠬᠡᠷᠡᠯ ᠤᠨ | ᠦᠵᠡᠰᠬᠦᠯᠡᠩ ᠢ ᠪᠣᠶ ᠪᠣᠯᠭᠠᠵᠤ᠂ ᠪᠥᠬᠦ ᠤᠯᠤᠰ ᠤᠨ ᠠᠷᠪᠠᠨ ᠬᠤᠶᠠᠳᠤᠭᠠᠷ ᠬᠤᠭᠤᠴᠠᠭᠠᠨ ᠤ ᠠᠯᠲᠠᠨ ᠬᠤᠷᠤᠭᠤᠨ ᠤ | ᠱᠠᠩᠨᠠᠯ ᠢ ᠢᠷᠠᠭᠤ ᠠᠯᠳᠠᠷᠲᠠᠢ ᠪᠠᠷ ᠭᠥᠷᠳᠡᠪᠡ᠃ ᠬᠠᠷᠢᠶᠠᠲᠤ ᠣᠷᠣᠨ ᠤ ᠭᠠᠷ ᠳᠠᠮᠵᠢᠭᠰᠠᠨ ᠮᠠᠰᠢᠨ ᠲᠡᠷᠭᠡᠨ ᠤ ᠵᠠᠬ᠎ᠠ | ᠳᠡᠯᠭᠡᠭᠦᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠥᠬᠦ ᠬᠤᠲᠠ ᠶᠢᠨ ᠬᠠᠮᠤᠭ ᠤᠨ ᠲᠣᠮᠣ ᠭᠠᠷ ᠳᠠᠮᠵᠢᠭᠰᠠᠨ | ᠮᠠᠰᠢᠨ ᠲᠡᠷᠭᠡᠨ ᠤ ᠠᠷᠠᠯᠵᠢᠶᠠᠨ ᠤ ᠲᠥᠪ ᠤᠨ ᠬᠠᠩ ᠮᠣᠣ ᠮᠠᠰᠢᠨ ᠲᠡᠷᠭᠡᠨ ᠤ ᠵᠠᠬ᠎ᠠ ᠳᠡᠯᠭᠡᠭᠦᠷ ᠡᠵᠡᠩᠨᠡᠯᠲᠡ ᠪᠠᠨ | ᠡᠬᠢᠯᠡᠭᠦᠯᠵᠦ᠂ ᠬᠠᠭᠠᠰ ᠵᠢᠯ ᠳᠤ 6000 ᠭᠠᠷᠤᠢ ᠮᠠᠰᠢᠨ ᠲᠡᠷᠭᠡ ᠪᠣᠷᠣᠯᠠᠭᠤᠯᠵᠤ᠂ ᠡᠵᠡᠩᠨᠡᠯᠲᠡ ᠶᠢᠨ ᠨᠣᠷᠮ᠎ᠠ ᠨᠢ 4. | 7 ᠳ᠋ᠦᠩᠰᠢᠭᠤᠷ ᠲᠥᠭᠦᠷᠢᠭ ᠲᠤ ᠬᠥᠷᠪᠡ᠃ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ | ᠬᠡᠪᠴᠢᠶ᠎ᠡ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠦ | ᠯᠢ᠂ ᠶᠠ ᠶᠤᠸᠠᠨ ᠨᠡᠶᠢᠭᠡᠮ ᠲᠣᠭᠤᠷᠢᠭ ᠤᠨ ᠦᠨᠳᠦᠰᠦᠨ ᠪᠠᠲᠤᠯᠠᠭ᠎ᠠ ᠶᠢᠨ ᠲᠥᠷᠥᠯ ᠤᠨ ᠡᠵᠡᠩᠨᠡᠯᠲᠡ ᠶᠢᠨ ᠬᠡᠯᠪᠡᠷᠢ | ᠪᠠᠶᠢᠳᠠᠯ ᠤᠨ ᠲᠤᠭ᠎ᠠ ᠬᠡᠮᠵᠢᠶ᠎ᠡ ᠶᠢ 150 ᠠᠴᠠ ᠳᠡᠭᠡᠭᠰᠢ ᠳᠤ ᠬᠦᠷᠦᠭᠦᠯᠵᠦ᠂ ︽ᠣᠷᠣᠰᠢᠨ ᠰᠠᠭᠤᠬᠤ ᠳᠤ | ᠲᠣᠬᠢᠷᠠᠮᠵᠢᠲᠠᠢ᠂ ᠠᠵᠢᠯᠯᠠᠬᠤ ᠳᠤ ᠲᠣᠬᠢᠷᠠᠮᠵᠢᠲᠠᠢ᠂ ᠰᠤᠷᠤᠯᠴᠠᠬᠤ ᠳᠤ ᠲᠣᠬᠢᠷᠠᠮᠵᠢᠲᠠᠢ᠂ ᠰᠤᠪᠢᠯᠠᠬᠤ ᠳᠤ ᠲᠣᠬᠢᠷᠠᠮᠵᠢᠲᠠᠢ᠂ | ᠵᠤᠭᠠᠴᠠᠬᠤ ᠳᠤ ᠲᠣᠬᠢᠷᠠᠮᠵᠢᠲᠠᠢ︾ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠬᠡᠪᠴᠢᠶ᠎ᠡ ᠶᠢ ᠠᠩᠬ᠎ᠠ ᠠᠯᠬᠤᠮ | ᠪᠦᠷᠢᠯᠳᠦᠭᠦᠯᠪᠡ᠃ | ᠤᠳᠤ ᠦᠶ᠎ᠡ ᠶᠢᠨ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠳᠡᠭᠡᠭᠰᠢᠯᠡᠭᠦᠯᠪᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠳᠠᠯᠠᠨ ᠬᠠᠷ᠎ᠠ ᠠᠭᠤᠯᠠ ᠶᠢᠨ | ᠠᠮᠢ ᠠᠬᠤᠢ ᠶᠢᠨ ᠵᠤᠭᠠᠴᠠᠯ ᠤᠨ ᠲᠦᠷᠦᠯ ᠵᠦᠢᠯ ᠤᠨ ᠲᠥᠯᠦᠪᠵᠢᠭᠦᠯᠭᠡ᠂ ᠬᠥᠳᠡᠭᠡ ᠲᠣᠰᠬᠤᠨ ᠤ ᠠᠵᠤ ᠦᠢᠯᠡᠰ ᠤᠨ | ᠬᠥᠭᠵᠢᠯᠲᠡ ᠶᠢᠨ ᠲᠥᠯᠦᠪᠵᠢᠭᠦᠯᠭᠡ ᠪᠠ 12 ᠠᠶᠢᠯ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ | ᠳᠠᠭᠤᠰᠬᠠᠪᠠ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠪᠠᠷᠢᠮᠲᠠᠯᠠᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ 5000 ᠮᠦ ᠡᠮᠬᠢᠯᠡᠨ ᠴᠡᠭᠴᠡᠯᠡᠪᠡ᠃ ᠤᠷᠢᠳᠴᠢᠯᠠᠨ ᠬᠢᠭᠰᠡᠨ ᠨᠣᠭᠤᠭ᠎ᠠ ᠶᠢᠨ | ᠠᠵᠤ ᠦᠢᠯᠡᠰ ᠤᠨ ᠬᠥᠭᠵᠢᠯᠲᠡ ᠶᠢ ᠰᠦᠪᠡᠭᠴᠢᠯᠡᠨ ᠠᠬᠢᠭᠤᠯᠵᠤ᠂ 3 ᠤᠷᠢᠳᠴᠢᠯᠠᠨ ᠬᠢᠭᠰᠡᠨ ᠨᠣᠭᠤᠭ᠎ᠠ ᠶᠢᠨ | ᠲᠥᠷᠥᠯ ᠵᠦᠢᠯ ᠢ ᠭᠡᠷ᠎ᠡ ᠲᠣᠭᠲᠠᠵᠤ ᠣᠷᠣᠭᠤᠯᠤᠨ ᠠᠪᠴᠢᠷᠠᠵᠤ᠂ ᠢᠳᠡᠭᠡᠨ ᠡᠳ᠋ᠰᠢᠭᠦᠯᠬᠦ ᠠᠵᠤ ᠦᠢᠯᠡᠰ ᠤᠨ | ᠰᠦᠷᠦᠭᠵᠢᠯ ᠢ ᠠᠯᠬᠤᠮ ᠠᠯᠬᠤᠮ ᠢᠶᠠᠷ ᠪᠦᠷᠢᠯᠳᠦᠭᠦᠯᠪᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠢ | ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠵᠣᠣ ᠴᠠᠩ ᠴᠧᠩ᠂ ᠳ᠋ᠦᠩ ᠳ᠋ᠡ ᠱᠠᠨ ᠤᠷᠠᠯᠢᠭ ᠤᠨ ᠲᠣᠭᠤᠷᠢᠭ ᠵᠡᠷᠭᠡ | ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠳ᠋ᠦᠩ ᠳ᠋ᠡ ᠱᠠᠨ ᠠᠮᠠᠷᠠᠯᠲᠠ ᠶᠢᠨ ᠲᠣᠰᠬᠤᠨ ᠢ ᠪᠠᠶᠢᠭᠤᠯᠤᠨ᠂ 100 | ᠲᠦᠮᠡᠨ ᠬᠥᠮᠥᠨ ᠤᠳᠠᠭ᠎ᠠ ᠵᠤᠭᠠᠴᠠᠭᠰᠠᠳ ᠢ ᠭᠥᠯᠢᠶᠡᠨ ᠠᠪᠴᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ | ᠵᠢᠯ ᠤᠨ ᠳᠤᠮᠳᠠᠴᠢ ᠣᠷᠣᠯᠭ᠎ᠠ 120 ᠲᠦᠮᠡᠨ ᠲᠥᠭᠦᠷᠢᠭ ᠢ ᠳᠠᠪᠠᠪᠠ᠃ ᠳ᠋ᠦᠩ ᠳ᠋ᠡ ᠭᠧᠦ ᠲᠣᠰᠬᠤᠨ ᠪᠦᠬᠦ | ᠬᠤᠳᠠ ᠶᠢᠨ ᠴᠤᠷ ᠤᠨ ᠭᠠᠭᠴᠠ ︽ᠳᠥᠷᠪᠡᠳᠦᠭᠡᠷ ᠪᠦᠯᠦᠭ ᠤᠨ ᠪᠦᠬᠦ ᠤᠯᠤᠰ ᠤᠨ ᠬᠥᠳᠡᠭᠡ ᠲᠣᠰᠬᠤᠨ ᠤ | ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ︾ ᠤ ᠢᠷᠠᠭᠤ ᠠᠯᠳᠠᠷ ᠢ ᠬᠦᠷᠲᠡᠵᠡᠢ᠃ | ︵ᠬᠤᠶᠠᠷ︶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠮᠵᠢᠯᠴᠠᠨ ᠠᠬᠢᠭᠤᠯᠵᠤ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠵᠤ ᠰᠢᠨ᠎ᠡ ᠬᠥᠳᠡᠯᠭᠡᠭᠴᠢ ᠡᠨᠧᠷᠭᠢ ᠶᠢ ᠬᠦᠭᠵᠢᠭᠡᠪᠡ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠲᠦᠷᠭᠡᠪᠴᠢᠯᠡᠨ ᠰᠤᠯᠯᠠᠪᠠ᠃ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠣᠶᠢᠵᠢᠭᠤᠯᠵᠤ᠂ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ | ᠵᠢᠵᠢᠭ ᠠᠵᠤ ᠠᠬᠤᠶᠢᠯᠠᠯ 39 ᠡᠷᠦᠬᠡ᠂ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ | ᠵᠢᠵᠢᠭ ᠠᠵᠤ ᠠᠬᠤᠶᠢᠯᠠᠯ᠂ ᠲᠤᠰᠬᠠᠢ ᠨᠠᠷᠢᠯᠢᠭ ᠣᠨᠴᠠ ᠰᠢᠨ᠎ᠡ ᠵᠢᠵᠢᠭ ᠠᠪᠤᠷᠭᠤ ᠠᠵᠤ ᠠᠬᠤᠶᠢᠯᠠᠯ 25 ᠡᠷᠦᠬᠡ᠂ | ᠠᠺᠠᠳᠧᠮᠢᠴᠢ ᠶᠢᠨ ᠠᠵᠢᠯ ᠤᠨ ᠥᠷᠲᠡᠭᠡ 1 ᠡᠷᠦᠬᠡ ᠶᠢ ᠰᠢᠨ᠎ᠡ ᠪᠠᠷ ᠮᠠᠭᠠᠳᠯᠠᠨ ᠲᠣᠭᠲᠠᠭᠠᠪᠠ᠃ ᠪᠥᠬᠦ | ᠲᠤᠭᠤᠷᠢᠭ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ | ᠣᠷᠣᠭᠤᠯᠤᠯᠲᠠ ᠶᠢᠨ ᠬᠦᠴᠦᠯᠡᠴᠡ 2.92% ᠪᠣᠯᠲᠠᠯ᠎ᠠ ᠨᠡᠮᠡᠭᠳᠡᠪᠡ᠃ ᠠᠵᠤ ᠠᠬᠤᠶᠢᠯᠠᠯ ᠤᠨ ᠣᠶᠤᠨᠴᠢᠯᠠᠨ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠪᠥᠬᠦ ᠲᠤᠭᠤᠷᠢᠭ ᠤᠨ 5G ᠰᠦᠯᠵᠢᠶ᠎ᠡ ᠶᠢ ᠪᠦᠷᠢᠨ ᠪᠦᠷᠬᠦᠭᠦᠯᠵᠦ᠂ | ᠣᠶᠤᠨᠲᠤ ᠬᠦᠷᠢᠶᠡᠯᠡᠩ ᠲᠣᠭᠤᠷᠢᠭ ᠢ ᠪᠠᠶᠢᠭᠤᠯᠤᠨ ᠠᠵᠢᠯᠯᠠᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ︽ᠡᠭᠦᠯᠡᠨ ᠪᠣᠳᠣᠯᠲᠠ ᠳᠤ ᠬᠡᠷᠡᠭᠯᠡᠬᠦ ᠲᠤᠭ᠎ᠠ ᠬᠡᠮᠵᠢᠶ᠎ᠡ ᠪᠠᠷ ᠣᠶᠤᠨ ᠤᠬᠠᠭᠠᠨ ᠣᠯᠭᠤᠬᠤ︾ ᠶᠢ ᠪᠦᠷᠢᠨ | ᠪᠦᠷᠬᠦᠭᠦᠯᠬᠦ ᠶᠢ ᠪᠡᠶᠡᠯᠡᠭᠦᠯᠪᠡ᠃ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠤᠮᠠᠷᠠᠲᠤ ᠶᠢᠨ ᠮᠠᠰᠢᠨ | ᠮᠧᠬᠠᠨᠢᠭ ᠤᠨ ᠺᠣᠮᠫᠠᠨᠢ ︽2022 ᠣᠨ ᠤ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠳᠠᠪᠠᠭᠤᠯᠢᠭ ᠠᠵᠤ ᠠᠬᠤᠶᠢᠯᠠᠯ︾ ᠤᠨ ᠢᠷᠠᠭᠤ ᠠᠯᠳᠠᠷ ᠢ ᠭᠥᠷᠳᠡᠵᠦ᠂ ᠨᠢᠭᠡᠳᠦᠭᠡᠷ ᠮᠠᠰᠢᠨ ᠮᠧᠬᠠᠨᠢᠭ ᠤᠨ ᠵᠠᠮ | ᠨᠡᠪᠲᠡᠷᠡᠯᠭᠡ ᠶᠢᠨ ᠬᠠᠷᠢᠮᠠᠭ ᠵᠡᠷᠭᠡ 2 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ︽ᠪᠣᠬᠢᠷᠲᠤᠯ ᠦᠭᠡᠢ | ᠦᠢᠯᠡᠳᠪᠦᠷᠢ︾ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢᠶᠠᠷ ᠦᠨᠡᠯᠡᠭᠳᠡᠵᠦ᠂ ᠤᠮᠠᠷᠠᠲᠦ ᠶᠢᠨ ᠬᠦᠨᠳᠤ ᠠᠵᠤ | ᠦᠢᠯᠡᠳᠪᠦᠷᠢ ᠶᠢᠨ ᠴᠢᠶᠣᠤ ᠰᠢᠶᠠᠩ ᠵᠡᠷᠭᠡ 5 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ ᠢᠶᠠᠷ ᠦᠨᠡᠯᠡᠭᠳᠡᠵᠦ᠂ ᠨᠠᠨ ᠭᠤᠸ ᡂᠢ ᠵᠡᠷᠭᠡ 8 ᠠᠵᠤ | ᠠᠬᠤᠶᠢᠯᠠᠯ ᠪᠠ ᠪᠦᠯᠬᠦᠮ ᠨᠡᠶᠢᠲᠡ ᠠᠩᠬᠠᠳᠤᠭᠠᠷ ᠬᠤᠭᠤᠴᠠᠭᠠᠨ ᠤ ︽ᠪᠤᠭᠤᠲᠤ ᠶᠢᠨ ᠰᠢᠨ᠎ᠡ ᠶᠢ ᠡᠭᠦᠳᠬᠦ | ᠬᠥᠭᠵᠢᠯᠲᠡ ᠶᠢᠨ ᠱᠠᠩᠨᠠᠯ︾ ︽ᠪᠤᠭᠤᠲᠤ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠨᠡᠷ᠎ᠡ ᠳᠤᠷᠠᠳᠤᠯᠲᠠ ᠶᠢᠨ | ᠱᠠᠩᠨᠠᠯ︾ ᠢᠶᠠᠷ ᠦᠨᠡᠯᠡᠭᠳᠡᠪᠡ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠴᠡᠪᠡᠷ ᠠᠰᠢᠭ ᠢ ᠭᠦᠢᠴᠡᠳ ᠪᠠᠳᠠᠷᠠᠭᠤᠯᠵᠤ᠂ | 50 ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠪᠡᠯᠡ ᠮᠥᠩᠭᠦ ᠶᠢ 7300 | ᠭᠠᠷᠤᠢ ᠲᠦᠮᠡᠨ ᠲᠥᠭᠦᠷᠢᠭ ᠣᠯᠬᠤ ᠳᠤ ᠬᠦᠴᠦᠨ ᠨᠡᠮᠡᠷᠢᠯᠡᠵᠦ᠂ 34 ᠠᠵᠤ ᠠᠬᠤᠶᠢᠯᠠᠯ ᠤᠨ ᠳᠦᠷᠢᠮ ᠲᠣᠭᠲᠠᠭᠠᠯ ᠢ | ᠳᠡᠭᠡᠭᠰᠢᠯᠡᠭᠦᠯᠦᠨ ᠨᠢᠭᠡᠳᠦᠯᠲᠡᠢ ᠪᠣᠯᠭᠠᠬᠤ ᠳᠤ ᠬᠦᠴᠦᠨ ᠨᠡᠮᠡᠷᠢᠯᠡᠪᠡ᠃ 104 ᠨᠡᠷᠡᠰ ᠳᠡᠭᠡᠳᠦ ᠲᠠᠰ ᠳᠠᠪᠬᠤᠷᠭ᠎ᠠ ᠶᠢᠨ | ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠤᠯᠤᠰ ᠤᠨ ᠲᠠᠰ ᠤᠨ ᠮᠡᠷᠭᠡᠵᠢᠯ ᠴᠢᠳᠠᠪᠤᠷᠢ ᠶᠢᠨ ᠶᠡᠭᠡ ᠮᠠᠰᠲ᠋ᠤᠷ ᠤᠨ | ᠠᠵᠢᠯᠯᠠᠬᠤ ᠲᠠᠰᠤᠭ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠴᠢᠳᠠᠪᠤᠷᠢ ᠶᠢᠨ ᠶᠡᠭᠡ ᠮᠠᠰᠲ᠋ᠤᠷ ᠤᠨ | ᠠᠵᠢᠯᠯᠠᠬᠤ ᠲᠠᠰᠤᠭ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ 2 | ᠰᠢᠨ᠎ᠡ ᠪᠠᠷ ᠨᠡᠮᠡᠪᠡ᠃ | ᠭᠤᠣᠯᠳᠠᠯᠭ᠎ᠠ ᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ᠃ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠤᠯᠤᠰ ᠤᠨ ᠭᠠᠶᠢᠯᠢ ᠶᠢ ᠬᠥᠩᠭᠡᠯᠡᠵᠦ | ᠰᠦᠢᠳᠬᠡᠯ ᠢ ᠪᠠᠭᠤᠷᠠᠭᠤᠯᠬᠤ᠂ ᠦᠯᠡᠳᠡᠭᠡᠬᠦ ᠪᠠ ᠭᠠᠶᠢᠯᠢ ᠶᠢ ᠲᠤᠯᠭᠠᠨ ᠪᠤᠴᠠᠭᠠᠬᠤ ᠲᠦᠷᠦ ᠶᠢᠨ ᠪᠣᠳᠣᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠨᠡᠶᠢᠳᠡ 14.41 ᠳ᠋ᠦᠩᠰᠢᠭᠤᠷ ᠲᠥᠭᠦᠷᠢᠭ ᠪᠠᠭᠤᠷᠠᠭᠤᠯᠪᠠ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠥᠬᠦ ᠬᠤᠲᠠ ᠶᠢᠨ ᠠᠩᠬᠠᠳᠠᠭᠴᠢ ᠡᠮ | ᠡᠮᠨᠡᠯᠭᠡ ᠶᠢᠨ ᠳᠠᠭᠠᠳᠬᠠᠯ ᠤᠨ ᠰᠦᠯᠵᠢᠶᠡᠨ ᠳᠡᠭᠡᠷ᠎ᠡ ᠬᠡᠷᠡᠭ ᠡᠷᠭᠢᠯᠡᠬᠦ ᠶᠡᠭᠡ ᠲᠢᠩᠬᠢᠮ ᠢ ᠪᠠᠶᠢᠭᠤᠯᠤᠨ᠂ ︽ᠴᠢᠬᠤᠯᠠ | ᠪᠤᠰᠦ ᠮᠠᠲ᠋ᠧᠷᠢᠶᠠᠯ ᠳᠤᠲᠠᠭᠳᠠᠵᠤ ᠪᠠᠶᠢᠭ᠎ᠠ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ︾ ︽ᠮᠡᠳᠡᠭᠳᠡᠬᠦ ᠠᠮᠠᠯᠠᠯᠲᠠ︾ | ᠵᠡᠷᠭᠡ ᠣᠯᠠᠨ ᠵᠦᠢᠯ ᠤᠨ ᠦᠢᠯᠡᠴᠢᠯᠡᠭᠡ ᠶᠢ ᠥᠷᠨᠢᠭᠦᠯᠵᠦ᠂ 495 ᠥᠨᠳᠥᠷ ᠳᠠᠪᠲᠠᠮᠵᠢᠲᠤ ᠵᠦᠢᠯᠡᠰ ᠢ ︽ᠪᠠᠶᠢᠩᠭᠤ | ᠰᠠᠭᠤᠵᠤ ᠰᠢᠢᠳᠪᠦᠷᠢᠯᠡᠬᠦ︾᠂ 137 ᠵᠦᠢᠯᠡᠰ ᠢ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾᠂ 54 ᠵᠦᠢᠯᠡᠰ ᠢ | ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ | ᠨᠣᠷᠮ᠎ᠠ ᠶᠢ 100% ᠳᠤ ᠬᠦᠷᠭᠡᠪᠡ᠃ ︽ᠪᠥᠬᠦ ᠤᠯᠤᠰ ᠲᠤ ᠨᠢᠭᠡ ᠲᠣᠳᠣᠷᠬᠠᠢ ᠬᠠᠭᠤᠳᠠᠰᠤ︾ ᠶᠢᠨ | ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠨᠢᠭᠡ | ᠬᠠᠭᠤᠳᠠᠰᠤ ᠶᠢ ᠪᠦᠬᠦᠨ ᠢ ᠵᠢᠭᠰᠠᠭᠠᠵᠤ᠂ ᠨᠢᠭᠡ ᠬᠠᠭᠤᠳᠠᠰᠤ ᠠᠴᠠ ᠠᠰᠲᠠᠭᠠᠨ ᠬᠠᠭᠤᠳᠠᠰᠤ ᠦᠭᠡᠢ ᠪᠠᠶᠢᠬᠤ︾ ᠶᠢ | ᠪᠡᠶᠡᠯᠡᠭᠦᠯᠦᠨ᠎ᠡ᠃ ᠪᠥᠬᠦ ᠵᠢᠯ ᠳᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 6711 ᠡᠷᠦᠬᠡ | ᠰᠢᠨ᠎ᠡ ᠪᠠᠷ ᠨᠡᠮᠡᠭᠳᠡᠭᠦᠯᠵᠦ᠂ ᠳᠠᠩᠰᠠᠯᠠᠭᠤᠯᠤᠭᠰᠠᠨ ᠬᠥᠷᠥᠩᠭᠡ ᠨᠢ 386.4 ᠳ᠋ᠦᠩᠰᠢᠭᠤᠷ ᠲᠥᠭᠦᠷᠢᠭ ᠲᠤ ᠬᠦᠷᠴᠦ᠂ | ᠠᠵᠢᠯᠯᠠᠵᠤ ᠪᠠᠶᠢᠭ᠎ᠠ ᠬᠥᠮᠥᠰ ᠤᠨ ᠲᠤᠭ᠎ᠠ ᠨᠢ ᠪᠠᠷᠤᠭ 1.3 ᠲᠦᠮᠡᠨ ᠬᠥᠮᠥᠨ ᠳᠤ ᠬᠦᠷᠴᠡᠢ᠃ 5 ᠠᠵᠤ ᠠᠬᠤᠶᠢᠯᠠᠯ | ︽2022 ᠥᠪᠥᠷ ᠮᠣᠩᠭᠤᠯ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ︾ ᠤᠨ | ᠨᠡᠷᠡᠰ ᠤᠨ ᠵᠢᠭᠰᠠᠭᠠᠯᠲᠠ ᠳᠤ ᠣᠷᠣᠪᠠ᠃ ︽ᠲᠠᠪᠤᠨ ᠵᠦᠢᠯ ᠢ ᠶᠡᠭᠡ ᠪᠠᠷ ᠢᠯᠡᠷᠡᠭᠦᠯᠬᠦ︾ ᠠᠵᠢᠯᠯᠠᠭ᠎ᠠ ᠶᠢ ᠥᠨᠳᠥᠷ | ᠪᠦᠲᠦᠮᠵᠢᠲᠡᠶ ᠪᠠᠷ ᠲᠦᠯᠬᠢᠨ ᠠᠬᠢᠭᠤᠯᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠪᠠ ᠰᠤᠯᠠ ᠲᠠᠯᠪᠢᠭᠰᠠᠨ | 255.2 ᠾᠧᠺᠲ᠋ᠠᠷ ᠭᠠᠵᠠᠷ ᠰᠢᠷᠣᠢ ᠶᠢ ᠰᠢᠢᠳᠪᠦᠷᠢᠯᠡᠪᠡ᠃ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ | ᠪᠠᠶᠢᠭᠤᠯᠤᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠩ ᠶᠤᠸᠠᠨ ᠰᠢᠨ᠎ᠡ ᠮᠠᠲ᠋ᠧᠷᠢᠶᠠᠯ ᠨᠢ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠰᠢᠯᠭᠠᠯᠲᠠ | ᠳᠤ ᠬᠢᠷᠢ ᠲᠡᠩᠴᠡᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠰᠢᠯᠢᠳᠡᠭᠵᠢᠭᠦᠯᠦᠨ ᠲᠠᠬᠢᠨ ᠵᠣᠬᠢᠶᠠᠨ | ᠪᠠᠶᠢᠭᠤᠯᠬᠤ ᠶᠢ ᠬᠦᠴᠦᠯᠡᠨ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠲᠣᠭᠲᠠᠴᠠ ᠶᠢ | ᠲᠡᠭᠦᠯᠳᠡᠷᠵᠢᠭᠦᠯᠵᠦ᠂ 19 ᠤᠯᠤᠰ ᠤᠨ ᠥᠮᠴᠢᠯᠡᠯ ᠤᠨ ᠠᠵᠤ ᠠᠬᠤᠶᠢᠯᠠᠯ ᠢ 5 ᠤᠳᠤ ᠦᠶ᠎ᠡ ᠶᠢᠨ ᠠᠵᠤ | ᠠᠬᠤᠶᠢᠯᠠᠯ ᠤᠨ ᠳᠦᠷᠢᠮ ᠤᠨ ᠱᠠᠭᠠᠷᠳᠠᠯᠭ᠎ᠠ ᠳᠤ ᠨᠡᠶᠢᠴᠡᠭᠰᠡᠨ᠂ ᠥᠷᠢᠰᠦᠯᠳᠦᠬᠦ ᠬᠦᠴᠦᠨ ᠢᠶᠠᠷ ᠴᠢᠩᠭ᠎ᠠ ᠨᠢᠭᠡᠳᠦᠭᠡᠷ | ᠳᠡᠰ ᠤᠨ ᠺᠣᠮᠫᠠᠨᠢ ᠪᠣᠯᠭᠠᠨ ᠨᠡᠶᠢᠯᠡᠭᠦᠯᠵᠦ᠂ ︽5+N︾ ᠤ ᠶᠡᠷᠦᠩᠬᠡᠢ ᠪᠠᠶᠢᠷᠢᠯᠠᠭᠤᠯᠤᠯᠲᠠ ᠶᠢ ᠠᠩᠬ᠎ᠠ ᠠᠯᠬᠤᠮ | ᠪᠦᠷᠢᠯᠳᠦᠭᠦᠯᠪᠡ᠃ ᠴᠢᠩᠱᠠᠨ ᠤ ᠣᠨᠴᠠᠯᠢᠭᠲᠤ ᠤᠷᠤᠭ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ | ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠤᠷᠤᠭ ᠬᠤᠷᠢᠮ ᠤᠨ ᠵᠠᠩ ᠳᠠᠳᠬᠠᠯ ᠤᠨ | ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠨᠢ ᠠᠷᠠᠳ ᠤᠨ ᠶᠠᠪᠤᠳᠠᠯ ᠤᠨ | ᠶᠠᠮᠤᠨ ᠤ ᠳᠤᠮᠳᠠ ᠬᠤᠭᠤᠴᠠᠭᠠᠨ ᠤ ᠰᠢᠯᠭᠠᠯᠲᠠ ᠳᠤ ᠥᠨᠳᠥᠷ ᠬᠤᠪᠢ ᠤᠯᠪᠠ᠃ ︽ᠴᠢᠬᠤᠯᠠ ᠶᠡᠭᠡ ᠰᠣᠶᠣᠯ ᠤᠨ | ᠠᠵᠤ ᠦᠢᠯᠡᠰ ᠤᠨ ᠲᠦᠷᠦᠯ ᠵᠦᠢᠯ ᠢᠶᠠᠷ ᠳᠠᠶᠢᠴᠢᠯᠠᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ︾ ᠬᠡᠷᠡᠭ ᠤᠨ ᠵᠢᠱᠢᠶ᠎ᠡ ︽ᠳᠤᠮᠳᠠᠳᠤ ᠤᠯᠤᠰ ᠤᠨ | ᠥᠭᠡᠷᠡᠴᠢᠯᠡᠯᠲᠡ ᠶᠢᠨ 2022 ᠣᠨ ᠤ ᠣᠷᠣᠨ ᠨᠤᠲᠤᠭ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ︾ ᠶᠢᠨ ᠨᠡᠷᠡᠰ ᠲᠤ ᠰᠤᠩᠭᠤᠭᠳᠠᠪᠠ᠃ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠬᠦᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ 118 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 238 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 65 ᠪᠠᠷᠢᠯᠭ᠎ᠠ ᠶᠢᠨ ᠠᠵᠢᠯ ᠳᠠᠭᠤᠰᠴᠤ ᠠᠰᠢᠭᠯᠠᠯᠲᠠ ᠳᠤ | ᠣᠷᠣᠭᠤᠯᠪᠠ᠃ ᠨᠡᠶᠢᠲᠡ 147 ᠲᠥᠷᠥᠯ ᠵᠦᠢᠯ ᠤᠨ ᠭᠡᠷ᠎ᠡ ᠲᠣᠭᠲᠠᠵᠤ᠂ 122 ᠲᠥᠷᠥᠯ ᠵᠦᠢᠯ ᠢ ᠳᠡᠩᠰᠡᠯᠡᠨ | ᠨᠠᠶᠢᠳᠠᠪᠤᠷᠢᠵᠢᠭᠤᠯᠵᠤ᠂ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ 701.6 ᠳ᠋ᠦᠩᠰᠢᠭᠤᠷ ᠲᠥᠭᠦᠷᠢᠭ᠂ | ︽ᠭᠤᠷᠪᠠᠨ ᠲᠥᠷᠥᠯ ᠤᠨ 500 ᠬᠦᠴᠦᠷᠬᠡᠭ︾ ᠪᠠ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ 24 | ᠪᠠᠶᠢᠨ᠎ᠠ᠃ ᠪᠢᠶᠠᠳᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠡᠪᠴᠢᠶᠡᠵᠢᠭᠦᠯᠦᠨ ᠦᠢᠯᠡᠳᠪᠦᠷᠢᠯᠡᠬᠦ ᠬᠢᠲᠤᠭ᠎ᠠ | ᠢᠯᠲᠠᠰᠤ ᠶᠢᠨ ᠳ᠋ᠢᠶᠠᠨ ᡂᠢ ᠶᠢᠨ ᠬᠡᠳᠦ ᠨᠢᠮᠭᠡᠨ ᠵᠡᠰ ᠴᠠᠭᠠᠰᠤᠨ ᠤ ᠲᠦᠷᠦᠯ ᠵᠦᠢᠯ ᠢ ᠪᠠᠶᠢᠭᠤᠯᠵᠤ᠂ ᠾᠧ ᠾᠧ | ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠪᠦᠬᠦ ᠬᠤᠲᠠ ᠶᠢᠨ ᠲᠤᠰᠠᠭᠠᠷ | ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠬᠤᠭᠤᠰᠤᠨ ᠢ ᠨᠥᠬᠦᠪᠦᠷᠢᠯᠡᠵᠡᠢ᠃ | ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠤᠯᠠ ᠪᠠᠶᠢᠬᠤ ᠡᠬᠢ | ᠪᠠᠶᠠᠯᠢᠭ ᠢ ᠶᠡᠭᠡ ᠪᠠᠷ ᠳᠡᠭᠡᠭᠰᠢᠯᠡᠭᠦᠯᠬᠦ ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠤᠯᠠ ᠪᠠᠶᠢᠬᠤ ᠦᠷ᠎ᠡ | ᠠᠰᠢᠭ ᠢᠶᠠᠷ ᠳᠣᠣᠷ᠎ᠠ 394 ᠮᠦ ᠭᠠᠵᠠᠷ ᠰᠢᠷᠣᠢ᠂ ᠪᠠᠷᠢᠮᠵᠢᠶᠠᠲᠤ ᠦᠢᠯᠡᠳᠪᠦᠷᠢ ᠶᠢᠨ ᠭᠡᠷ ᠪᠠᠶᠢᠰᠢᠩ 4.4 ᠲᠦᠮᠡᠨ | ᠲᠡᠭᠰᠢ ᠳᠥᠷᠪᠡᠯᠵᠢᠨ ᠮᠧᠲᠷ ᠠᠮᠢᠯᠠᠭᠤᠯᠪᠠ᠃ ᠳᠠᠬᠢᠯᠲᠠ ᠤᠰᠤᠨ ᠬᠤᠭᠤᠯᠠᠢ ᠶᠢᠨ ᠲᠣᠣᠷ ᠢ 6 ᠺᠢᠯᠣᠮᠧᠲᠷ | ᠪᠠᠶᠢᠭᠤᠯᠵᠤ᠂ ᠠᠰᠢᠭ ᠣᠯᠬᠤ ᠶᠣᠰᠣᠲᠠᠢ 220KV ᠬᠦᠴᠦᠳᠡᠯ ᠥᠭᠡᠷᠡᠴᠢᠯᠡᠬᠦ ᠦᠷᠳᠡᠭᠡ ᠶᠢ ᠪᠠᠶᠢᠭᠤᠯᠵᠤ᠂ ᠠᠵᠤ | ᠠᠬᠤᠶᠢᠯᠠᠯ ᠤᠨ ᠤᠰᠤ ᠴᠠᠬᠢᠯᠭᠠᠨ ᠬᠡᠷᠡᠭᠯᠡᠬᠦ ᠭᠠᠵᠠᠷ ᠤᠨ ︽ᠪᠣᠭᠤᠮᠢᠯᠠᠭᠰᠠᠨ︾ ᠠᠰᠠᠭᠤᠳᠠᠯ ᠢ ᠪᠦᠲᠦᠮᠵᠢᠲᠡᠶ ᠪᠠᠷ | ᠨᠠᠮᠳᠠᠭᠤᠯᠪᠠ᠃ ᠬᠤᠩ ᠶᠤᠸᠠᠨ ᠰᠢᠨ᠎ᠡ ᠮᠠᠲ᠋ᠧᠷᠢᠶᠠᠯ ᠤᠨ ᠲᠠᠩ ᠲᠠᠯᠠᠰᠲᠤ᠂ ᠬᠡᠷᠴᠢᠮᠡᠯ ᠤᠨ ᠦᠢᠯᠡᠳᠪᠦᠷᠢᠯᠡᠯ ᠨᠢ | ᠤᠯᠤᠰ ᠤᠨ ᠳᠣᠲᠣᠭᠠᠳᠤ ᠶᠢᠨ ᠲᠠᠩ ᠲᠠᠯᠠᠰᠲᠤ ᠴᠠᠬᠢᠭᠤᠷ ᠤᠨ ᠠᠵᠢᠯ ᠲᠥᠷᠥᠯ ᠤᠨ ᠠᠰᠢᠭᠯᠠᠯᠲᠠ ᠳᠤ ᠣᠷᠣᠭᠰᠠᠨ | ᠲᠡᠮᠳᠡᠭᠯᠡᠯ ᠢ ᠳᠠᠬᠢᠨᠲᠠ ᠰᠢᠨᠡᠳᠬᠡᠵᠦ᠂ ᠵᠢᠯ ᠤᠨ ᠦᠢᠯᠡᠳᠬᠦᠨ ᠤ ᠥᠷᠲᠡᠭ ᠨᠢ 221 ᠳ᠋ᠦᠩᠰᠢᠭᠤᠷ ᠲᠥᠭᠦᠷᠢᠭ ᠲᠤ | ᠬᠥᠷᠪᠡ᠃ | ︵ᠭᠤᠷᠪᠠ︶ ᠨᠢᠭᠡᠳᠦᠯᠲᠡᠢ ᠲᠥᠯᠥᠪᠵᠢᠭᠦᠯᠵᠦ᠂ ᠬᠤᠣᠰ ᠴᠢᠭᠯᠡᠯ ᠢᠶᠠᠷ ᠥᠷᠭᠡᠳᠬᠡᠨ᠂ ᠬᠤᠲᠠ ᠬᠥᠳᠡᠭᠡ ᠶᠢᠨ | ᠴᠢᠨᠠᠷ ᠴᠢᠨᠰᠠᠭ᠎ᠠ ᠶᠢ ᠳᠠᠬᠢᠨ ᠰᠢᠨ᠎ᠡ ᠲᠦᠪᠰᠢᠨ ᠳᠤ ᠬᠦᠷᠭᠡᠪᠡ | ᠰᠠᠭᠤᠷᠢ ᠲᠥᠬᠦᠭᠡᠷᠦᠮᠵᠢ ᠶᠢ ᠨᠡᠩ ᠲᠡᠭᠦᠯᠳᠡᠷᠵᠢᠭᠦᠯᠪᠡ᠃ ᠠᠷᠠᠳ ᠢᠷᠭᠡᠳ ᠤᠨ ᠣᠷᠣᠨ ᠰᠠᠭᠤᠴᠠ ᠶᠢᠨ | ᠣᠷᠴᠢᠨ ᠨᠥᠬᠦᠴᠡᠯ ᠢ ᠶᠡᠭᠡ ᠪᠠᠷ ᠰᠠᠶᠢᠵᠢᠷᠠᠭᠤᠯᠤᠨ᠂ 5 ᠤᠭᠤᠲᠠ ᠴᠡᠴᠡᠷᠯᠢᠭ ᠢ ᠠᠰᠢᠭᠯᠠᠯᠲᠠ ᠳᠤ ᠣᠷᠣᠭᠤᠯᠵᠤ᠂ | 33 ᠵᠢᠵᠢᠭ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠪᠦᠬᠦᠨ ᠢ ᠳᠠᠭᠤᠰᠬᠠᠵᠤ᠂ 1.5 | ᠲᠦᠮᠡᠨ ᠡᠷᠦᠬᠡ ᠳᠤ ᠠᠰᠢᠭ ᠬᠦᠷᠲᠡᠭᠡᠪᠡ᠃ ᠠᠷᠠᠳ ᠢᠷᠭᠡᠳ ᠤᠨ ᠠᠮᠢᠳᠤᠷᠠᠯ ᠤᠨ ᠵᠢᠭᠠᠯᠲᠠ ᠲᠤᠭ᠎ᠠ ᠶᠢ ᠠᠯᠬᠤᠮ | ᠠᠯᠬᠤᠮ ᠢᠶᠠᠷ ᠳᠡᠭᠡᠭᠰᠢᠯᠡᠭᠦᠯᠵᠦ᠂ ᠪᠦᠬᠦ ᠬᠤᠳᠠ ᠳᠤ ︽ᠭᠤᠷᠪᠠ ᠶᠢ ᠬᠠᠩᠭᠠᠬᠤ ᠨᠢᠭᠡ ᠦᠢᠯᠡᠰ︾ ᠤᠨ | ᠥᠭᠡᠷᠡᠴᠢᠯᠡᠯᠲᠡ᠂ ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ ᠵᠢᠴᠢ ᠬᠤᠳᠠ ᠶᠢᠨ ᠲᠣᠭᠤᠷᠢᠭ ᠲᠠᠬᠢ | ᠰᠠᠭᠤᠭᠠᠯᠢ ᠠᠷᠠᠳ ᠤᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢᠤᠷᠢᠳ ᠢᠶᠠᠷ ᠪᠡᠶᠡᠯᠡᠭᠦᠯᠵᠦ᠂ ᠪᠦᠬᠦ | ᠬᠤᠳᠠ ᠶᠢᠨ ᠠᠩᠬᠠᠳᠠᠭᠴᠢ ᠰᠢᠲᠠᠮᠠᠬᠠᠢ ᠬᠡᠢ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠤᠨ | ᠦᠷᠳᠡᠭᠡ ᠶᠢ ᠪᠠᠶᠢᠭᠤᠯᠵᠤ᠂ 36.4 ᠺᠢᠯᠣᠮᠧᠲᠷ ᠰᠢᠲᠠᠮᠠᠬᠠᠢ ᠬᠡᠢ ᠶᠢᠨ ᠬᠠᠭᠤᠴᠢᠨ ᠬᠤᠭᠤᠯᠠᠢ ᠶᠢᠨ ᠲᠣᠣᠷ ᠢ ᠲᠡᠰ | ᠳᠡᠪᠰᠢᠭᠦᠯᠦᠨ ᠥᠭᠡᠷᠡᠴᠢᠯᠡᠵᠦ᠂ 15 ᠨᠡᠶᠢᠲᠡ ᠶᠢᠨ ᠵᠣᠷᠯᠣᠩ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠪᠦᠬᠦ | ᠬᠤᠳᠠ ᠶᠢᠨ ᠠᠩᠬᠠᠳᠠᠭᠴᠢ ᠪᠦᠬᠦ ᠶᠠᠪᠤᠴᠠ ᠳᠤ ︽ᠬᠦᠷᠦᠯᠴᠡᠬᠦ ᠦᠭᠡᠢ︾ ᠣᠶᠤᠨᠲᠤ ᠨᠡᠶᠢᠲᠡ ᠶᠢᠨ ᠵᠣᠷᠯᠣᠩ ᠢ | ᠠᠰᠢᠭᠯᠠᠯᠲᠠ ᠳᠤ ᠣᠷᠣᠭᠤᠯᠪᠠ᠃ ᠠᠷᠠᠳ ᠢᠷᠭᠡᠳ ᠤᠨ ᠶᠠᠪᠤᠵᠤ ᠰᠠᠭᠤᠬᠤ ᠨᠥᠬᠦᠴᠡᠯ ᠨᠠᠩ ᠲᠥᠬᠦᠮ ᠪᠣᠯᠵᠤ᠂ ᠪᠠᠢ | ᠱᠦᠨ ᠵᠢᠦᠢ ᠬᠤᠶᠢᠲᠤ ᠲᠠᠯ᠎ᠠ ᠶᠢᠨ ᠵᠠᠮ᠂ ᠲᠣᠨᠣᠭᠯᠠᠯ ᠤᠨ ᠬᠦᠷᠢᠶᠡᠯᠡᠩ ᠲᠣᠭᠤᠷᠢᠭ ᠤᠨ ᠪᠧᠢ ᠪᠧᠨ 1 ᠵᠠᠮ ᠵᠡᠷᠭᠡ 6 | ᠵᠤᠷᠪᠤᠰ ᠵᠠᠮ ᠢ ᠰᠢᠨ᠎ᠡ ᠪᠠᠷ ᠪᠠᠶᠢᠭᠤᠯᠵᠤ᠂ ᠴᠢᠯᠦᠭᠡᠲᠦ ᠵᠠᠮ᠂ ᠦᠦᠰᠢᠨ ᠵᠠᠮ ᠵᠡᠷᠭᠡ ᠲᠥᠬᠦᠮ ᠵᠠᠮ᠂ ᠠᠷᠤ | ᠭᠤᠳᠤᠮᠵᠢ ᠶᠢᠨ 25 ᠵᠤᠷᠪᠤᠰ ᠵᠢᠵᠢᠭ ᠭᠤᠳᠤᠮᠵᠢ ᠶᠢ ᠴᠡᠭᠴᠡᠯᠡᠨ ᠵᠠᠰᠠᠵᠤ᠂ ᠬᠥᠳᠡᠯᠮᠦᠷᠢ ᠶᠢᠨ ᠴᠡᠴᠡᠷᠯᠢᠭ ᠤᠨ ᠭᠠᠵᠠᠷ | ᠳᠣᠣᠷᠠᠬᠢ ᠵᠡᠭᠡᠯᠢ ᠥᠩᠭᠡᠷᠡᠬᠦ ᠵᠠᠮ ᠵᠢᠩᠬᠢᠨᠢ ᠪᠠᠷ ᠨᠡᠪᠲᠡᠷᠡᠵᠦ᠂ G6 ᠲᠦᠷᠭᠡᠨ ᠳᠠᠪᠬᠢᠬᠤ ᠵᠠᠰᠠᠮᠠᠯ ᠵᠠᠮ ᠤᠨ ᠴᠢᠩᠱᠠᠨ | ᠤ ᠭᠠᠷᠬᠤ ᠵᠠᠮ ᠠᠰᠢᠭᠯᠠᠯᠲᠠ ᠳᠤ ᠣᠷᠣᠪᠠ᠃ 110 ᠤᠯᠤᠰ ᠤᠨ ᠵᠠᠰᠠᠮᠠᠯ ᠵᠠᠮ ᠤᠨ ᠪᠠᠷᠢᠯᠭ᠎ᠠ ᠶᠢ ᠪᠦᠬᠦ ᠲᠠᠯ᠎ᠠ ᠪᠠᠷ | ᠳᠠᠭᠤᠰᠬᠠᠵᠤ᠂ ᠬᠤᠳᠠ ᠶᠢ ᠲᠣᠭᠤᠷᠢᠭᠰᠠᠨ ᠬᠤᠶᠢᠲᠤ ᠬᠡᠰᠡᠭ ᠤᠨ ᠵᠠᠰᠠᠮᠠᠯ ᠵᠠᠮ ᠢ ᠲᠠᠲᠠᠪᠤᠷᠢᠯᠠᠨ ᠨᠤᠷᠠᠭᠠᠬᠤ ᠠᠵᠢᠯ ᠢ | ᠪᠦᠬᠦᠨ ᠢ ᠳᠠᠭᠤᠰᠬᠠᠵᠤ᠂ ᠴᠢᠩᠱᠠᠨ ᠲᠣᠮᠣ ᠱᠤᠭᠤᠮ ᠤᠨ ᠥᠷᠭᠡᠳᠬᠡᠨ ᠪᠠᠶᠢᠭᠤᠯᠬᠤ ᠢᠨᠵᠧᠨᠧᠷᠢᠩ ᠢ ᠤᠷᠤᠭᠰᠢᠲᠠᠢ | ᠲᠦᠯᠬᠢᠨ ᠠᠬᠢᠭᠤᠯᠵᠤ᠂ ᠬᠤᠶᠢᠲᠤ ᠬᠡᠰᠡᠭ ᠤᠨ ᠣᠷᠣᠨ ᠪᠦᠰᠡ ᠶᠢᠨ ᠭᠤᠷᠪᠠᠨ ᠭᠤᠣᠯ ᠱᠤᠭᠤᠮ ᠤᠨ ᠵᠠᠮ ᠤᠨ | ᠲᠣᠣᠷ ᠤᠨ ᠪᠦᠲᠦᠴᠡ ᠶᠢ ᠠᠩᠬ᠎ᠠ ᠠᠯᠬᠤᠮ ᠬᠡᠪᠴᠢᠶ᠎ᠡ ᠲᠠᠢ ᠪᠣᠯᠭᠠᠪᠠ᠃ | ᠬᠤᠳᠠ ᠶᠢᠨ ᠲᠣᠭᠤᠷᠢᠭ ᠤᠨ ᠬᠠᠮᠢᠶᠠᠷᠤᠯᠲᠠ ᠦᠷᠭᠦᠯᠵᠢᠯᠡᠨ ᠰᠢᠯᠢᠳᠡᠭᠵᠢᠪᠡ᠃ ᠪᠦᠬᠦ ᠬᠤᠳᠠ ᠳᠤ ᠬᠤᠳᠠ | ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ᠂ ᠴᠡᠴᠡᠷᠯᠢᠭ᠂ ᠬᠤᠳᠠ ᠶᠢᠨ ᠶᠠᠪᠤᠳᠠᠯ ᠢ ᠨᠢᠭᠡ | ᠴᠣᠭᠴᠠᠵᠢᠭᠤᠯᠤᠨ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ ᠤᠷᠢᠳᠠᠪᠠᠷ ᠪᠡᠶᠡᠯᠡᠭᠦᠯᠵᠦ᠂ ︽ᠵᠡᠭᠡᠯᠢ ᠭᠤᠳᠤᠮᠵᠢ ᠶᠢᠨ | ᠳᠠᠷᠤᠭ᠎ᠠ ᠶᠢᠨ ᠳᠦᠷᠢᠮ︾ ᠪᠠ ︽ᠡᠭᠦᠳᠡᠨ ᠡᠮᠦᠨ᠎ᠡ ᠠᠷᠤ ᠬᠤᠶᠢᠨ᠎ᠠ ᠪᠠᠨ ᠭᠤᠷᠪᠠ ᠶᠢ ᠳᠠᠭᠠᠭᠠᠴᠢᠯᠠᠭᠤᠯᠬᠤ︾ | ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠴᠢᠩᠱᠠᠨ ᠤ ᠦᠵᠡᠮᠵᠢ︾ ᠶᠢᠨ ᠣᠶᠤᠨᠴᠢ ᠬᠠᠮᠢᠶᠠᠷᠤᠯᠲᠠ ᠶᠢᠨ | ᠲᠠᠪᠴᠠᠩ ᠢ ᠪᠠᠶᠢᠭᠤᠯᠵᠤ᠂ ᠡᠯ᠎ᠡ ᠲᠦᠷᠦᠯ ᠤᠨ ᠳᠤᠷ᠎ᠠ ᠪᠠᠷ ᠢᠶᠠᠨ ᠪᠠᠶᠢᠭᠤᠯᠤᠭᠰᠠᠨ 2000 ᠭᠠᠷᠤᠢ ᠭᠠᠵᠠᠷ᠂ | 30000 ᠭᠠᠷᠤᠢ ᠲᠡᠭᠰᠢ ᠳᠥᠷᠪᠡᠯᠵᠢᠨ ᠮᠧᠲᠷ ᠢ ᠨᠤᠷᠠᠭᠠᠪᠠ᠃ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ | ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠯᠠᠪᠳᠠᠭᠤᠨ ᠢᠶᠠᠷ ᠠᠬᠢᠭᠤᠯᠵᠤ᠂ 109 ᠭᠤᠣᠯᠳᠠᠯᠭ᠎ᠠ ᠲᠠᠢ ᠨᠤᠷᠠᠬᠤ | ᠠᠶᠤᠯᠲᠠᠢ ᠭᠡᠷ ᠪᠠᠶᠢᠰᠢᠩ ᠪᠠ 149 ᠥᠩᠭᠡᠲᠦ ᠪᠣᠯᠣᠳ ᠲᠡᠮᠦᠷ ᠤᠨ ᠭᠡᠷ ᠪᠠᠶᠢᠰᠢᠩ ᠢ ᠪᠦᠬᠦᠨ ᠢ ᠴᠡᠭᠴᠡᠯᠡᠨ | ᠵᠠᠰᠠᠵᠤ᠂ ᠵᠣᠣ ᠵᠢᠶᠠ ᠶᠢᠩ ᠲᠣᠰᠬᠤᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠳᠠᠯᠳᠠ ᠬᠡᠮ ᠢ | ᠲᠤᠶᠢᠯᠪᠤᠷᠢᠲᠠᠢ ᠠᠷᠢᠯᠭᠠᠪᠠ᠃ ᠥᠮᠴᠢᠯᠡᠯ ᠤᠨ ᠡᠷᠬᠡ ᠶᠢᠨ ᠦᠯᠡᠳᠡᠭᠳᠡᠯ ᠠᠰᠠᠭᠤᠳᠠᠯ ᠢ ᠨᠡᠶᠢᠲᠡ 43 ᠰᠢᠢᠳᠪᠦᠷᠢᠯᠡᠵᠦ᠂ | 2.48 ᠲᠦᠮᠡᠨ ᠡᠷᠦᠬᠡ ᠳᠤ ᠠᠰᠢᠭ ᠬᠦᠷᠲᠡᠭᠡᠪᠡ᠃ ᠥᠪᠡᠷᠲᠡᠭᠡᠨ ᠵᠠᠰᠠᠬᠤ ᠣᠷᠣᠨ ᠤ ᠬᠤᠲᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠴᠤᠭᠯᠠᠭᠠᠨ ᠤ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠡᠷᠢᠭ ᠤᠨ ᠮᠡᠷᠭᠡᠵᠢᠯ ᠤᠨ ᠣᠨᠴᠠᠯᠢᠭᠲᠤ ᠰᠣᠶᠣᠯ ᠢᠶᠠᠷ | ᠲᠤᠶᠢᠯ ᠤᠨ ᠶᠡᠭᠡ ᠪᠠᠶᠢᠳᠠᠭ 2 ᠬᠥᠷᠰᠢ ᠵᠡᠷᠭᠡᠯᠡᠳᠡᠭᠡ ᠶᠢᠨ ︽ᠬᠠᠭᠤᠴᠢᠨ︾ ᠨᠡᠶᠢᠭᠡᠮ ᠲᠣᠭᠤᠷᠢᠭ ︽ᠰᠢᠨ᠎ᠡ︾ | ᠠᠮᠢᠵᠢᠷᠠᠯ ᠤᠨ ᠬᠦᠴᠦᠨ ᠲᠠᠢ ᠪᠣᠯᠵᠤ᠂ ᠲᠡᠦᠬᠡ ᠶᠢᠨ ᠥᠩᠭᠡ ᠦᠵᠡᠮᠵᠢ ᠶᠢᠨ ᠲᠣᠭᠤᠷᠢᠭ ᠤᠨ ᠥᠯᠢᠭᠡᠷ ᠳᠠᠭᠤᠷᠢᠶᠠᠯ | ᠪᠣᠯᠭᠠᠨ ᠪᠠᠶᠢᠭᠤᠯᠵᠤ᠂ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢ ᠪᠥᠬᠦ ᠤᠯᠤᠰ ᠤᠨ ᠵᠢᠵᠢᠭ ᠬᠠᠭᠤᠴᠢᠨ | ᠲᠣᠭᠤᠷᠢᠭ ᠢ ᠥᠭᠡᠷᠡᠴᠢᠯᠡᠬᠦ ᠠᠵᠢᠯ ᠤᠨ ᠬᠤᠷᠠᠯ ᠳᠡᠭᠡᠷ᠎ᠡ ᠵᠢᠱᠢᠶ᠎ᠡ ᠦᠵᠡᠭᠦᠯᠦᠨ ᠳᠡᠯᠭᠡᠷᠡᠭᠦᠯᠪᠡ᠃ ᠬᠤᠪᠢᠰᠬᠠᠯ ᠤᠨ | ᠠᠳᠠᠯ ᠠᠬᠤᠢ ᠶᠢᠨ ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠵᠤ᠂ ᠬᠤᠪᠢᠰᠬᠠᠯ ᠤᠨ ᠠᠳᠠᠯ ᠠᠬᠤᠢ ᠶᠢᠨ ᠵᠢᠱᠢᠶ᠎ᠡ | ᠦᠵᠡᠭᠦᠯᠬᠦ ᠴᠡᠭ ᠢ 2 ᠪᠠᠶᠢᠭᠤᠯᠵᠤ᠂ ᠠᠵᠢᠯ ᠦᠢᠯᠡᠰ ᠤᠨ ᠵᠥᠪᠯᠡᠯ ᠤᠨ ᠵᠣᠬᠢᠶᠠᠨ ᠪᠠᠶᠢᠭᠤᠯᠤᠭᠰᠠᠨ ᠨᠣᠷᠮ᠎ᠠ | 60% ᠳᠤ ᠬᠦᠷᠪᠡ᠃ ᠬᠤᠭ ᠨᠣᠪᠰᠢ ᠶᠢ ᠲᠥᠷᠥᠯ ᠬᠤᠪᠢᠶᠠᠬᠤ ᠶᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ | ︽ᠰᠠᠭᠤᠯᠠᠭ᠎ᠠ ᠶᠢ ᠬᠠᠰᠤᠵᠤ ᠴᠡᠭ ᠢ ᠨᠡᠶᠢᠯᠡᠭᠦᠯᠬᠦ︾ ᠶᠢ ᠰᠢᠨ᠎ᠡ ᠪᠠᠷ ᠡᠭᠦᠳᠦᠨ ᠥᠷᠨᠢᠭᠦᠯᠵᠦ᠂ ᠬᠤᠷᠢᠶᠠᠨ ᠠᠪᠴᠢᠷᠠᠬᠤ | ᠣᠶᠤᠨᠴᠢ ᠲᠥᠬᠦᠭᠡᠷᠦᠮᠵᠢ ᠶᠢ ᠲᠣᠬᠢᠷᠠᠭᠤᠯᠤᠨ᠂ ᠰᠠᠭᠤᠭᠠᠯᠢ ᠠᠷᠠᠳ ᠤᠨ ᠲᠣᠭᠤᠷᠢᠭ ᠤᠨ ᠡᠬᠢ ᠡᠭᠦᠰᠦᠯ ᠤᠨ ᠲᠥᠷᠥᠯ | ᠠᠩᠭᠢᠯᠠᠯ ᠤᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠪᠡ᠃ ︽ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ | ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠫᠥᠸᠧ ᠯᠥᠸᠧ ᠫᠦ᠋ ᠵᠡᠷᠭᠡ 6 ᠲᠣᠰᠬᠤᠨ ᠤ ᠪᠣᠬᠢᠷ ᠤᠰᠤᠨ ᠤ | ᠬᠤᠭᠤᠯᠠᠢ ᠶᠢᠨ ᠲᠣᠣᠷ ᠢ ᠥᠭᠡᠷᠡᠴᠢᠯᠡᠬᠦ ᠢᠨᠵᠧᠨᠧᠷᠢᠩ ᠢ ᠪᠦᠬᠦᠨ ᠢ ᠳᠠᠭᠤᠰᠬᠠᠵᠤ᠂ ᠬᠥᠳᠡᠭᠡ ᠲᠣᠰᠬᠤᠨ ᠤ | ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠨᠤᠷᠮ᠎ᠠ 100% ᠳᠤ ᠬᠦᠷᠵᠤ᠂ ᠬᠥᠳᠡᠭᠡ ᠲᠣᠰᠬᠤᠨ ᠤ | ᠳᠦᠷᠰᠦ ᠪᠠᠶᠢᠳᠠᠯ ᠢ ᠴᠤ ᠰᠢᠨ᠎ᠡ ᠪᠠᠶᠢᠳᠠᠯ ᠲᠠᠢ ᠪᠣᠯᠭᠠᠪᠠ᠃ | ᠠᠮᠢ ᠠᠬᠤᠢ ᠶᠢᠨ ᠵᠠᠰᠠᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠪᠠ᠃ ᠪᠣᠬᠢᠷᠲᠤᠯ ᠢ ᠰᠡᠷᠭᠡᠶᠢᠯᠡᠨ | ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠭᠦᠨᠵᠡᠭᠡᠢ ᠰᠠᠶᠢᠲᠤᠷ ᠬᠢᠵᠦ᠂ ᠲᠥᠪ ᠤᠨ ᠣᠷᠴᠢᠨ ᠠᠬᠤᠢ ᠶᠢᠨ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠪᠦᠬᠦᠨ ᠢ | ᠰᠢᠢᠳᠪᠦᠷᠢᠯᠡᠵᠦ ᠳᠠᠭᠤᠰᠬᠠᠪᠠ᠃ ᠤᠰᠤ ᠬᠠᠩᠭᠠᠬᠤ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠵᠤ᠂ ᠳ᠋ᠠᠩ | ᠫᠦ᠋ ᠲᠣᠰᠬᠤᠨ ᠪᠠ ᠶᠠᠩ ᠱᠠᠨ ᠶᠣᠣ ᠲᠣᠰᠬᠤᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ | ᠣᠷᠣᠨ ᠢ ᠵᠠᠭᠠᠭᠯᠠᠨ ᠲᠣᠭᠲᠠᠭᠠᠵᠤ᠂ ᠬᠤᠶᠢᠲᠤ ᠲᠡᠭᠦᠷᠭᠡ ᠶᠢᠨ ᠦᠶᠡᠷ ᠢ ᠬᠠᠰᠢᠬᠤ ᠭᠤᠸ᠂ ᠳ᠋ᠦᠩ ᠳ᠋ᠡ ᠭᠤᠸ᠂ ᠡᠯ | ᠯᠣᠸ ᠬᠤ ᠭᠤᠸ ᠵᠡᠷᠭᠡ ᠭᠤᠣᠯ ᠤᠨ ᠵᠠᠮ ᠢ ᠵᠠᠰᠠᠬᠤ ᠢᠨᠵᠧᠨᠧᠷᠢᠩ ᠢ ᠪᠡᠶᠡᠯᠡᠭᠦᠯᠵᠦ᠂ ︽8 · 13︾ ᠤ ᠣᠨᠴᠠ ᠶᠡᠭᠡ | ᠰᠢᠷᠦᠭᠦᠨ ᠪᠣᠷᠣᠭᠠᠨ ᠢ ᠲᠡᠭᠦᠰ ᠠᠮᠵᠢᠯᠲᠠ ᠲᠠᠢ ᠰᠢᠢᠳᠪᠦᠷᠢᠯᠡᠪᠡ᠃ ᠠᠭᠠᠷ ᠤᠨ ᠴᠢᠨᠠᠷ ᠴᠢᠨᠰᠠᠭ᠎ᠠ ᠶᠢ ᠪᠦᠲᠦᠮᠵᠢᠲᠡᠶ | ᠰᠠᠶᠢᠵᠢᠷᠠᠭᠤᠯᠵᠤ᠂ ᠤᠮᠠᠷᠠᠲᠤ ᠶᠢᠨ ᠬᠦᠨᠳᠦ ᠲᠣᠭᠤᠰᠣ ᠠᠷᠢᠯᠭᠠᠬᠤ ᠰᠢᠰᠲ᠋ᠧᠮ᠂ ᠨᠢᠭᠡᠳᠦᠭᠡᠷ ᠮᠠᠰᠢᠨ ᠮᠧᠬᠠᠨᠢᠭ ᠤᠨ | ᠠᠭᠠᠷ ᠮᠠᠨᠳᠠᠯ ᠢ ᠵᠠᠰᠠᠬᠤ ᠵᠡᠷᠭᠡ ᠢᠨᠵᠧᠨᠧᠷᠢᠩ ᠢ ᠪᠡᠶᠡᠯᠡᠭᠦᠯᠵᠦ᠂ ᠠᠭᠠᠷ ᠤᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠳᠤ | ᠬᠦᠷᠬᠦ ᠡᠳᠦᠷ ᠤᠨ ᠲᠤᠭ᠎ᠠ ᠶᠢ 326 ᠡᠳᠦᠷ ᠪᠣᠯᠭᠠᠵᠤ᠂ ᠠᠳᠠᠯᠢ ᠬᠤᠭᠤᠴᠠᠭᠠᠨ ᠤ ᠬᠢ ᠠᠴᠠ 23 ᠡᠳᠦᠷ | ᠨᠡᠮᠡᠭᠳᠡᠭᠦᠯᠪᠡ᠃ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠡᠵᠡᠮᠳᠡᠬᠦ︾ ᠡᠯ᠎ᠡ ᠵᠦᠢᠯ ᠤᠨ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ 4000 ᠮᠦ ᠥᠨᠳᠥᠷ ᠪᠠᠷᠢᠮᠵᠢᠶᠠᠲᠤ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ | ᠣᠶ ᠶᠢ ᠰᠢᠨ᠎ᠡ ᠪᠠᠷ ᠪᠤᠶᠢᠵᠢᠭᠤᠯᠪᠠ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠭᠤᠷᠬᠠᠢ ᠶᠢᠨ ᠣᠷᠴᠢᠨ | ᠲᠣᠭᠤᠷᠢᠨ ᠤ ᠵᠠᠰᠠᠯᠲᠠ ᠪᠠ ᠠᠮᠢ ᠠᠬᠤᠢ ᠶᠢᠨ ᠰᠡᠷᠭᠦᠭᠡᠯᠲᠡ ᠶᠢ ᠦᠷᠭᠦᠯᠵᠢᠯᠡᠨ ᠠᠬᠢᠭᠤᠯᠵᠤ᠂ 8000 ᠲᠦᠮᠡᠨ | ᠲᠥᠭᠦᠷᠢᠭ ᠤᠨ ᠪᠡᠯᠡ ᠣᠷᠣᠭᠤᠯᠤᠯᠲᠠ ᠶᠢ ᠰᠢᠨ᠎ᠡ ᠪᠠᠷ ᠨᠡᠮᠡᠭᠳᠡᠭᠦᠯᠵᠦ᠂ 4000 ᠮᠦ ᠣᠶᠢᠵᠢᠭᠤᠯᠵᠤ | ᠨᠣᠭᠤᠭᠠᠷᠠᠭᠤᠯᠬᠤ᠂ 1000 ᠮᠦ ᠠᠭᠤᠷᠬᠠᠢ ᠶᠢᠨ ᠣᠷᠴᠢᠨ ᠲᠣᠭᠤᠷᠢᠨ ᠤ ᠵᠠᠰᠠᠯᠲᠠ ᠶᠢ ᠪᠡᠶᠡᠯᠡᠭᠦᠯᠪᠡ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ | ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠡᠳ᠋ | ᠪᠠᠷᠠᠭᠠᠨ ᠤ ᠭᠦᠢᠯᠭᠡᠭᠡᠨ ᠤ ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠ ᠰᠤᠳᠤᠯᠭᠠᠨ ᠤ | ᠬᠦᠷᠢᠶᠡᠯᠡᠩ ᠪᠠᠶᠢᠭᠤᠯᠤᠭᠳᠠᠪᠠ᠃ | ︵ᠳᠥᠷᠪᠡ︶ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠳᠤᠲᠠᠭᠤᠳᠠᠯ ᠢᠶᠠᠨ ᠨᠥᠬᠦᠪᠦᠷᠢᠯᠡᠵᠦ᠂ ᠠᠷᠠᠳ ᠤᠨ | ᠠᠮᠢᠳᠤᠷᠠᠯ ᠳᠤ ᠰᠢᠨ᠎ᠡ ᠪᠤᠶᠠᠨ ᠵᠢᠷᠭᠠᠯ ᠨᠡᠮᠡᠷᠢᠯᠡᠪᠡ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠠᠭᠤᠷᠢ ᠱᠤᠭᠤᠮ ᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠢᠯᠧᠲ ᠥᠭᠭᠦᠯᠲᠡ ᠪᠠᠷ ᠠᠷᠠᠳ ᠤᠨ ᠠᠮᠢᠳᠤᠷᠠᠯ ᠤᠨ 10 ᠪᠣᠳᠠᠲᠤ ᠶᠠᠪᠤᠳᠠᠯ ᠢ ᠴᠢᠨᠠᠷ ᠰᠠᠶᠢᠲᠠᠢ | ᠪᠡᠶᠡᠯᠡᠭᠦᠯᠬᠦ ᠪᠠᠷ ᠲᠣᠭᠲᠠᠪᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠥᠬᠦ | ᠲᠠᠯ᠎ᠠ ᠪᠠᠷ ᠴᠢᠩᠭᠠᠷᠠᠭᠤᠯᠵᠤ᠂ ᠬᠤᠲᠠ ᠪᠠᠯᠭᠠᠰᠤᠨ ᠳᠤ 1.29 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ | 1.21 ᠲᠦᠮᠡᠨ ᠬᠥᠮᠥᠨ ᠳᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠢᠵᠦ᠂ 8204 | ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠵᠤ᠂ ᠬᠤᠲᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.9% ᠶᠢᠨ ᠳᠣᠲᠣᠷ᠎ᠠ ᠬᠢᠵᠠᠭᠠᠷᠯᠠᠪᠠ᠃ | ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠨᠠᠷᠢᠯᠢᠭ ᠤᠨᠤᠪᠴᠢᠲᠠᠢ ᠢᠶᠠᠷ ᠥᠷᠭᠡᠳᠬᠡᠬᠦ ᠶᠢ ᠶᠡᠭᠡ ᠪᠠᠷ ᠲᠦᠯᠬᠢᠨ | ᠠᠬᠢᠭᠤᠯᠵᠤ᠂ ᠳᠠᠭᠠᠳᠬᠠᠯ ᠳᠤ ᠣᠷᠣᠯᠴᠠᠭᠰᠠᠨ ᠬᠥᠮᠥᠨ 8104 ᠰᠢᠨ᠎ᠡ ᠪᠠᠷ ᠨᠡᠮᠡᠭᠳᠡᠪᠡ᠃ ᠡᠮ ᠡᠮᠨᠡᠯᠭᠡ ᠶᠢᠨ | ᠳᠠᠭᠠᠳᠬᠠᠯ ᠤᠨ ᠭᠠᠷᠲᠠᠨ ᠭᠦᠢᠴᠡᠳᠬᠡᠬᠦ ᠲᠥᠪ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡᠨ ᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠳᠤ ᠡᠩ ᠲᠡᠷᠢᠭᠦᠨ ᠳᠤ ︽ᠡᠶ᠎ᠡ ᠵᠣᠬᠢᠴᠠᠯ ᠲᠠᠢ ᠴᠢᠩᠱᠠᠨ︾ ᠤ ᠬᠥᠳᠡᠯᠮᠦᠷᠢ ᠬᠦᠴᠦ ᠬᠡᠷᠡᠭᠯᠡᠬᠦ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠬᠥᠯᠥᠰᠦᠨ ᠠᠵᠢᠯᠴᠢᠨ ᠳᠤ 1400 ᠭᠠᠷᠤᠢ ᠲᠦᠮᠡᠨ | ᠲᠥᠭᠦᠷᠢᠭ ᠤᠨ ᠴᠠᠯᠢᠩ ᠥᠷᠢᠲᠦᠬᠦ ᠶᠢ ᠨᠡᠬᠡᠮᠵᠢᠯᠡᠨ ᠠᠪᠴᠤ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ | ᠨᠢ ︽ᠪᠥᠬᠦ ᠤᠯᠤᠰ ᠤᠨ ᠵᠢᠱᠢᠶᠡᠴᠢ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠡᠭᠦᠳᠦᠨ ᠪᠠᠶᠢᠭᠤᠯᠬᠤ | ᠵᠢᠱᠢᠶ᠎ᠡ ᠦᠵᠡᠭᠦᠯᠬᠦ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︾ ᠢᠶᠠᠷ ᠦᠨᠡᠯᠡᠭᠳᠡᠪᠡ᠃ ᠣᠯᠠᠨ ᠡᠰᠢᠲᠦ | ᠬᠠᠷᠢᠯᠴᠠᠨ ᠨᠥᠬᠦᠪᠦᠷᠢᠯᠡᠬᠦ᠂ ᠣᠯᠠᠨ ᠱᠠᠲᠤ ᠬᠤᠯᠪᠤᠭᠠᠯᠠᠨ ᠬᠥᠳᠡᠯᠦᠯᠴᠡᠭᠰᠡᠨ ᠨᠠᠰᠤᠵᠢᠯ ᠤᠨ ᠦᠢᠯᠡᠴᠢᠯᠡᠭᠡᠨ ᠤ | ᠡᠵᠡᠩᠨᠡᠯᠲᠡ ᠶᠢᠨ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠶᠦᠩ ᠱᠧᠩ ᠴᠧᠩ ᠪᠦᠯᠦᠭᠯᠡᠯ ᠤᠨ ᠨᠡᠶᠢᠭᠡᠮ | ᠲᠣᠭᠤᠷᠢᠭ ᠤᠨ ᠠᠬᠠᠮᠠᠳ ᠪᠠᠭᠠᠴᠤᠳ ᠤᠨ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ ᠶᠢᠨ ᠥᠯᠢᠭᠡᠷ ᠳᠠᠭᠤᠷᠢᠶᠠᠯ | ᠪᠠᠶᠢᠭᠤᠯᠬᠤ ᠶᠢ ᠳᠡᠮᠵᠢᠵᠦ᠂ ᠪᠥᠬᠦ ᠲᠤᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ | ᠨᠠᠰᠤᠵᠢᠯ ᠤᠨ ᠦᠢᠯᠡᠴᠢᠯᠡᠭᠡᠨ ᠤ ᠥᠷᠲᠡᠭᠡ ᠴᠡᠭ ᠢ 50 ᠳᠤ ᠬᠦᠷᠦᠭᠦᠯᠵᠦ᠂ ᠠᠷᠠᠴᠢᠯᠠᠨ ᠬᠠᠮᠠᠭᠠᠯᠠᠬᠤ | ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠭᠤᠣᠯ ᠴᠣᠭᠴᠠ ᠶᠢᠨ ᠠᠵᠢᠯ ᠢ ᠳᠠᠭᠤᠰᠬᠠᠪᠠ᠃ ᠴᠡᠷᠢᠭ ᠤᠨ | ᠬᠥᠮᠥᠨ ᠤ ᠢᠷᠠᠭᠤ ᠠᠯᠳᠠᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠦᠨᠡᠮᠯᠡᠯ ᠢ 1.2 ᠲᠦᠮᠡᠨ ᠭᠤᠶᠤᠴᠢᠯᠠᠨ | ᠣᠯᠭᠤᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠯᠦᠭᠡᠲᠦ ᠵᠠᠮ ᠤᠨ ᠵᠡᠭᠡᠯᠢ ᠭᠤᠳᠤᠮᠵᠢ ᠶᠢᠨ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠥᠪᠡᠷᠲᠡᠭᠡᠨ ᠵᠠᠰᠠᠬᠤ ᠣᠷᠣᠨ ᠤ ᠲᠠᠰ ᠤᠨ ᠬᠡᠪ | ᠳᠠᠭᠤᠷᠢᠶᠠᠯ ᠮᠠᠶ᠋ᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠪᠠᠷ | ᠦᠨᠡᠯᠡᠭᠳᠡᠪᠡ᠃ | ᠤᠯᠠᠨ ᠨᠡᠶᠢᠲᠡ ᠶᠢᠨ ᠦᠢᠯᠡᠴᠢᠯᠡᠭᠡᠨ ᠤ ᠲᠡᠰ ᠢ ᠳᠡᠭᠡᠭᠰᠢᠯᠡᠭᠦᠯᠦᠨ ᠲᠡᠰ ᠳᠡᠪᠰᠢᠭᠦᠯᠪᠡ᠃ ᠰᠢᠯᠢᠳᠡᠭ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠦᠷᠭᠦᠯᠵᠢᠯᠡᠨ ᠥᠷᠭᠡᠳᠬᠡᠵᠦ᠂ ᠬᠠᠳᠠ ᠵᠠᠮ ᠤᠨ ᠪᠠᠭ᠎ᠠ | ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠰᠠᠨ ᠵᠢᠭᠠᠨ ᠰᠤᠷᠭᠠᠯᠲᠠ ᠶᠢᠨ ᠠᠰᠠᠷ ᠤᠨ ᠭᠤᠣᠯ ᠴᠣᠭᠴᠠ ᠶᠢᠨ ᠠᠵᠢᠯ | ᠳᠠᠭᠤᠰᠴᠤ᠂ ᠨᠢᠭᠡᠳᠦᠭᠡᠷ ᠮᠠᠰᠢᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠤᠮᠠᠷᠠᠲᠤ ᠶᠢᠨ ᠬᠦᠨᠳᠦ ᠠᠵᠤ | ᠦᠢᠯᠡᠳᠪᠦᠷᠢ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ ᠢ | ᠠᠰᠢᠭᠯᠠᠯᠲᠠ ᠳᠤ ᠣᠷᠣᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠷᠳᠡᠮ ᠤᠨ ᠴᠣᠯᠠ ᠶᠢ | 810 ᠰᠢᠨ᠎ᠡ ᠪᠠᠷ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ | ᠤᠨ ᠵᠢᠱᠢᠶ᠎ᠡ ᠦᠵᠡᠭᠦᠯᠬᠦ ᠲᠣᠭᠤᠷᠢᠭ ᠢᠶᠠᠷ ᠰᠤᠩᠭᠤᠭᠳᠠᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠭᠦᠨᠵᠡᠭᠡᠢ ᠲᠦᠯᠬᠢᠨ ᠠᠬᠢᠭᠤᠯᠵᠤ᠂ 265 ᠰᠢᠯᠢᠳᠡᠭ ᠪᠠᠭᠰᠢ ᠶᠢ | ᠡᠯᠰᠡᠵᠦ᠂ ᠰᠤᠷᠤᠯᠭ᠎ᠠ ᠠᠯᠳᠠᠭᠰᠠᠨ ᠪᠠ ᠰᠤᠷᠤᠯᠭ᠎ᠠ ᠪᠠᠨ ᠳᠣᠷᠭᠤᠨ ᠵᠣᠭᠰᠣᠭᠰᠠᠨ ᠰᠣᠷᠣᠭᠴᠢ ᠶᠢ ᠬᠥᠳᠡᠯᠦᠩᠭᠦᠢ ᠪᠠᠷ | ᠲᠡᠭ ᠪᠣᠯᠭᠠᠵᠤ᠂ ︽ᠰᠣᠷᠣᠭᠴᠢ ᠣᠯᠠᠨᠲᠠᠢ ᠠᠩᠭᠢ ᠶᠢᠨ ᠲᠤᠭ᠎ᠠ︾ ᠶᠢ ᠪᠥᠬᠦ ᠲᠠᠯ᠎ᠠ ᠪᠠᠷ ᠪᠠᠭᠠᠰᠬᠠᠵᠤ᠂ ᠪᠥᠬᠦ | ᠬᠤᠲᠠ ᠶᠢᠨ ᠴᠣᠷ ᠤᠨ ᠭᠠᠭᠴᠠ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢᠨ ᠨᠣᠷᠮ᠎ᠠ ᠶᠢᠨ ᠪᠠᠷᠢᠮᠵᠢᠶ᠎ᠠ ᠳᠤ | ᠬᠦᠷᠦᠭᠰᠡᠨ ᠬᠤᠰᠢᠭᠤ ᠰᠢᠶᠠᠨ ᠲᠣᠭᠤᠷᠢᠭ ᠢᠶᠠᠷ ᠰᠣᠩᠭᠤᠭᠳᠠᠪᠠ᠃ ︽ᠲᠠᠪᠤᠨ ᠬᠥᠮᠦᠵᠢᠯ︾ ᠢ ᠵᠡᠷᠭᠡ ᠪᠠᠷ ᠡᠷᠬᠢᠮᠯᠡᠬᠦ | ᠣᠶᠢᠯᠠᠭᠠᠭᠳᠠᠬᠤᠨ ᠢ ᠬᠢᠨᠠᠮᠠᠭᠠᠢ ᠦᠢᠯᠡᠳᠦᠯᠭᠡᠵᠢᠭᠦᠯᠵᠦ᠂ ︽ᠬᠤᠶᠠᠷ ᠢ ᠬᠦᠩᠭᠡᠷᠡᠭᠦᠯᠬᠦ︾ ᠦᠷ᠎ᠡ ᠪᠦᠲᠦᠮᠵᠢ ᠶᠢ | ᠪᠠᠬᠢᠵᠢᠭᠦᠯᠵᠦ᠂ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠢ ᠰᠤᠷᠭᠠᠨ | ᠬᠥᠮᠦᠵᠢᠯ ᠤᠨ ᠶᠠᠮᠤᠨ ᠠᠴᠠ ᠲᠤᠷᠰᠢᠯᠭ᠎ᠠ ᠠᠷᠭ᠎ᠠ ᠬᠢᠳᠡᠯ ᠢ ᠳᠡᠯᠭᠡᠷᠡᠭᠦᠯᠬᠦ ᠨᠠᠷᠢᠨ ᠲᠠᠩᠰᠠᠨ ᠳᠤ ᠵᠢᠭᠰᠠᠭᠠᠨ | ᠣᠷᠣᠭᠤᠯᠵᠤ᠂ ᠭᠡᠷ ᠪᠦᠯᠢ ᠰᠤᠷᠭᠠᠭᠤᠯᠢ ᠨᠡᠶᠢᠭᠡᠮ ᠤᠨ ᠬᠠᠮᠲᠤᠷᠠᠨ ᠬᠥᠮᠥᠨ ᠬᠥᠮᠥᠵᠢᠭᠦᠯᠦᠭᠰᠡᠨ ᠬᠡᠷᠡᠭ ᠤᠨ ᠵᠢᠱᠢᠶ᠎ᠡ | ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ︽2022 ᠣᠨ ᠤ ᠪᠥᠬᠦ ᠤᠯᠤᠰ ᠤᠨ ᠰᠤᠷᠭᠠᠨ | ᠬᠥᠮᠦᠵᠢᠯ ᠤᠨ ᠰᠢᠰᠲ᠋ᠧᠮ ᠤᠨ ᠪᠠᠶᠢᠭᠤᠯᠭ᠎ᠠ ᠶᠢᠨ ᠠᠵᠢᠯ ᠤᠨ ᠵᠥᠪᠯᠡᠯ ᠤᠨ ᠬᠠᠮᠤᠭ ᠤᠨ ᠰᠠᠶᠢᠨ ᠬᠡᠷᠡᠭ ᠤᠨ ᠵᠢᠱᠢᠶ᠎ᠡ︾ | ᠪᠠᠷ ᠦᠨᠡᠯᠡᠭᠳᠡᠪᠡ᠃ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠵᠦ᠂ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠲᠣᠮᠣ | ᠠᠰᠠᠷ ᠤᠨ ᠭᠤᠣᠯ ᠴᠣᠭᠴᠠ ᠶᠢᠨ ᠠᠵᠢᠯ ᠳᠠᠭᠤᠰᠴᠤ᠂ ᠪᠥᠬᠦ ᠲᠤᠭᠤᠷᠢᠭ ᠤᠨ ᠭᠤᠣᠯᠳᠠᠯᠭ᠎ᠠ ᠲᠠᠢ ᠬᠥᠮᠥᠰ ᠤᠨ ᠭᠡᠷ | ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠨᠣᠷᠮ᠎ᠠ ᠶᠢ 85% ᠳᠤ ᠬᠦᠷᠦᠭᠦᠯᠵᠦ᠂ ᠰᠠᠭᠤᠭᠠᠯᠢ ᠠᠷᠠᠳ ᠤᠨ | ᠬᠠᠨᠤᠮᠵᠢ ᠶᠢᠨ ᠬᠡᠮᠵᠢᠶ᠎ᠡ 97% ᠬᠦᠷᠴᠡᠢ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ | ᠭᠦᠨᠵᠡᠭᠡᠢ ᠬᠡᠷᠡᠭᠵᠢᠭᠦᠯᠵᠦ᠂ ᠴᠢᠩᠱᠠᠨ ᠲᠣᠭᠤᠷᠢᠭ ᠤᠨ ᠨᠣᠮ ᠤᠨ ᠰᠠᠩ ᠤᠨ ᠠᠵᠤ ᠦᠢᠯᠡᠳᠪᠦᠷᠢ ᠶᠢᠨ ᠬᠤᠪᠢᠶᠠᠷᠢ | ᠣᠷᠳᠣᠨ ᠢ ᠪᠠᠶᠢᠭᠤᠯᠤᠨ᠂ ᠪᠥᠬᠦ ᠬᠤᠲᠠ ᠶᠢᠨ ᠠᠩᠬᠠᠳᠠᠭᠴᠢ ᠬᠤᠰᠢᠭᠤ ᠰᠢᠶᠠᠨ ᠲᠣᠭᠤᠷᠢᠭ ᠤᠨ ᠲᠠᠰ ᠤᠨ ᠤᠷᠠᠨ | ᠵᠢᠷᠤᠭ ᠤᠨ ᠣᠷᠳᠣᠨ ᠢ ᠪᠠᠶᠢᠭᠤᠯᠤᠨ ᠳᠠᠭᠤᠰᠬᠠᠵᠤ᠂ ᠷᠠᠳᠢᠣ᠋ ᠵᠦᠴᠦᠭᠡ ︽ᠬᠦᠰᠡᠯ ᠵᠡᠭᠦᠳᠦ ᠪᠠᠨ ᠲᠡᠷᠭᠡᠯᠰᠢᠭᠦᠯᠬᠦ | ᠴᠡᠷᠢᠭ ᠤᠨ ᠠᠵᠤ ᠦᠢᠯᠡᠳᠪᠦᠷᠢ︾ ᠨᠢ ᠥᠪᠡᠷᠲᠡᠭᠡᠨ ᠵᠠᠰᠠᠬᠤ ᠣᠷᠣᠨ ᠤ ︽ᠲᠠᠪᠦ ᠨᠢᠭᠡ ᠶᠢᠨ ᠢᠨᠵᠧᠨᠧᠷᠢᠩ︾ ᠤᠨ | ᠱᠠᠩᠨᠠᠯ ᠢᠶᠠᠷ ᠦᠨᠡᠯᠡᠭᠳᠡᠵᠦ᠂ 15 ᠪᠦᠲᠦᠭᠡᠯ ᠨᠢ ᠪᠤᠭᠤᠲᠤ ᠬᠤᠲᠠ ᠶᠢᠨ ︽ᠲᠠᠪᠦ ᠨᠢᠭᠡ ᠶᠢᠨ ᠢᠨᠵᠧᠨᠧᠷᠢᠩ︾ ᠤᠨ | ᠱᠠᠩᠨᠠᠯ᠂ ᠤᠳᠬ᠎ᠠ ᠤᠷᠠᠯᠢᠭ ᠢ ᠬᠥᠭᠵᠢᠭᠦᠯᠦᠨ ᠮᠠᠨᠳᠤᠭᠤᠯᠬᠤ ᠱᠠᠩᠨᠠᠯ ᠬᠦᠷᠲᠡᠪᠡ᠃ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠳᠡᠯᠭᠡᠷᠡᠩᠭᠦᠢ ᠪᠠᠷ ᠥᠷᠨᠢᠭᠦᠯᠵᠦ᠂ ᠪᠦᠬᠦ ᠤᠯᠤᠰ ᠤᠨ ᠡᠷᠡᠭᠲᠡᠢ ᠶᠢᠨ | ᠤᠰᠤᠨ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠤᠯᠤᠰ ᠤᠨ ᠳᠣᠲᠣᠭᠠᠳᠤ ᠶᠢᠨ ᠲᠡᠷᠢᠭᠦᠨ | ᠲᠡᠰ ᠤᠨ ᠤᠷᠤᠯᠳᠤᠭᠠᠨ ᠢ ᠠᠮᠵᠢᠯᠲᠠ ᠲᠠᠢ ᠪᠠᠷ ᠡᠷᠬᠢᠯᠡᠵᠦ᠂ ᠪᠦᠬᠦ ᠬᠤᠳᠠ ᠶᠢᠨ ᠴᠤᠷ ᠤᠨ ᠭᠠᠭᠴᠠ ᠵᠠᠯᠠᠭᠤᠴᠤᠳ | ᠪᠠᠭᠠᠴᠤᠳ ᠤᠨ ᠮᠥᠰᠥ ᠲᠡᠰᠢᠯᠲᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠠᠵᠢᠯ ᠡᠬᠢᠯᠡᠭᠦᠯᠦᠨ ᠡᠵᠡᠩᠨᠡᠵᠦ᠂ | ᠬᠤᠳᠠ ᠶᠢᠨ ᠨᠡᠷᠡᠳᠤ ᠲᠡᠮᠳᠡᠭ ᠤᠨ ᠨᠥᠯᠥᠭᠡᠯᠡᠬᠦ ᠬᠦᠴᠦᠨ ᠢᠯᠡᠳᠲᠡ ᠴᠢᠩᠭᠠᠷᠠᠪᠠ᠃ | ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠭᠡᠯ ᠡᠯᠪᠡᠭ ᠳᠡᠯᠪᠡᠭ ᠪᠣᠯᠪᠠ᠃ ᠨᠡᠶᠢᠭᠡᠮ ᠲᠣᠭᠤᠷᠢᠭ ᠤᠨ ᠤᠯᠠᠨ | ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠲᠣᠭᠤᠷᠢᠭ ᠤᠨ | ᠲᠤᠤᠷᠵᠢᠯᠲᠠ ᠶᠢ 127 ᠨᠡᠮᠡᠨ ᠪᠠᠶᠢᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠴᠠᠯᠢᠩ ᠣᠯᠭᠤᠮᠵᠢ ᠶᠢ | ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠬᠤᠳᠠ ᠳᠤ ᠨᠡᠶᠢᠭᠡᠮ ᠲᠣᠭᠤᠷᠢᠭ ᠤᠨ ᠠᠵᠢᠯᠲᠠᠨ ᠤ ᠲᠤᠰᠢᠶᠠᠯ ᠤᠨ ᠲᠡᠰ ᠢ | ᠳᠡᠪᠰᠢᠭᠦᠯᠬᠦ ᠳᠦᠷᠢᠮ ᠢ ᠤᠷᠢᠳᠠᠪᠠᠷ ᠪᠠᠶᠢᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠢ ᠨᠡᠩ ᠡᠷᠴᠢ ᠵᠣᠷᠢᠭ ᠲᠠᠢ᠂ | ᠨᠡᠩ ᠵᠢᠳᠬᠦᠯ ᠴᠢᠷᠮᠠᠶᠢᠯᠭ᠎ᠠ ᠲᠠᠢ ᠪᠤᠯᠭᠠᠪᠠ᠃ ︽123+X︾ ᠨᠡᠶᠢᠭᠡᠮ ᠲᠣᠭᠤᠷᠢᠭ ᠤᠨ ᠰᠠᠶᠢᠨ ᠳᠤᠷᠠᠴᠤᠤᠯ ᠤᠨ | ᠡᠩᠨᠡᠭᠡᠨ ᠤ ᠪᠠᠶᠢᠭᠤᠯᠤᠯᠲᠠ ᠶᠢᠨ ᠵᠠᠭᠪᠤᠷ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠵᠠᠰᠠᠯᠲᠠ ᠶᠢᠨ ᠲᠤᠷᠰᠢᠯᠭ᠎ᠠ ᠶᠢ | ᠪᠦᠬᠦ ᠤᠯᠤᠰ ᠲᠤ ᠳᠡᠯᠭᠡᠷᠡᠭᠦᠯᠪᠡ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠨ ᠠᠷᠢᠯᠭᠠᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠪᠡ᠃ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ | ᠡᠯ᠎ᠡ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ | ᠵᠠᠰᠠᠬᠤ ᠶᠢ ᠭᠦᠨᠵᠡᠭᠡᠢ ᠥᠷᠨᠢᠭᠦᠯᠵᠦ᠂ ᠪᠥᠬᠦ ᠲᠤᠭᠤᠷᠢᠭ ᠤᠨ ᠠᠶᠦᠯᠭᠦᠢ ᠦᠢᠯᠡᠳᠪᠦᠷᠢᠯᠡᠯ ᠤᠨ ᠪᠠᠶᠢᠳᠠᠯ | ᠦᠷᠭᠦᠯᠵᠢᠯᠡᠨ ᠲᠣᠭᠲᠠᠭᠤᠨ ᠪᠤᠢ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ ᠦᠵᠡᠵᠦ ᠰᠣᠨᠢᠷᠬᠠᠬᠤ | ᠳᠤᠷᠠᠲᠠᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠣᠬᠤᠷ ᠬᠠᠷᠠᠭᠠᠨ ᠳᠠᠪᠲᠠᠮᠵᠢ ᠶᠢ ᠨᠠᠪᠲᠠᠷᠡᠭᠦᠯᠵᠦ᠂ | ︽ᠨᠠᠰᠤᠵᠢᠯ ᠤᠨ ᠠᠰᠠᠷᠠᠮᠵᠢ ᠶᠢ ᠬᠦᠨᠦᠭᠡᠬᠦ ᠦᠭᠡᠢ︾ ᠭᠡᠬᠦ ᠪᠦᠲᠦᠭᠡᠯ ᠨᠢ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠤᠨ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠭᠰᠠᠨ | ᠪᠦᠲᠦᠭᠡᠯ ᠤᠨ ᠨᠢᠭᠡᠳᠦᠭᠡᠷ ᠲᠤ ᠣᠷᠣᠪᠠ᠃ ᠲᠤᠭᠤᠷᠢᠭ ᠤᠨ ᠱᠠᠲᠤᠨ ᠤ ᠤᠳᠤᠷᠢᠳᠤᠯᠭ᠎ᠠ ᠶᠢᠨ ᠡᠭᠡᠯᠵᠢᠯᠡᠨ | ᠰᠣᠷᠪᠤᠯᠵᠢᠯᠠᠭ᠎ᠠ ᠬᠦᠯᠢᠶᠡᠬᠦ ᠪᠠ ᠬᠡᠷᠡᠭ ᠢ ᠳᠠᠭᠠᠭᠠᠴᠢᠯᠠᠬᠤ᠂ ᠬᠡᠰᠡᠭ ᠤᠷᠤᠨ ᠢ ᠳᠠᠭᠠᠭᠠᠴᠢᠯᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠬᠤᠯᠪᠤᠭᠠᠯᠠᠨ ᠰᠣᠷᠪᠤᠯᠵᠢᠯᠠᠭ᠎ᠠ ᠬᠦᠯᠢᠶᠡᠬᠦ ᠲᠥᠪ ᠢ ᠰᠢᠨ᠎ᠡ ᠪᠠᠷ ᠪᠠᠶᠢᠭᠤᠯᠵᠤ᠂ ︽ᠬᠤᠶᠠᠷ | ᠠᠰᠠᠭᠤᠯᠲᠠ ᠬᠤᠶᠠᠷ ᠢ ᠲᠣᠳᠣᠷᠬᠠᠶᠢᠯᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠲᠥᠪ ᠤᠨ | ᠬᠤᠯᠪᠤᠭᠠᠯᠠᠨ ᠰᠢᠢᠳᠪᠦᠷᠢᠯᠡᠬᠦ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠬᠤᠯᠪᠤᠭᠠᠯᠠᠨ | ᠰᠢᠢᠳᠪᠦᠷᠢᠯᠡᠬᠦ ᠵᠡᠷᠭᠡ ᠰᠢᠢᠳᠪᠦᠷᠢᠯᠡᠭᠦᠯᠬᠦ ᠪᠠᠷ ᠲᠤᠰᠢᠶᠠᠭᠰᠠᠨ 95 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ | ᠪᠦᠬᠦᠨ ᠢ ᠰᠢᠢᠳᠪᠦᠷᠢᠯᠡᠪᠡ᠃ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ | ᠭᠦᠨᠵᠡᠭᠡᠢ ᠠᠬᠢᠭᠤᠯᠵᠤ᠂ ᠪᠥᠬᠦ ᠬᠤᠲᠠ ᠶᠢᠨ ᠠᠩᠬᠠᠳᠠᠭᠴᠢ ᠲᠣᠭᠤᠷᠢᠭ ᠤᠨ ᠲᠠᠰ ᠤᠨ ᠨᠡᠶᠢᠭᠡᠮ ᠤᠨ ᠵᠠᠰᠠᠯᠲᠠ ᠶᠢᠨ | ᠲᠥᠪ ᠢ ᠪᠠᠶᠢᠭᠤᠯᠪᠠ᠃ ᠭᠤᠷᠪᠠᠨ ᠱᠠᠲᠤᠨ ᠤ ︽ᠴᠠᠭᠳᠠᠭ᠎ᠠ ᠶᠢᠨ ᠬᠡᠪ ᠰᠤᠷᠲᠠᠯ︾ ᠤᠨ ᠵᠠᠭᠪᠤᠷ ᠢ ᠬᠦᠴᠦᠯᠡᠨ | ᠪᠠᠶᠢᠭᠤᠯᠵᠤ᠂ ︽ᠠᠯᠪᠠᠨ ᠵᠢᠷᠤᠮ ᠤᠨ ᠴᠠᠭᠳᠠᠭ᠎ᠠ︾ ᠶᠢ 5000 ᠭᠠᠷᠤᠢ ᠬᠥᠮᠥᠨ ᠢ ᠬᠥᠮᠥᠵᠢᠭᠦᠯᠪᠡ᠃ ᠴᠠᠬᠢᠯᠭᠠᠨ | ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠠᠨ ᠲᠦᠮᠡᠨ ᠳᠤ | 2360 ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠪᠠᠷᠢᠮᠲᠠᠯᠠᠵᠤ᠂ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠬᠠᠷᠢᠯᠴᠠᠨ | ᠰᠤᠷᠤᠯᠴᠠᠬᠤ ᠲᠤᠬᠠᠢ ᠶᠢᠨ ᠲᠠᠯᠠᠪᠠᠢ ᠶᠢᠨ ᠲᠣᠭᠤᠷᠢᠨ ᠦᠵᠡᠬᠦ ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠲᠤᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠡᠷᠭᠡ 4 ᠨᠢᠭᠡᠴᠡ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠲᠤ ᠶᠢᠨ ᠢᠷᠠᠭᠤ ᠠᠯᠳᠠᠷ ᠢ ᠬᠦᠷᠳᠡᠪᠡ᠃ ᠨᠡᠶᠢᠲᠡᠯᠢᠭ | ᠳᠦᠷᠢ ᠶᠢ ᠠᠭᠤᠳᠠᠯᠤᠨ ᠰᠣᠩᠭᠤᠵᠤ᠂ ᠳ᠋ᠢᠩ ᠬᠦᠢ ᠰᠢᠩ ᠠᠷᠪᠠᠨ ᠳᠥᠷᠪᠡᠳᠦᠭᠡᠷ ᠬᠤᠭᠤᠴᠠᠭᠠᠨ ᠤ ︽ᠪᠦᠬᠦ | ᠤᠯᠤᠰ ᠤᠨ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠵᠢᠱᠢᠶᠡᠴᠢ︾ ᠶᠢᠨ ᠢᠷᠠᠭᠤ ᠠᠯᠳᠠᠷ ᠢ ᠬᠦᠷᠲᠡᠵᠦ᠂ | ᠴᠧᠨ ᠸᠧᠨ ᠰᠢᠶᠦᠸᠠᠢ ︽ᠤᠮᠠᠷᠠᠲᠤ ᠬᠢᠯᠢ ᠶᠢᠨ ᠵᠢᠱᠢᠶᠡᠴᠢ︾ ᠶᠢᠨ ᠢᠷᠠᠭᠤ ᠠᠯᠳᠠᠷ ᠤᠨ ᠴᠣᠯᠠ ᠬᠦᠷᠲᠡᠵᠡᠢ᠃ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ | ᠪᠠᠶᠢᠭᠤᠯᠤᠯᠲᠠ ᠵᠣᠬᠢᠴᠠᠩᠭᠤᠢ ᠪᠠᠷ ᠬᠥᠭᠵᠢᠵᠦ᠂ ᠣᠷᠣᠨ ᠨᠤᠲᠤᠭ ᠤᠨ ᠣᠶᠢᠯᠠᠯᠭ᠎ᠠ᠂ ᠡᠮᠡᠭᠲᠡᠶᠢᠴᠦᠳ ᠬᠡᠦᠬᠡᠳ᠂ | ᠵᠠᠯᠠᠭᠤᠴᠤᠳ ᠪᠠᠭᠠᠴᠤᠳ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠵᠡᠮᠳᠡᠭᠴᠦᠳ ᠵᠡᠷᠭᠡ ᠪᠤᠰᠤᠳ ᠡᠯ᠎ᠡ ᠵᠦᠢᠯ ᠤᠨ | ᠠᠵᠢᠯ ᠴᠥᠮ ᠰᠢᠨ᠎ᠡ ᠠᠬᠢᠴᠠ ᠲᠠᠢ ᠪᠣᠯᠪᠠ᠃ | ︵ᠲᠠᠪᠤ︶ ᠬᠠᠮᠢᠶᠠᠷᠤᠯᠲᠠ ᠪᠠᠨ ᠴᠢᠩᠭᠠᠳᠬᠠᠨ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠵᠠᠰᠠᠭ ᠤᠨ | ᠣᠷᠳᠣᠨ ᠤ ᠪᠠᠶᠢᠭᠤᠯᠤᠯᠲᠠ ᠶᠢ ᠰᠢᠨ᠎ᠡ ᠳᠡᠭᠲᠡᠷ ᠲᠤ ᠭᠠᠷᠭᠠᠪᠠ | ᠤᠯᠤᠰ ᠲᠦᠷᠦ ᠶᠢᠨ ᠪᠠᠶᠢᠭᠤᠯᠤᠯᠲᠠ ᠪᠦᠬᠦ ᠲᠠᠯ᠎ᠠ ᠪᠠᠷ ᠪᠠᠬᠢᠵᠢᠪᠡ᠃ ᠨᠠᠮ ᠤᠨ ᠤᠳᠤᠷᠢᠳᠤᠯᠭ᠎ᠠ ᠪᠠ ᠨᠠᠮ ᠤᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ | ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠲᠦᠷᠪᠡᠨ ᠤᠬᠠᠮᠰᠠᠷ︾ ᠢᠶᠠᠨ ᠲᠠᠰᠤᠷᠠᠯᠲᠠ ᠦᠭᠡᠢ | ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ | ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ | ᠬᠡᠷᠡᠭᠵᠢᠭᠦᠯᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤᠴᠠᠯᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠪᠠ ᠤᠷᠳᠤ | ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ | ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠤ | ᠳᠡᠷᠭᠡᠳᠡᠬᠢ ᠲᠤᠯᠭᠠᠮ᠎ᠠ ᠬᠦᠴᠢᠷ ᠵᠣᠪᠠᠭᠤᠷᠢ ᠲᠠᠢ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠰᠤᠷᠲᠠᠯ ᠴᠢᠬᠡᠴᠢ ᠣᠪᠣᠷ | ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠦᠲᠦᠮᠵᠢᠲᠡᠢ ᠪᠠᠬᠢᠵᠢᠭᠦᠯᠪᠡ᠃ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠪᠠᠷᠢᠮᠲᠠᠯᠠᠵᠤ᠂ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠴᠢᠩᠭ᠎ᠠ | ᠭᠦᠢᠴᠡᠳᠬᠡᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠵᠤ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠪᠠ ᠵᠥᠷᠢᠴᠡᠯ ᠵᠢᠭᠤᠷᠠᠯᠳᠤᠭᠠᠨ ᠢ | ᠤᠯᠠᠨ ᠡᠰᠢᠵᠢᠭᠦᠯᠦᠨ ᠰᠢᠢᠳᠪᠦᠷᠢᠯᠡᠬᠦ ᠲᠥᠪ ᠢ ᠲᠡᠰ ᠳᠡᠪᠰᠢᠭᠦᠯᠦᠨ ᠥᠭᠡᠷᠡᠴᠢᠯᠡᠵᠦ᠂ ᠣᠶᠤᠨᠲᠤ ᠬᠠᠤᠯᠢ ᠶᠢᠨ | ᠶᠠᠪᠤᠳᠠᠯ ᠤᠨ ᠪᠠᠷᠠᠭᠤᠨ ᠬᠤᠶᠢᠲᠤ ᠶᠢᠨ ᠡᠵᠡᠩᠨᠡᠯᠲᠡ ᠶᠢᠨ ᠲᠥᠪ ᠢ ᠪᠠᠶᠢᠭᠤᠯᠤᠨ ᠡᠵᠡᠩᠨᠡᠵᠦ᠂ ᠬᠠᠤᠯᠢ ᠴᠠᠭᠠᠵᠠ | ᠬᠠᠷᠢᠯᠴᠠᠨ ᠬᠤᠯᠪᠣᠭᠠᠯᠠᠵᠤ ᠪᠦᠬᠦ ᠠᠮᠢ ᠠᠬᠤᠢ ᠶᠢᠨ ᠣᠶᠤᠨᠲᠤ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠨ᠎ᠡ | ᠤᠷᠤᠯᠳᠤᠭᠠᠨ ᠤ ᠵᠠᠮ ᠢ ᠡᠬᠢᠯᠡᠭᠦᠯᠪᠡ᠃ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ︽ᠨᠠᠢᠮᠠᠳᠤᠭᠠᠷ | ᠲᠠᠪᠤᠨ ᠵᠢᠯ︾ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ︽ᠤᠶᠤᠨ ᠪᠢᠯᠢᠭ ᠢᠶᠠᠷ ᠵᠠᠯᠠᠷᠠᠭᠤᠯᠬᠤ ᠲᠥᠪ︾ ᠢ ᠡᠭᠦᠳᠦᠨ ᠪᠠᠶᠢᠭᠤᠯᠬᠤ | ᠲᠤᠷᠰᠢᠯᠲᠠ ᠶᠢᠨ ᠴᠡᠭ ᠤᠨ ᠨᠢᠭᠡᠴᠡ ᠪᠠᠷ ᠦᠨᠡᠯᠡᠭᠳᠡᠪᠡ᠃ ᠪᠥᠬᠦ ᠶᠠᠪᠤᠴᠠ ᠳᠤ ᠠᠷᠠᠳ ᠤᠨ ᠠᠷᠠᠳᠴᠢᠯᠠᠯ ᠢ | ᠬᠥᠭᠵᠢᠭᠦᠯᠵᠦ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠲᠣᠭᠲᠠᠭᠠᠯ ᠢ | ᠡᠷᠡᠰ ᠬᠡᠷᠡᠭᠵᠢᠭᠦᠯᠦᠨ᠂ ᠲᠣᠭᠲᠠᠮᠠᠯ ᠬᠤᠭᠤᠴᠠᠭ᠎ᠠ ᠲᠠᠢ ᠪᠠᠷ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠠᠵᠢᠯ ᠢᠶᠠᠨ ᠮᠡᠳᠡᠭᠦᠯᠵᠦ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠳᠤ ᠪᠠᠶᠢᠳᠠᠯ ᠢᠶᠠᠨ | ᠮᠡᠳᠡᠭᠳᠡᠵᠦ᠂ 375 ᠬᠤᠪᠢ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠪᠠᠷ ᠰᠢᠢᠳᠪᠦᠷᠢᠯᠡᠵᠦ᠂ | 100% ᠪᠠᠷ ᠰᠢᠢᠳᠪᠦᠷᠢᠯᠡᠵᠦ ᠬᠠᠷᠢᠭᠤᠯᠲᠠ ᠥᠭᠪᠡ᠃ | ᠰᠤᠷᠲᠠᠯ ᠤᠨ ᠪᠠᠶᠢᠭᠤᠯᠤᠯᠲᠠ ᠦᠷᠭᠦᠯᠵᠢᠯᠡᠨ ᠭᠦᠨᠵᠡᠭᠡᠶᠢᠷᠡᠪᠡ᠃ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ | ᠭᠦᠢᠴᠡᠳᠬᠡᠵᠦ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ | ᠵᠣᠷᠢᠭ ᠰᠠᠨᠠᠭ᠎ᠠ ᠶᠢ ᠴᠢᠩᠭ᠎ᠠ ᠲᠤᠤᠱᠯᠠᠭᠤᠯᠤᠨ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ | ︽ᠭᠤᠷᠪᠠ ᠤᠯᠠᠨ ᠭᠤᠷᠪᠠ ᠴᠥᠭᠡᠨ ᠭᠤᠷᠪᠠ ᠤᠳᠠᠭᠠᠨ︾ ᠪᠠᠶᠢᠬᠤ ᠠᠰᠠᠭᠤᠳᠠᠯ ᠢ ᠪᠦᠲᠦᠮᠵᠢᠲᠡᠶ ᠪᠠᠷ | ᠰᠢᠢᠳᠪᠦᠷᠢᠯᠡᠪᠡ᠃ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ | ᠦᠷᠭᠦᠯᠵᠢᠯᠡᠨ ᠪᠠᠭᠠᠰᠬᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ | 12345 ᠬᠠᠯᠠᠭᠤᠨ ᠤᠲᠠᠰᠤᠨ ᠤ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠭᠦᠢᠴᠡᠳᠬᠡᠬᠦ︾ ᠶᠢ ᠪᠥᠬᠦ | ᠲᠠᠯ᠎ᠠ ᠪᠠᠷ ᠬᠡᠷᠡᠭᠵᠢᠭᠦᠯᠵᠦ᠂ ᠶᠡᠷᠦᠩᠬᠡᠶᠢᠯᠡᠭᠰᠡᠨ ᠰᠢᠯᠭᠠᠨ ᠦᠨᠡᠯᠡᠯᠲᠡ ᠪᠠᠷ ᠪᠥᠬᠦ ᠬᠤᠲᠠ ᠳᠤ ᠨᠢᠭᠡᠳᠦᠭᠡᠷ ᠲᠤ | ᠵᠢᠭᠰᠠᠭᠠᠭᠳᠠᠪᠠ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ | ᠥᠷᠨᠢᠭᠦᠯᠵᠦ᠂ ᠬᠢᠨᠠᠨ ᠪᠣᠳᠣᠯᠲᠠ ᠶᠢ ᠨᠡᠶᠢᠳᠡᠮ ᠪᠦᠷᠬᠦᠭᠦᠯᠬᠦ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠤᠨ᠂ | ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ ᠪᠠᠷ ᠬᠡᠷᠡᠭᠯᠡᠬᠦ ᠶᠢ | ᠠᠬᠢᠭᠤᠯᠵᠤ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠭᠡᠵᠤ᠂ | ᠠᠵᠢᠯ ᠬᠢᠵᠦ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠲᠠᠰᠤᠷᠠᠯᠲᠠ ᠦᠭᠡᠢ ᠪᠣᠶ | ᠪᠤᠯᠭᠠᠪᠠ᠃ | ᠲᠥᠯᠥᠭᠡᠯᠡᠭᠴᠢᠳ ᠠ᠋︕ ᠭᠠᠭᠴᠠᠭᠠᠷᠳᠠᠮᠠᠯ ᠢᠶᠠᠷ ᠡᠷᠭᠦᠭᠰᠡᠳ ᠪᠣᠰᠬᠤ ᠳᠤ ᠪᠡᠷᠬᠡ᠂ ᠤᠯᠠᠨ ᠤ ᠦᠢᠯᠡᠳᠦᠭᠴᠢ | ᠤᠷᠤᠭᠰᠢᠯᠠᠬᠤ ᠳᠤ ᠠᠮᠠᠷᠬᠠᠨ᠃ ᠨᠢᠳᠤᠨᠤᠨ ᠤ 10 ᠰᠠᠷ᠎ᠠ ᠳᠤ ᠭᠡᠨᠡᠳᠲᠡ ᠳᠠᠭᠠᠷᠢᠭᠳᠠᠭᠰᠠᠨ ᠰᠢᠨ᠎ᠡ ᠬᠡᠯᠪᠡᠷᠢ ᠶᠢᠨ | ᠲᠢᠲᠢᠮᠯᠢᠭ ᠬᠡᠯᠪᠡᠷᠢ ᠶᠢᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠢᠳᠡ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠳᠠᠷᠤᠶᠢᠬᠠᠨ ᠡᠬᠢᠯᠡᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠦᠳᠲᠡᠷ ᠲᠦᠷᠭᠡᠨ ᠲᠣᠬᠢᠷᠠᠭᠤᠯᠵᠤ᠂ ᠪᠦᠬᠦ | ᠬᠤᠳᠠ ᠪᠠᠷ ᠢᠶᠠᠨ ᠲᠠᠶᠢᠴᠢᠯᠠᠵᠦ᠂ ᠪᠦᠬᠦ ᠠᠷᠠᠳ ᠢᠶᠠᠷ ᠢᠶᠠᠨ ᠣᠷᠣᠯᠴᠠᠵᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ | ᠡᠵᠡᠮᠳᠡᠵᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠵᠤ᠂ ᠣᠷᠣᠨ ᠪᠦᠰᠡ ᠶᠢᠨ ᠪᠥᠭᠡᠮ ᠬᠦᠴᠢᠯ ᠤᠨ | ᠪᠠᠶᠢᠴᠠᠭᠠᠨ ᠬᠡᠮᠵᠢᠯᠲᠡ ᠶᠢ ᠦᠷᠭᠦᠯᠵᠢᠯᠡᠨ ᠥᠷᠨᠢᠭᠦᠯᠵᠦ᠂ ᠬᠠᠮᠤᠭ ᠤᠨ ᠣᠬᠤᠷ ᠬᠤᠭᠤᠴᠠᠭᠠᠨ ᠳᠤ ᠲᠠᠷᠬᠠᠭᠠᠯᠲᠠ ᠶᠢᠨ | ᠬᠡᠯᠬᠢᠶ᠎ᠡ ᠶᠢ ᠲᠠᠰᠤᠯᠵᠤ᠂ ᠴᠠᠭ ᠲᠤᠨᠢ ᠲᠣᠬᠢᠷᠠᠭᠤᠯᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠵᠦ᠂ | ᠠᠷᠠᠯᠵᠢᠶ᠎ᠠ ᠬᠤᠳᠠᠯᠳᠤᠭ᠎ᠠ ᠪᠠᠨ ᠰᠡᠷᠭᠦᠭᠡᠵᠦ ᠵᠠᠬ᠎ᠠ ᠳᠡᠯᠭᠡᠭᠦᠷ ᠢᠶᠠᠨ ᠰᠡᠷᠭᠦᠭᠡᠵᠦ᠂ ᠰᠤᠷᠤᠯᠭ᠎ᠠ ᠪᠠᠨ ᠰᠡᠷᠭᠦᠭᠡᠵᠦ | ᠬᠢᠴᠢᠶᠡᠯ ᠢᠶᠠᠨ ᠰᠡᠷᠭᠦᠭᠡᠵᠦ᠂ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠳᠤ ᠡᠷᠲᠡ ᠠᠴᠠ ᠰᠢᠯᠵᠢᠨ ᠣᠷᠣᠵᠤ᠂ | ᠲᠤᠰ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠲᠤᠯᠭᠠᠷᠠᠭᠰᠠᠨ ᠳᠠᠶᠢᠯᠠᠯᠳᠤᠭᠠᠨ ᠤ ᠴᠢᠬᠤᠯᠠ | ᠶᠡᠭᠡ ᠢᠯᠠᠯᠲᠠ ᠶᠢ ᠣᠯᠣᠭᠰᠠᠨ ᠪᠠᠶᠢᠨ᠎ᠠ᠃ ᠲᠤᠰ ᠤᠳᠠᠭ᠎ᠠ ᠶᠢᠨ ︽ᠬᠢᠵᠢᠭ︾ ᠤᠨ ᠳᠤᠮᠳᠠ᠂ ᠴᠢᠩᠱᠠᠨ ᠤ53 ᠲᠦᠮᠡᠨ | ᠠᠷᠠᠳ ᠲᠦᠮᠡᠨ ᠰᠡᠳᠬᠢᠯ ᠨᠢᠭᠡᠳᠦᠨ ᠪᠦᠯᠬᠦᠮᠳᠡᠨ ᠨᠢᠭᠡᠳᠴᠦ᠂ ᠥᠷᠭᠡᠨ ᠤᠯᠠᠨ ᠡᠮᠴᠢ ᠰᠤᠪᠢᠯᠠᠭᠴᠢᠳ ᠰᠥᠷᠭᠡᠦ | ᠳᠠᠶᠢᠯᠠᠯᠳᠤᠭᠠᠨ ᠳᠤ ᠮᠣᠷᠳᠠᠵᠤ᠂ ᠨᠡᠶᠢᠭᠡᠮ ᠲᠣᠭᠤᠷᠢᠭ ᠤᠨ ᠠᠵᠢᠯᠲᠠᠳ ᠡᠮᠦᠨ᠎ᠡ ᠹᠷᠣᠨᠲ ᠢ ᠪᠠᠲᠤ ᠰᠠᠬᠢᠵᠤ᠂ ᠡᠳᠦᠷ | ᠰᠥᠨᠢ ᠦᠭᠡᠢ ᠵᠢᠵᠢᠭᠦᠷᠯᠡᠨ ᠰᠠᠬᠢᠵᠤ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠵᠠᠷᠯᠢᠭ ᠢ ᠰᠣᠨᠣᠰᠤᠮᠠᠭᠴᠠ | ᠬᠥᠳᠡᠯᠦᠯᠴᠡᠵᠦ᠂ ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠢᠴᠡᠳᠬᠡᠵᠦ᠂ ᠥᠷᠭᠡᠨ ᠤᠯᠠᠨ ᠰᠠᠶᠢᠨ ᠳᠤᠷᠠᠴᠤᠤᠯ | ᠬᠢᠵᠢᠭ ᠢ ᠰᠥᠷᠦᠨ ᠠᠵᠢᠯᠯᠠᠵᠤ᠂ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ᠂ ᠡᠯ᠎ᠡ ᠱᠠᠲᠤᠨ ᠤ ᠺᠠᠳ᠋ᠷ | ᠡᠮᠦᠨ᠎ᠡ ᠨᠢ ᠭᠠᠪᠰᠢᠭᠠᠶᠢᠯᠠᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠬᠠᠮᠲᠤ ᠪᠠᠷ ᠬᠢᠵᠢᠭ ᠤᠨ | ᠪᠠᠶᠢᠳᠠᠯ ᠢ ᠢᠯᠠᠨ ᠳᠠᠪᠠᠭ᠋ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠠᠢ᠃ ᠲᠡᠳᠡᠭᠡᠷ ᠶᠠᠰᠤᠨ ᠳᠤ | ᠬᠠᠳᠠᠩᠰᠢᠭᠰᠠᠨ ᠡᠳᠦᠷ ᠰᠥᠨᠢ᠂ ᠪᠠᠴᠢᠮ ᠶᠠᠭᠠᠷᠠᠯᠲᠠᠢ ᠴᠠᠭ ᠮᠥᠴᠡ ᠳᠤ ᠡᠨᠡᠬᠦ ᠬᠤᠳᠠ ᠶᠢᠨ ᠬᠠᠷᠠᠮᠰᠠᠯ ᠦᠭᠡᠢ ᠪᠠ | ᠠᠶᠤᠵᠤ ᠰᠦᠷᠳᠡᠯ ᠦᠭᠡᠢ ᠶᠢ ᠲᠣᠳᠣᠷᠬᠠᠢ ᠲᠡᠮᠳᠡᠭᠯᠡᠵᠦ᠂ ᠴᠢᠩᠱᠠᠨ ᠶᠢ ᠳᠤᠯᠠᠭᠠᠴᠠᠭᠤᠯᠬᠤ ᠡᠭᠦᠷᠭᠡ ᠬᠠᠷᠢᠭᠤᠴᠠᠯᠭ᠎ᠠ | ᠪᠠ ᠬᠦᠴᠦᠨ ᠴᠢᠳᠠᠯ ᠢ ᠭᠦᠢᠴᠡᠳ ᠲᠠᠶᠢᠯᠪᠤᠷᠢᠯᠠᠵᠤ᠂ ᠪᠦᠬᠦ ᠲᠤᠭᠤᠷᠢᠭ ᠤᠨ ᠠᠷᠠᠳ ᠲᠦᠮᠡᠨ ᠤ ᠰᠢᠨ᠎ᠡ ᠠᠶᠠᠨ | ᠵᠠᠮ ᠳᠤ ᠡᠷᠡᠯᠬᠡᠭᠯᠡᠨ ᠤᠷᠤᠭᠰᠢᠯᠠᠬᠤ ᠢᠲᠡᠭᠡᠯ ᠵᠣᠷᠢᠭ ᠪᠠ ᠡᠷᠡᠯᠬᠡᠭ ᠵᠣᠷᠢᠭ ᠢ ᠨᠡᠩ ᠪᠠᠲᠤᠳᠬᠠᠨ | ᠵᠣᠷᠢᠭᠵᠢᠭᠤᠯᠤᠭᠰᠠᠨ ᠪᠠᠶᠢᠨ᠎ᠠ᠃ | ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠢ ᠡᠷᠭᠢᠴᠡᠭᠦᠯᠬᠦᠶ᠎ᠡ᠂ ᠤᠷᠢᠳᠤ ᠡᠮᠦᠨ᠎ᠡ ᠭᠠᠷᠤᠭ᠎ᠠ ᠦᠭᠡᠢ | ᠥᠷᠢᠰᠦᠯᠳᠦᠭᠡᠨ ᠳᠤ ᠲᠤᠯᠭᠠᠷᠠᠵᠤ᠂ ᠲᠡᠮᠡᠴᠡᠯ ᠲᠤᠶᠢᠯ ᠤᠨ ᠰᠢᠷᠭᠠᠭᠤ ᠬᠠᠲᠠᠭᠤᠵᠢᠯᠲᠠᠢ ᠶᠠᠪᠤᠭᠳᠠᠵᠤ᠂ ᠦᠷ᠎ᠡ | ᠪᠦᠲᠦᠮᠵᠢ ᠨᠢ ᠵᠢᠱᠢᠭᠰᠡᠨ ᠠᠴᠠ ᠰᠠᠶᠢᠨ ᠪᠠᠶᠢᠨ᠎ᠠ᠃ ᠡᠨᠡ ᠨᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠠᠴᠠ ᠪᠣᠯᠵᠤ᠂ ᠲᠤᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠦᠴᠦᠲᠡᠢ | ᠳᠡᠮᠵᠢᠯᠭᠡ ᠠᠴᠠ ᠪᠣᠯᠵᠤ᠂ ᠪᠦᠬᠦ ᠲᠤᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠤ ᠪᠦᠯᠬᠦᠮᠳᠡᠨ | ᠲᠡᠮᠡᠴᠡᠭᠰᠡᠨ ᠠᠴᠠ ᠪᠣᠯᠤᠭᠰᠠᠨ ᠶᠤᠮ᠃ ᠠᠳᠡ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ | ᠪᠦᠬᠦ ᠲᠤᠭᠤᠷᠢᠭ ᠤᠨ ᠡᠯ᠎ᠡ ᠦᠨᠳᠦᠰᠦᠲᠡᠨ ᠤ ᠠᠷᠠᠳ ᠲᠦᠮᠡᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠠᠷᠠᠳᠴᠢᠯᠠᠭᠰᠠᠨ ᠨᠠᠮ ᠪᠦᠯᠦᠭ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ᠂ ᠠᠷᠠᠳ ᠤᠨ ᠪᠦᠯᠬᠦᠮ᠂ ᠲᠤᠭᠤᠷᠢᠭ | ᠲᠤ ᠰᠠᠭᠤᠭ᠎ᠠ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ | ᠺᠠᠳ᠋ᠷ ᠴᠠᠭᠳᠠᠭ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠭᠢ ᠶᠢᠨ ᠵᠢᠯᠣᠭᠤᠳᠤᠭᠴᠢ ᠪᠠᠶᠢᠯᠳᠤᠭᠴᠢᠳ᠂ ᠥᠷᠭᠡᠨ | ᠤᠯᠠᠨ ᠡᠮᠨᠡᠯᠭᠡ ᠶᠢᠨ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠨ᠂ ᠦᠨᠳᠦᠰᠦᠨ ᠱᠠᠲᠤᠨ ᠤ ᠺᠠᠳ᠋ᠷᠴᠤᠳ᠂ | ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ᠂ ᠥᠷᠭᠡᠨ | ᠤᠯᠠᠨ ᠠᠵᠤ ᠠᠬᠤᠶᠢᠯᠠᠯᠲᠠᠨ᠂ ᠴᠢᠩᠱᠠᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ | ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠬᠦ ᠶᠢᠨ ᠬᠠᠮᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠠ᠋︕ ᠪᠢᠳᠡᠨ ᠤ ᠣᠯᠣᠭᠰᠠᠨ ᠠᠮᠵᠢᠯᠲᠠ ᠪᠠᠨ ᠭᠦᠢᠴᠡᠳ ᠨᠤᠲᠠᠯᠠᠬᠤ ᠶᠢᠨ ᠵᠡᠷᠭᠡᠪᠡᠷ | ᠮᠠᠨ ᠤ ᠠᠵᠢᠯ ᠳᠤ ᠪᠠᠰᠠ ᠡᠳᠦᠢ ᠲᠡᠳᠦᠢ ᠬᠦᠷᠦᠯᠴᠡᠬᠦ ᠦᠭᠡᠢ ᠲᠠᠯ᠎ᠠ ᠣᠷᠣᠰᠢᠵᠤ᠂ ᠴᠥᠭᠡᠨ ᠪᠤᠰᠤ ᠬᠦᠴᠢᠷᠳᠡᠯ ᠪᠠ | ᠠᠰᠠᠭᠤᠳᠠᠯ ᠲᠤᠯᠭᠠᠷᠠᠵᠤ ᠪᠠᠶᠢᠬᠤ ᠶᠢ ᠡᠷᠬᠡᠪᠰᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠰᠢᠨ᠎ᠡ ᠬᠠᠭᠤᠴᠢᠨ | ᠬᠥᠳᠡᠯᠭᠡᠭᠴᠢ ᠡᠨᠧᠷᠭᠢ ᠶᠢᠨ ᠰᠣᠯᠢᠭᠳᠠᠯ ᠤᠨ ᠠᠯᠬᠤᠴᠠ ᠤᠳᠠᠭᠠᠨ ᠪᠠᠶᠢᠵᠤ᠂ ︽ᠬᠤᠶᠠᠷ ᠰᠢᠨ᠎ᠡ︾ ᠶᠢᠨ ᠵᠦᠢᠯᠡᠰ ᠤᠨ | ᠦᠷᠭᠦᠯᠵᠢᠯᠡᠯ ᠬᠦᠷᠦᠯᠴᠡᠬᠦ ᠦᠭᠡᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ | ᠶᠡᠷᠦᠩᠬᠡᠢ ᠳᠡᠭᠡᠨ ᠪᠠᠭᠤᠷᠠᠢ ᠪᠠᠶᠢᠨ᠎ᠠ︔ ᠬᠡᠷᠡᠭᠯᠡᠭᠡ ᠶᠢᠨ ᠳᠠᠶᠢᠴᠢᠯᠠᠯᠲᠠ ᠭᠦᠢᠴᠡᠳ ᠪᠤᠰᠤ᠂ ᠬᠤᠳᠠᠯᠳᠤᠭᠠᠨ ᠤ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠤᠨ ᠬᠥᠭᠵᠢᠯᠲᠡ ᠤᠳᠠᠭᠠᠰᠢᠷᠠᠵᠤ᠂ ᠲᠣᠭᠲᠠᠭᠤᠨ ᠢᠶᠠᠷ | ᠨᠡᠮᠡᠭᠳᠡᠭᠦᠯᠬᠦ ᠳᠠᠷᠤᠯᠲᠠ ᠨᠡᠯᠢᠶᠡᠳ ᠶᠡᠭᠡ ᠪᠠᠶᠢᠨ᠎ᠠ︔ ᠬᠤᠲᠠ ᠶᠢᠨ ᠴᠢᠳᠠᠮᠵᠢ ᠶᠢᠨ ᠢᠵᠢ ᠪᠦᠷᠢᠳᠦᠭᠦᠯᠦᠯ ᠲᠡᠭᠦᠯᠳᠡᠷ | ᠪᠤᠰᠤ ᠪᠠᠶᠢᠵᠤ᠂ ᠵᠠᠮ ᠬᠠᠷᠢᠯᠴᠠᠭ᠎ᠠ ᠵᠡᠷᠭᠡ ᠰᠠᠭᠤᠷᠢ ᠪᠡᠯᠡᠳᠬᠡᠮᠵᠢ ᠳᠤ ᠳᠤᠲᠠᠭᠤᠳᠠᠯ ᠣᠷᠣᠰᠢᠵᠤ᠂ ᠰᠠᠭᠤᠭᠠᠯᠢ | ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠥᠷᠢᠲᠦᠯ ᠣᠷᠣᠰᠢᠵᠤ᠂ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠪᠠ ᠠᠮᠢ ᠠᠬᠤᠢ ᠶᠢᠨ ᠣᠷᠴᠢᠨ ᠲᠣᠭᠤᠷᠢᠨ ᠤ ᠳᠠᠪᠠᠭᠤᠯᠢᠭ ᠢ | ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠳᠠᠰᠢ ᠤᠯᠠᠷᠢᠭᠤᠯᠬᠤ ᠦᠷ᠎ᠡ ᠪᠦᠲᠦᠮᠵᠢ ᠶᠢ ᠭᠦᠢᠴᠡᠳ ᠪᠤᠰᠤ | ᠪᠠᠶᠢᠨ᠎ᠠ︔ ᠰᠤᠷᠭᠠᠨ ᠬᠥᠮᠦᠵᠢᠯ ᠢ ᠲᠡᠩᠴᠡᠭᠦᠷᠢᠲᠡᠢ ᠬᠥᠭᠵᠢᠭᠦᠯᠬᠦ᠂ ᠡᠮ ᠡᠮᠨᠡᠯᠭᠡ ᠶᠢᠨ ᠡᠬᠢ ᠪᠠᠶᠠᠯᠢᠭ ᠢ | ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ᠂ ᠠᠵᠢᠯ ᠣᠯᠭᠤᠯᠲᠠ ᠪᠠ ᠨᠠᠰᠤᠵᠢᠯ ᠤᠨ ᠠᠰᠠᠷᠠᠮᠵᠢ ᠶᠢᠨ ᠪᠦᠲᠦᠮᠵᠢᠲᠡᠶ | ᠬᠠᠩᠭᠠᠯᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠤᠨ ᠴᠢᠩᠭᠠᠳᠬᠠᠬᠤ ᠴᠢᠬᠤᠯᠠᠲᠠᠢ ᠪᠠᠶᠢᠨ᠎ᠠ︔ ᠵᠠᠷᠢᠮ | ᠺᠠᠳ᠋ᠷᠴᠤᠳ ᠤᠨ ᠦᠵᠡᠯ ᠰᠠᠨᠠᠭ᠎ᠠ ᠣᠶᠢᠯᠠᠭᠠᠭᠳᠠᠬᠤᠨ᠂ ᠣᠪᠣᠷ ᠰᠤᠷᠲᠠᠯ ᠤᠨ ᠴᠢᠳᠠᠪᠤᠷᠢ ᠨᠢ ᠰᠢᠨ᠎ᠡ ᠴᠠᠭ ᠦᠶ᠎ᠡ ᠶᠢᠨ | ᠱᠠᠭᠠᠷᠳᠠᠯᠭ᠎ᠠ ᠲᠠᠢ ᠬᠠᠷᠠᠬᠠᠨ ᠵᠣᠬᠢᠴᠠᠬᠤ ᠦᠭᠡᠢ ᠪᠠᠶᠢᠵᠤ᠂ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ᠂ ᠵᠠᠬ᠎ᠠ | ᠳᠡᠯᠭᠡᠭᠦᠷ ᠤᠨ ᠲᠣᠭᠲᠠᠴᠠ᠂ ᠮᠥᠩᠭᠦᠨ ᠭᠦᠢᠯᠭᠡᠭᠡᠨ ᠤ ᠪᠠᠭᠠᠵᠢ ᠶᠢ ᠬᠡᠷᠡᠭᠯᠡᠨ ᠠᠰᠠᠭᠤᠳᠠᠯ ᠢ ᠰᠢᠢᠳᠪᠦᠷᠢᠯᠡᠬᠦ ᠠᠷᠭ᠎ᠠ | ᠤᠯᠠᠨ ᠪᠢᠰᠢ ᠪᠠᠶᠢᠵᠤ᠂ ᠬᠡᠰᠡᠭ ᠺᠠᠳ᠋ᠷᠴᠤᠳ ᠤᠨ ᠳᠤᠮᠳᠠ ᠪᠠᠰᠠ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠵᠡᠷᠭᠡ | ᠠᠰᠠᠭᠤᠳᠠᠯ ᠣᠷᠣᠰᠢᠵᠤ ᠪᠠᠶᠢᠨ᠎ᠠ᠃ ᠬᠤᠶᠢᠰᠢᠳᠠ ᠶᠢᠨ ᠠᠵᠢᠯ ᠤᠨ ᠳᠤᠮᠳᠠ ᠪᠠᠨ ᠪᠢᠳᠡ ᠠᠰᠠᠭᠤᠳᠠᠯ ᠳᠤ ᠬᠠᠨᠳᠤᠵᠤ᠂ | ᠬᠠᠷᠠᠯᠲᠠ ᠪᠠᠨ ᠰᠢᠷᠳᠡᠨ ᠠᠵᠢᠯᠯᠠᠵᠤ᠂ ᠪᠦᠬᠦ ᠬᠦᠴᠦ ᠪᠠᠷ ᠢᠶᠠᠨ ᠴᠢᠷᠮᠠᠶᠢᠵᠤ ᠪᠠᠶᠢᠭᠠᠳ ᠠᠰᠠᠭᠤᠳᠠᠯ ᠤᠨ | ᠳᠤᠲᠠᠭᠤᠳᠠᠯ ᠢ ᠨᠥᠬᠦᠪᠦᠷᠢᠯᠡᠵᠦ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠤᠯᠠᠨ ᠢ ᠬᠦᠰᠡᠯ | ᠡᠷᠡᠮᠡᠯᠵᠡᠯ ᠲᠠᠢ ᠪᠣᠯᠭᠠᠵᠤ᠂ ᠵᠢᠯ ᠪᠣᠯᠭᠠᠨ ᠠᠰᠢᠭ ᠬᠦᠷᠲᠡᠭᠡᠶ᠎ᠡ︕ | | ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ | ᠲᠥᠯᠥᠭᠡᠯᠡᠭᠴᠢᠳ ᠠ᠋︕ ᠲᠡᠮᠡᠴᠡᠯ ᠢᠶᠠᠷ ᠲᠡᠦᠬᠡ ᠶᠢ ᠪᠦᠲᠦᠭᠡᠵᠦ᠂ ᠪᠣᠳᠠᠲᠠᠢ ᠠᠵᠢᠯᠯᠠᠪᠠᠯ ᠢᠷᠡᠭᠡᠳᠦᠢ ᠶᠢ | ᠴᠣᠭᠴᠠᠯᠠᠨ᠎ᠠ᠃ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠮᠥᠨᠴᠦ ᠴᠢᠩᠱᠠᠨ ᠲᠣᠭᠤᠷᠢᠭ ᠤᠨ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠤᠤᠱᠯᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠪᠦᠬᠦ | ᠬᠦᠴᠦᠨ ᠢᠶᠠᠷ ᠠᠬᠢᠭᠤᠯᠬᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠦᠬᠦ ᠲᠠᠯ᠎ᠠ ᠪᠠᠷ ᠪᠤᠢ ᠪᠣᠯᠭᠠᠬᠤ | ᠵᠠᠩᠭᠢᠯᠠᠭ᠎ᠠ ᠶᠢᠨ ᠵᠢᠯ ᠪᠣᠯᠣᠨ᠎ᠠ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠶᠢᠨ | ᠪᠤᠭᠤᠲᠤ ᠶᠢᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠲᠤᠬᠠᠢ ᠴᠢᠬᠤᠯᠠ ᠵᠢᠭᠠᠪᠤᠷᠢ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠦᠬᠡ ᠶᠢᠨ ᠬᠠᠮᠤᠭ ᠤᠨ ᠥᠨᠳᠥᠷ | ᠲᠦᠪᠰᠢᠨ ᠳᠤ ᠬᠦᠷᠴᠦ᠂ ᠪᠤᠭᠤᠲᠤ ᠶᠢᠨ ᠰᠦᠷ ᠵᠢᠪᠬᠤᠭ᠎ᠠ ᠶᠢ ᠰᠡᠷᠭᠦᠭᠡᠬᠦ ᠡᠷᠴᠢ ᠵᠣᠷᠢᠭ ᠢᠶᠠᠨ ᠬᠥᠪᠴᠢᠯᠡᠵᠦ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ ᠣᠨᠣᠪᠴᠢᠲᠠᠶ ᠪᠦᠬᠦ ᠲᠠᠯ᠎ᠠ ᠪᠠᠷ ᠲᠤᠤᠱᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ ᠰᠢᠨ᠎ᠡ ᠶᠢ | ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠠᠮᠢ ᠠᠬᠤᠢ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ︽1234567︾ ᠶᠢᠨ ᠬᠥᠭᠵᠢᠯᠲᠡ ᠶᠢᠨ ᠬᠠᠷᠠᠯᠲᠠ ᠶᠢ ᠪᠠᠲᠤᠲᠠᠢ | ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ | ᠢᠲᠡᠭᠡᠯ ᠢ ᠶᠡᠬᠡᠪᠡᠷ ᠨᠡᠮᠡᠭᠳᠡᠭᠦᠯᠵᠦ᠂ ︽ᠬᠤᠶᠠᠷ ᠰᠢᠨ᠎ᠡ︾ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠮᠡᠭᠳᠡᠯ ᠢ | ᠨᠡᠮᠡᠭᠳᠡᠭᠦᠯᠬᠦ ᠤᠬᠠᠮᠰᠠᠷ ᠢ ᠴᠢᠩᠭᠠᠳᠬᠠᠵᠤ᠂ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ | ᠵᠣᠬᠢᠰᠲᠠᠢ ᠨᠡᠮᠡᠭᠳᠡᠭᠦᠯᠬᠦ ᠶᠢ ᠴᠢᠷᠮᠠᠶᠢᠨ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠵᠤ᠂ ᠰᠠᠶᠢᠨ ᠠᠯᠬᠤᠴᠠ ᠪᠠᠷ ᠴᠢᠩᠱᠠᠨ ᠤ | ᠬᠦᠴᠦᠨ ᠴᠢᠳᠠᠯ ᠢᠶᠠᠨ ᠡᠷᠭᠦᠨ᠎ᠡ᠃ | ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠬᠦᠴᠦᠨ ᠵᠦᠢᠯ ᠢ | ᠶᠡᠷᠦᠩᠬᠡᠶᠢᠯᠡᠨ ᠵᠠᠳᠠᠯᠵᠤ᠂ ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠲᠤᠭᠲᠠᠭᠠᠪᠠᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 8% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 15% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 15% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 8% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠶᠢ 8% ᠠᠴᠠ ᠳᠡᠭᠡᠭᠰᠢ ᠨᠡᠮᠡᠭᠳᠡᠭᠦᠯᠵᠦ᠂ ᠬᠤᠲᠠ ᠪᠠᠯᠭᠠᠰᠤ ᠶᠢᠨ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ | ᠯᠦᠭᠡ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠣᠷᠮ᠎ᠠ ᠶᠢ 3.9% ᠶᠢᠨ ᠳᠣᠲᠣᠷ᠎ᠠ ᠬᠢᠵᠠᠭᠠᠷᠯᠠᠵᠤ᠂ ᠪᠤᠭᠤᠲᠤ ᠬᠤᠲᠠ ᠶᠢᠨ ᠪᠠᠭᠤᠯᠭᠠᠭᠰᠠᠨ | ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ ᠬᠢᠵᠠᠭᠠᠷᠯᠠᠬᠤ ᠴᠢᠨᠠᠷᠲᠠᠢ | ᠭᠦᠢᠴᠡᠳᠬᠡᠯ ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ | ᠲᠥᠯᠥᠭᠡᠯᠡᠭᠴᠢᠳ ᠠ᠋︕ ᠠᠯᠤᠰ ᠢ ᠪᠠᠷᠠᠯᠠᠬᠤᠶ᠎ᠠ᠂ ᠰᠠᠯᠬᠢ ᠳᠠᠪᠠᠯᠭᠠᠨ ᠪᠠᠭ᠎ᠠ᠂ ᠣᠭᠲᠠᠷᠭᠤᠢ ᠳᠤ ᠳᠡᠭᠳᠡᠪᠡᠰᠦ | ᠲᠠᠯᠠᠢ ᠶᠢᠨ ᠳᠠᠪᠠᠯᠭᠠᠨ ᠲᠡᠭᠰᠢ ᠪᠠᠶᠢᠬᠤ ᠶᠢ ᠮᠡᠳᠡᠮᠤᠢ᠃ ᠬᠠᠲᠠᠭᠤ ᠪᠡᠷᠬᠡ ᠪᠥᠭᠡᠳ ᠨᠦᠰᠡᠷ ᠬᠦᠨᠳᠦ ᠥᠭᠡᠷᠡᠴᠢᠯᠡᠯᠲᠡ | ᠬᠥᠭᠵᠢᠭᠦᠯᠦᠯᠲᠡ ᠶᠢᠨ ᠡᠭᠦᠷᠭᠡ ᠶᠢᠨ ᠡᠮᠦᠨ᠎ᠡ᠂ ᠪᠦᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ | ᠳᠠᠭᠠᠭᠤᠯᠤᠭᠴᠢ ᠪᠣᠯᠬᠤ ᠲᠡᠦᠬᠡᠲᠦ ᠡᠭᠦᠷᠭᠡ ᠶᠢᠨ ᠡᠮᠦᠨ᠎ᠡ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ | ᠲᠤᠬᠠᠢ ᠴᠢᠩ ᠰᠡᠳᠬᠢᠯ ᠤᠨ ᠬᠦᠰᠡᠯ ᠡᠷᠡᠮᠡᠯᠵᠡᠯ ᠤᠨ ᠡᠮᠦᠨ᠎ᠡ᠂ ᠪᠢᠳᠡ ᠡᠷᠬᠡᠪᠰᠢ ᠰᠠᠨᠠᠭᠠᠴᠢᠯᠠᠭ᠎ᠠ ᠠᠴᠠ ᠪᠠᠨ | ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠠᠷᠭᠠᠴᠠᠨ ᠬᠤᠪᠢᠷᠠᠯᠲᠠ ᠶᠢ ᠡᠷᠢᠯᠬᠢᠯᠡᠵᠦ᠂ ᠶᠡᠭᠡ ᠬᠠᠨᠳᠤᠰᠢ ᠶᠢ ᠡᠵᠡᠮᠳᠡᠬᠦ᠂ | ᠠᠵᠠ ᠲᠣᠬᠢᠶᠠᠯ ᠢ ᠵᠠᠪᠳᠤᠨ ᠠᠳᠬᠤᠬᠤ ᠳᠤᠮᠳᠠ ᠵᠠᠮ ᠨᠡᠭᠡᠭᠡᠨ ᠰᠢᠨ᠎ᠡ ᠶᠢ ᠡᠭᠦᠳᠴᠦ᠂ ᠡᠷᠡᠰ ᠰᠢᠭᠤᠷᠬᠠᠢ ᠪᠠᠷ | ᠤᠷᠤᠭᠰᠢᠯᠠᠨ ᠳᠠᠪᠰᠢᠵᠤ᠂ ᠥᠷᠢᠰᠦᠯᠳᠦᠭᠡᠨ ᠢ ᠠᠷᠭᠠᠴᠠᠬᠤ᠂ ᠠᠶᠤᠯ ᠲᠦᠭᠰᠢᠭᠦᠷᠢ ᠶᠢ ᠡᠰᠡᠷᠭᠦᠴᠡᠬᠦ ᠳᠤᠮᠳᠠ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ︽ᠠᠳᠠᠯᠢᠳᠬᠠᠬᠤ ᠰᠤᠷᠬᠤ ᠭᠦᠢᠴᠡᠬᠦ ᠳᠠᠪᠠᠭ᠋ᠤ︾ | ᠳᠤᠮᠳᠠ ᠨᠡᠩ ᠬᠦᠴᠦᠷᠬᠡᠭ ᠶᠡᠭᠡ ᠤᠷᠤᠭᠰᠢᠯᠠᠯᠲᠠ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠣᠷᠭᠢᠯᠤᠮ᠎ᠠ | ᠬᠠᠯᠠᠭᠤᠨ ᠰᠡᠳᠬᠢᠯᠭᠡ ᠲᠠᠢ᠂ ᠠᠵᠢᠯ ᠬᠢᠵᠦ ᠦᠢᠯᠡᠰ ᠪᠣᠰᠬᠠᠬᠤ ᠭᠠᠯ ᠤᠯᠠᠭᠠᠨ ᠴᠠᠭ ᠦᠶ᠎ᠡ ᠶᠢ ᠲᠠᠬᠢᠨ ᠡᠭᠦᠳᠬᠦ | ᠬᠡᠷᠡᠭᠲᠡᠢ︕ | ᠨᠢᠭᠡ ᠳᠤ᠂ ᠭᠤᠣᠯᠯᠠᠭᠴᠢ ᠶᠢ ᠬᠠᠮᠠᠭᠠᠯᠠᠬᠤ ᠶᠢ ᠢᠮᠠᠭᠲᠠ ᠮᠥᠷᠥᠨ ᠳᠡᠭᠡᠷ᠎ᠡ ᠪᠠᠨ ᠡᠭᠦᠷᠭᠡᠯᠡᠬᠦ ᠬᠡᠷᠡᠭᠲᠡᠢ᠃ | ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ ᠶᠢ ᠭᠦᠨᠵᠡᠭᠡᠢ ᠲᠠᠨᠢᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠣᠯ | ᠬᠠᠮᠤᠭ ᠤᠨ ᠶᠡᠭᠡ ᠤᠯᠤᠰ ᠲᠦᠷᠦ᠂ ᠬᠠᠮᠤᠭ ᠤᠨ ᠶᠡᠭᠡ ᠲᠠᠯ᠎ᠠ ᠮᠥᠨ᠂ ᠬᠠᠮᠤᠭ ᠤᠨ ᠶᠡᠭᠡ ︽ᠤᠯᠤᠰ ᠤᠨ ᠶᠡᠭᠡ︾ | ᠮᠥᠨ᠂ ᠨᠠᠮ ᠤᠨ ᠠᠯᠢᠪᠠ ᠲᠣᠭᠲᠠᠭᠠᠯᠲᠤ ᠪᠤᠰᠤ ᠴᠢᠨᠠᠷ ᠢ ᠠᠷᠭᠠᠴᠠᠬᠤ ᠬᠠᠮᠤᠭ ᠤᠨ ᠶᠡᠭᠡ ᠲᠣᠭᠲᠠᠭᠠᠯᠲᠤ ᠴᠢᠨᠠᠷ᠂ | ᠬᠠᠮᠤᠭ ᠤᠨ ᠶᠡᠭᠡ ᠢᠳᠡ ᠬᠦᠴᠦ᠂ ᠬᠠᠮᠤᠭ ᠤᠨ ᠶᠡᠭᠡ ᠪᠠᠲᠤᠯᠠᠭ᠎ᠠ ᠮᠥᠨ᠃ ᠠᠯᠢᠪᠠ ᠠᠵᠢᠯ ᠢ ᠥᠷᠨᠢᠭᠦᠯᠬᠦ ᠳᠤ ᠴᠥᠮ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠬᠤ ᠪᠠᠷ ᠤᠷᠢᠲᠠᠯ | ᠪᠣᠯᠭᠠᠵᠤ᠂ ᠠᠵᠢᠯ ᠤᠨ ᠰᠡᠳᠬᠢᠴᠡ ᠪᠠᠨ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠣᠭᠲᠠᠭᠠᠬᠤ ᠳᠠᠭᠠᠨ | ᠤᠬᠠᠮᠰᠠᠷ ᠠᠴᠠ ᠪᠠᠨ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠲᠠᠢ ᠬᠠᠷᠭᠤᠭᠤᠯᠵᠤ᠂ | ᠨᠠᠮ ᠤᠨ ᠲᠥᠪ ᠬᠤᠷᠢᠶᠠᠨ ᠤ ᠰᠠᠨᠠᠭᠠᠴᠢᠯᠠᠭᠰᠠᠨ ᠵᠦᠢᠯ ᠢ ᠡᠷᠡᠰ ᠴᠤᠤᠷᠢᠶᠠᠲᠤᠨ ᠲᠠᠭᠠᠵᠤ᠂ ᠨᠠᠮ ᠤᠨ ᠲᠥᠪ | ᠬᠤᠷᠢᠶᠠᠨ ᠤ ᠲᠣᠭᠲᠠᠭᠠᠭᠰᠠᠨ ᠵᠦᠢᠯ ᠢ ᠡᠷᠡᠰ ᠵᠢᠷᠤᠮᠯᠠᠨ ᠭᠦᠢᠴᠡᠳᠬᠡᠵᠦ᠂ ᠨᠠᠮ ᠤᠨ ᠲᠥᠪ ᠬᠤᠷᠢᠶᠠᠨ ᠤ | ᠴᠠᠭᠠᠵᠠᠯᠠᠭᠰᠠᠨ ᠵᠦᠢᠯ ᠢ ᠶᠠᠭᠠᠬᠢᠭᠰᠠᠨ ᠴᠤ ᠬᠢᠬᠦ ᠦᠭᠡᠢ ᠪᠠᠶᠢᠬᠤ ᠬᠡᠷᠡᠭᠲᠡᠢ᠃ | ᠬᠤᠶᠠᠷ ᠲᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠴᠢᠩᠭ᠎ᠠ ᠠᠳᠬᠤᠬᠤ ᠬᠡᠷᠡᠭᠲᠡᠢ᠃ | ᠨᠠᠶᠢᠳᠠᠪᠤᠷᠢᠵᠢᠭᠤᠯᠤᠯᠲᠠ ᠶᠢ ᠠᠳᠬᠤᠬᠤ ᠪᠣᠯ ᠨᠠᠮ ᠤᠨ ᠤᠯᠤᠰ ᠲᠦᠷᠦ ᠶᠢᠨ ᠱᠤᠭᠤᠮ᠂ ᠦᠵᠡᠯ ᠰᠠᠨᠠᠭᠠᠨ ᠤ | ᠱᠤᠭᠤᠮ᠂ ᠤᠯᠠᠨ ᠲᠦᠮᠡᠨᠴᠢ ᠱᠤᠭᠤᠮ ᠤᠨ ᠦᠨᠳᠦᠰᠦᠨ ᠱᠠᠭᠠᠷᠳᠠᠯᠭ᠎ᠠ ᠮᠥᠨ᠂ ᠪᠠᠰᠠ ᠴᠤ ᠤᠳᠤᠷᠢᠳᠬᠤ | ᠺᠠᠳ᠋ᠷᠴᠤᠳ ᠤᠨ ᠨᠠᠮᠴᠢ ᠴᠢᠨᠠᠷ ᠪᠠ ᠠᠵᠢᠯ ᠤᠨ ᠪᠦᠲᠦᠮᠵᠢ ᠶᠢᠨ ᠦᠵᠡᠯᠲᠡ ᠶᠢ ᠬᠡᠮᠵᠢᠬᠦ ᠴᠢᠬᠤᠯᠠ ᠪᠡᠯᠭᠡ ᠲᠡᠮᠳᠡᠭ | ᠮᠥᠨ᠃ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ | ᠠᠵᠢᠯᠯᠠᠭ᠎ᠠ ᠪᠠᠷ ᠭᠠᠷᠳᠠᠴᠠ ᠪᠣᠯᠭᠠᠵᠤ᠂ ᠺᠠᠳ᠋ᠷ ᠨᠢᠭᠡᠪᠦᠷᠢ ᠶᠢᠨ ᠪᠦᠬᠦ ᠤᠶᠤᠨ ᠴᠢᠳᠠᠯ ᠢᠶᠠᠨ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠡᠭᠡᠷ᠎ᠡ ᠲᠥᠪᠯᠡᠷᠡᠭᠦᠯᠬᠦ ᠶᠢ | ᠬᠥᠮᠥᠵᠢᠭᠦᠯᠦᠨ ᠬᠥᠲᠥᠯᠥᠨ ᠵᠢᠯᠤᠭᠤᠳᠴᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ ᠬᠠᠷᠢᠭᠤᠯᠲᠠ ᠶᠢᠨ ᠬᠠᠭᠤᠳᠠᠰᠤ ᠶᠢ ᠪᠦᠬᠦ ᠬᠦᠴᠦᠨ ᠢᠶᠠᠷ ᠢᠶᠠᠨ | ᠰᠠᠶᠢᠲᠤᠷ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠪᠤᠭᠤᠲᠤ ᠳᠤ ᠥᠭᠭᠦᠭᠰᠡᠨ ︽ᠨᠢᠭᠡ ᠰᠢᠨ᠎ᠡ ᠶᠢ | ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠦᠨ᠎ᠡ᠃ | ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ | ᠰᠢ ᠶᠢᠨ ᠫᠢᠩ ᠶᠡᠷᠦᠩᠬᠡᠢ ᠱᠦᠵᠢ ᠶᠢᠨ ᠲᠣᠬᠢᠷᠠᠭᠤᠯᠤᠭᠰᠠᠨ ᠠᠵᠢᠯ ᠨᠢᠭᠡᠪᠦᠷᠢ᠂ ᠪᠠᠶᠢᠷᠢᠯᠠᠭᠤᠯᠤᠭᠰᠠᠨ ᠡᠭᠦᠷᠭᠡ | ᠨᠢᠭᠡᠪᠦᠷᠢ᠂ ᠲᠤᠰᠢᠶᠠᠭᠰᠠᠨ ᠶᠠᠪᠤᠳᠠᠯ ᠨᠢᠭᠡᠪᠦᠷᠢ ᠶᠢ ᠲᠡᠷᠡ ᠬᠡᠪ ᠢᠶᠠᠷ ᠨᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ | ᠬᠡᠷᠡᠭᠲᠡᠢ᠃ | ᠭᠤᠷᠪᠠ ᠳᠤ ᠠᠷᠠᠳ ᠲᠦᠮᠡᠨ ᠳᠤ ᠦᠢᠯᠡᠴᠢᠯᠡᠬᠦ ᠶᠢ ᠢᠮᠠᠭᠲᠠ ᠰᠡᠳᠬᠢᠯ ᠳᠡᠭᠡᠨ ᠪᠤᠳᠤᠬᠤ ᠬᠡᠷᠡᠭᠲᠡᠢ᠃ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠬᠠᠮᠰᠠᠷ ᠠᠴᠠ ᠪᠠᠨ ︽ᠠᠷᠠᠳ | ᠲᠦᠮᠡᠨ ᠤ ᠲᠥᠯᠥᠭᠡ ᠰᠠᠨᠠᠭᠠᠰᠢᠷᠠᠵᠤ ᠪᠠᠶᠢᠭ᠎ᠠ ᠵᠦᠢᠯ ᠢ ᠪᠢ ᠵᠠᠪᠠᠯ ᠪᠣᠳᠣᠯᠬᠢᠯᠠᠨ᠎ᠠ︔ ᠠᠷᠠᠳ ᠲᠦᠮᠡᠨ ᠤ ᠬᠦᠰᠡᠵᠦ | ᠪᠠᠶᠢᠭ᠎ᠠ ᠵᠦᠢᠯ ᠢ ᠪᠢ ᠵᠠᠪᠠᠯ ᠪᠡᠶᠡᠯᠡᠭᠦᠯᠦᠨ᠎ᠡ︾ ᠭᠡᠳᠡᠭ ᠢ ᠦᠢᠯᠡᠳᠦᠯᠭᠡᠵᠢᠭᠦᠯᠵᠦ᠂ ᠠᠷᠠᠳ ᠤᠯᠠᠨ ᠤ ᠰᠡᠳᠬᠢᠯ | ᠵᠢᠷᠦᠬᠡ ᠪᠠᠨ ᠬᠤᠯᠪᠣᠵᠤ ᠪᠠᠶᠢᠭ᠎ᠠ ᠠᠷᠠᠳ ᠤᠨ ᠠᠮᠢᠳᠤᠷᠠᠯ ᠤᠨ ᠶᠡᠭᠡ ᠶᠠᠪᠤᠳᠠᠯ᠂ ᠡᠳᠦᠷ ᠪᠦᠷᠢ ᠲᠥᠷᠥᠭᠳᠡᠯ ᠲᠠᠢ | ᠪᠠᠶᠢᠭ᠎ᠠ ᠵᠠᠩᠭᠢᠯᠠᠭ᠎ᠠ ᠶᠢᠨ ᠪᠠᠭ᠎ᠠ ᠶᠠᠪᠤᠳᠠᠯ ᠢ ᠦᠨᠡᠨᠬᠦ ᠰᠠᠶᠢᠲᠤᠷ ᠬᠢᠵᠦ᠂ ᠪᠢᠳᠡᠨ ᠤ ︽ᠵᠣᠪᠠᠭᠤᠷᠢ ᠵᠦᠳᠡᠭᠦᠷᠢ ᠶᠢᠨ | ᠵᠢᠭᠠᠯᠲᠠ ᠲᠤᠭ᠎ᠠ︾ ᠪᠠᠷ ᠤᠯᠠᠨ ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠰᠣᠯᠢᠵᠤ ᠠᠪᠤᠨ᠎ᠠ᠃ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠴᠢᠳᠠᠯ ᠤᠨ | ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠲᠡᠩᠴᠡᠭᠦᠷᠢᠲᠦ ᠴᠢᠨᠠᠷ ᠪᠠ ᠪᠣᠯᠣᠮᠵᠢᠲᠤ ᠴᠢᠨᠠᠷ ᠢ ᠴᠢᠩᠭᠠᠳᠬᠠᠵᠤ᠂ ᠨᠡᠩ ᠤᠯᠠᠨ ᠨᠢᠳᠦᠨ ᠳᠤ | ᠦᠵᠡᠭᠳᠡᠬᠦ᠂ ᠭᠠᠷ ᠲᠤ ᠪᠠᠷᠢᠭᠳᠠᠬᠤ᠂ ᠨᠡᠩ ᠥᠨᠳᠥᠷ ᠲᠥᠷᠥᠭᠳᠡᠯ ᠲᠠᠢ ᠬᠠᠮᠲᠤ ᠪᠠᠷ ᠴᠢᠨᠡᠭᠡᠯᠢᠭᠵᠢᠭᠰᠡᠨ ᠦᠷ᠎ᠡ | ᠪᠦᠲᠦᠭᠡᠯ ᠢ ᠴᠢᠷᠮᠠᠶᠢᠨ ᠡᠭᠦᠳᠴᠦ᠂ ᠨᠡᠩ ᠤᠯᠠᠨ ᠴᠢᠩᠱᠠᠨ ᠤ ᠲᠤᠷᠰᠢᠯᠭ᠎ᠠ᠂ ᠴᠢᠩᠱᠠᠨ ᠤ ᠦᠯᠢᠭᠡᠷ ᠳᠠᠭᠤᠷᠢᠶᠠᠯ ᠢ | ᠰᠦᠪᠡᠭᠴᠢᠯᠡᠨ ᠪᠦᠷᠢᠯᠳᠦᠭᠦᠯᠵᠦ᠂ ᠴᠢᠩᠱᠠᠨ ᠤ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠩ ᠲᠡᠭᠦᠯᠳᠡᠷ ᠪᠣᠯᠭᠠᠨ᠎ᠠ᠃ | ᠡᠨᠡ ᠵᠢᠯ ᠤᠨ ᠠᠵᠢᠯ ᠢ ᠰᠠᠶᠢᠲᠤᠷ ᠬᠢᠬᠦ ᠳᠤ ᠪᠢᠳᠡ ᠡᠷᠬᠡᠪᠰᠢ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ | ᠰᠠᠶᠢᠲᠤᠷ ᠠᠳᠬᠤᠬᠤ ᠬᠡᠷᠡᠭᠲᠡᠢ᠃ | ︵ᠨᠢᠭᠡ︶ ᠪᠣᠬᠢᠷᠲᠤᠯ ᠦᠭᠡᠢ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠪᠠ ᠠᠮᠢ ᠠᠬᠤᠢ ᠶᠢᠨ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠤᠳᠤ ᠦᠶ᠎ᠡ ᠶᠢᠨ ᠠᠵᠤ | ᠦᠢᠯᠡᠰ ᠤᠨ ᠰᠢᠨ᠎ᠡ ᠥᠨᠳᠦᠷᠯᠢᠭ ᠢ ᠴᠣᠭᠴᠠᠯᠠᠨ ᠪᠠᠶᠢᠭᠤᠯᠤᠨ᠎ᠠ | ᠬᠡᠯᠬᠢᠶ᠎ᠡ ᠪᠠᠷ ᠭᠤᠣᠯᠯᠠᠭᠤᠯᠵᠤ ᠤᠯᠠᠨ ᠢᠶᠠᠷ ᠭᠤᠣᠯᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠲᠣᠨᠣᠭᠯᠠᠯ ᠦᠢᠯᠡᠳᠬᠦ ᠣᠨᠴᠠᠯᠢᠭ ᠢ ᠳᠤᠪᠤᠶᠢᠯᠭᠠᠨ᠎ᠠ᠃ ᠠᠵᠤ ᠦᠢᠯᠡᠳᠪᠦᠷᠢ ᠶᠢᠨ ᠬᠦᠷᠢᠶᠡᠨ ᠳᠠᠬᠢ ︽ᠠᠷᠪᠠ ᠵᠠᠭᠤ | ᠮᠢᠩᠭ᠎ᠠ ᠶᠢᠨ ᠲᠥᠯᠥᠪᠯᠡᠭᠡ︾ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠠᠬᠤᠶᠢᠯᠠᠯ ᠢ 10 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 100 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ ᠬᠡᠪᠴᠢᠶᠡᠵᠢᠯ ᠠᠴᠠ | ᠳᠡᠭᠡᠭᠰᠢᠬᠢ ᠦᠢᠯᠡᠳᠬᠦᠨ ᠤ ᠥᠷᠲᠡᠭ ᠢ 1000 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃ | ᠴᠥᠮ᠎ᠡ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ᠂ | ᠤᠰᠤᠲᠥ᠋ᠷᠥᠭᠴᠢ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠦᠷᠢᠶᠡᠯᠡᠩ᠂ ᠡᠨᠧᠷᠭᠢ | ᠬᠠᠳᠠᠭᠠᠯᠠᠬᠤ ᠠᠵᠤ ᠦᠢᠯᠡᠰ ᠤᠨ ᠬᠦᠷᠢᠶᠡᠯᠡᠩ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠣᠶᠤᠨᠴᠢ | ᠠᠵᠤ ᠦᠢᠯᠡᠰ ᠤᠨ ᠬᠦᠷᠢᠶᠡᠯᠡᠩ᠂ ᠪᠡᠭᠡᠵᠢᠩ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶᠡᠯᠡᠩ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠵᠤ ᠦᠢᠯᠡᠰ ᠤᠨ ᠬᠦᠷᠢᠶᠡᠯᠡᠩ ᠵᠡᠷᠭᠡ 6 | ︽ᠴᠡᠴᠡᠷᠯᠢᠭ ᠲᠠᠬᠢ ᠬᠦᠷᠢᠶᠡᠯᠡᠩ︾ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠬᠦᠴᠦᠯᠡᠨ ᠰᠠᠶᠢᠲᠤᠷ | ᠠᠳᠬᠤᠵᠤ᠂ ᠮᠢᠩᠭᠠᠨ ᠳ᠋ᠦᠩᠰᠢᠭᠤᠷ ᠲᠠᠰ ᠤᠨ ᠪᠣᠬᠢᠷᠲᠤᠯ ᠦᠭᠡᠢ ᠡᠨᠧᠷᠭᠢ ᠶᠢᠨ ᠠᠵᠤ ᠦᠢᠯᠡᠰ ᠤᠨ ᠪᠦᠯᠦᠭᠯᠡᠯ᠂ | ᠲᠠᠪᠤᠨ ᠵᠠᠭᠤᠨ ᠳ᠋ᠦᠩᠰᠢᠭᠤᠷ ᠲᠠᠰ ᠤᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠪᠦᠯᠦᠭᠯᠡᠯ᠂ ᠵᠠᠭᠤᠨ | ᠳ᠋ᠦᠩᠰᠢᠭᠤᠷ ᠲᠠᠰ ᠤᠨ ᠴᠥᠮ᠎ᠡ ᠶᠢᠨ ᠠᠵᠤ ᠦᠢᠯᠡᠰ ᠤᠨ ᠪᠦᠯᠦᠭᠯᠡᠯ ᠪᠠ ᠵᠠᠭᠤᠨ ᠳ᠋ᠦᠩᠰᠢᠭᠤᠷ ᠲᠠᠰ ᠤᠨ ᠡᠨᠧᠷᠭᠢ | ᠬᠠᠳᠠᠭᠠᠯᠠᠬᠤ ᠠᠵᠤ ᠦᠢᠯᠡᠰ ᠤᠨ ᠪᠦᠯᠦᠭᠯᠡᠯ ᠢ ᠪᠣᠶ ᠪᠣᠯᠭᠠᠨ᠎ᠠ᠃ ᠪᠥᠬᠦ ᠬᠤᠲᠠ ᠶᠢᠨ ᠳᠡᠯᠡᠬᠡᠢ ᠶᠢᠨ ᠪᠣᠬᠢᠷᠲᠤᠯ ᠦᠭᠡᠢ | ᠴᠠᠬᠢᠭᠤᠷ ᠬᠤᠲᠠ ᠶᠢ ᠪᠠᠶᠢᠭᠤᠯᠬᠤ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠵᠠᠯᠭᠠᠨ ᠠᠪᠴᠤ᠂ 228 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠭᠰᠠᠨ ᠵᠢᠩ ᠶᠤᠸᠠᠨ ᠰᠢᠨ᠎ᠡ ᠮᠠᠲ᠋ᠧᠷᠢᠶᠠᠯ ᠢ ᠲᠦᠷᠭᠡᠳᠬᠡᠨ ᠠᠬᠢᠭᠤᠯᠵᠤ᠂ ᠵᠢᠩ ᠤᠣ | ᠭᠤᠷᠪᠠᠳᠤᠭᠠᠷ ᠬᠤᠭᠤᠴᠠᠭ᠎ᠠ᠂ ᠬᠤᠩ ᠶᠤᠸᠠᠨ ᠳᠥᠷᠪᠡᠳᠦᠭᠡᠷ ᠬᠤᠭᠤᠴᠠᠭ᠎ᠠ ᠵᠡᠷᠭᠡ 13 ᠬᠡᠷᠡᠯ ᠴᠡᠨᠡᠭ ᠤᠨ ᠲᠥᠷᠥᠯ | ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠵᠢᠯ ᠤᠨ ᠡᠴᠦᠰ ᠤᠨ ᠦᠢᠯᠡᠳᠬᠦᠨ ᠤ | ᠥᠷᠲᠡᠭ ᠢ 500 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ 43 ᠳ᠋ᠦᠩᠰᠢᠭᠤᠷ | ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ ᠴᠢᠶᠠᠨ ᠶᠦᠨ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ | ᠮᠡᠷᠭᠡᠵᠢᠯ᠂ ᠪᠢᠶᠠᠳᠢ ᠵᠡᠷᠭᠡ 4 ᠴᠠᠬᠢᠯᠭᠠᠨ ᠴᠡᠨᠡᠭ ᠤᠨ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ | ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠯᠢᠲ᠋ᠢ ᠶᠢᠨ ᠴᠠᠬᠢᠯᠭᠠᠨ ᠤ ᠠᠵᠤ ᠦᠢᠯᠡᠰ ᠤᠨ ᠰᠢᠨ᠎ᠡ | ᠲᠥᠪ ᠢ ᠪᠠᠶᠢᠭᠤᠯᠤᠨ᠎ᠠ᠃ 14 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠭᠰᠠᠨ ᠨᠠᠨ ᠭᠤᠤ ᡂᠢ | ᠭᠤᠷᠪᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠤᠨ ᠠᠰᠢᠭᠯᠠᠯᠲᠠ ᠲᠤ ᠣᠷᠣᠵᠤ ᠦᠷ᠎ᠡ ᠠᠰᠢᠭ ᠢ | ᠨᠡᠮᠡᠭᠳᠡᠭᠦᠯᠬᠦ ᠶᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠠᠯᠬᠢᠨ ᠬᠦᠴᠦᠨ ᠤ ᠴᠠᠬᠢᠯᠭᠠᠨ ᠤ | ᠠᠷᠠᠭᠠᠲᠤ ᠬᠦᠷᠳᠦᠨ ᠤᠨ ᠬᠠᠶᠢᠷᠴᠠᠭ ᠤᠨ ᠬᠤᠷᠳᠤᠴᠠ ᠥᠭᠡᠷᠡᠴᠢᠯᠡᠬᠦ ᠬᠠᠶᠢᠷᠴᠠᠭ ᠤᠨ ᠦᠢᠯᠡᠳᠪᠦᠷᠢᠯᠡᠯ ᠤᠨ | ᠬᠠᠮᠤᠭ ᠤᠨ ᠶᠡᠭᠡ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠵᠡᠭᠦᠨ ᠡᠮᠦᠨᠡᠲᠦ ᠣᠷᠣᠨ ᠤ ᠬᠤᠯᠪᠣᠭᠠᠲᠤ | ᠤᠯᠤᠰ ᠤᠨ ᠴᠢᠩᠱᠠᠨ ᠤ ᠣᠶᠤᠨᠲᠤ ᠠᠮᠤ ᠪᠤᠳᠠᠭ᠎ᠠ ᠶᠢ ᠵᠢᠯ ᠤᠨ ᠡᠴᠦᠰ ᠠᠴᠠ ᠡᠮᠦᠨ᠎ᠡ ᠪᠠᠶᠢᠭᠤᠯᠤᠨ ᠳᠠᠭᠤᠰᠬᠠᠵᠤ | ᠠᠵᠢᠯᠯᠠᠭᠤᠯᠬᠤ ᠶᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠰᠤᠳᠤᠯᠤᠨ ᠨᠡᠭᠡᠭᠡᠵᠦ ᠦᠢᠯᠡᠳᠬᠦ ᠨᠥᠭᠡᠴᠡᠯᠡᠬᠦ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠣᠶᠤᠨᠴᠢ ᠰᠢᠨᠵᠢᠯᠡᠬᠦ ᠤᠬᠠᠭᠠᠨ | ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠶᠡᠷᠦᠩᠬᠡᠶᠢᠯᠡᠭᠰᠡᠨ ᠴᠣᠭᠴᠠ ᠶᠢ ᠪᠣᠶ ᠪᠣᠯᠭᠠᠨ᠎ᠠ᠃ | ᠰᠢᠲᠠᠭᠠᠯᠭ᠎ᠠ ᠶᠢᠨ ᠲᠤᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠱᠤᠭᠤᠮ ᠤᠨ ᠪᠦᠲᠦᠭᠡᠨ ᠪᠠᠶᠢᠭᠤᠯᠤᠯᠲᠠ ᠶᠢ | ᠲᠦᠷᠭᠡᠪᠴᠢᠯᠡᠨ ᠠᠬᠢᠭᠤᠯᠵᠤ᠂ ᠤᠰᠤ ᠰᠢᠬᠠᠬᠤ ᠵᠤᠤᠬ᠎ᠠ ᠶᠢᠨ ᠰᠢᠲᠠᠭᠠᠯᠭ᠎ᠠ ᠶᠢᠨ ᠲᠤᠨᠤᠭ ᠲᠥᠬᠦᠭᠡᠷᠦᠮᠵᠢ ᠶᠢᠨ | ᠦᠢᠯᠡᠳᠪᠦᠷᠢᠯᠡᠯ ᠤᠨ ᠱᠤᠭᠤᠮ ᠢ ᠲᠡᠰ ᠳᠡᠪᠰᠢᠭᠦᠯᠦᠨ ᠥᠭᠡᠷᠡᠴᠢᠯᠡᠬᠦ ᠵᠡᠷᠭᠡ 6 ᠵᠦᠢᠯᠡᠰ ᠤᠨ ᠴᠢᠳᠠᠪᠤᠷᠢ ᠶᠢ | ᠥᠷᠭᠡᠳᠬᠡᠨ ᠦᠢᠯᠡᠳᠪᠦᠷᠢᠯᠡᠯ ᠢ ᠳᠡᠭᠡᠭᠰᠢᠯᠡᠭᠦᠯᠵᠦ᠂ ᠴᠥᠮ᠎ᠡ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠢ ᠵᠢᠯ ᠤᠨ ᠳᠣᠲᠣᠷ᠎ᠠ ᠡᠬᠢᠯᠡᠨ ᠪᠦᠲᠦᠭᠡᠨ ᠪᠠᠶᠢᠭᠤᠯᠵᠤ᠂ ᠪᠦᠬᠦ | ᠤᠯᠤᠰ ᠤᠨ ᠴᠢᠬᠤᠯᠠ ᠴᠥᠮ᠎ᠡ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠰᠠᠭᠤᠷᠢᠨ ᠭᠠᠵᠠᠷ ᠢ ᠴᠤᠭᠴᠠᠯᠠᠨ᠎ᠠ᠃ ᠲᠦᠮᠡᠨ ᠰᠠᠭᠤᠷᠢ ᠪᠧᠢ ᠪᠧᠨ ᠰᠢᠨ᠎ᠡ ᠡᠨᠧᠷᠭᠢ ᠶᠢᠨ ᠰᠤᠷᠪᠤᠯᠵᠢ ᠶᠢᠨ ᠬᠦᠨᠳᠦ | ᠺᠠᠷᠲ ᠮᠠᠰᠢᠨ ᠤ ᠦᠢᠯᠡᠳᠪᠦᠷᠢᠯᠡᠯ ᠢ ᠲᠦᠷᠭᠡᠪᠴᠢᠯᠡᠨ ᠠᠬᠢᠭᠤᠯᠵᠤ᠂ ᠱᠠᠩᠬᠠᠢ ᠢᠦᠢ ᠴᠧᠨ᠂ ᠱᠠᠩᠬᠠᠢ ᠵᠦᠩ ᠰᠤ᠋ | ᠵᠡᠷᠭᠡ ᠲᠡᠷᠢᠭᠦᠨ ᠤ 10 ᠠᠵᠤ ᠠᠬᠤᠶᠢᠯᠠᠯ ᠢ ᠲᠥᠪᠯᠡᠷᠡᠭᠦᠯᠵᠦ᠂ ᠶᠠᠫᠤᠨ ᠹᠸᠡᠭᠲ᠋ᠢᠶᠠᠨ ᠤ ᠰᠢᠨ᠎ᠡ ᠡᠨᠧᠷᠭᠢ ᠶᠢᠨ | ᠰᠤᠷᠪᠤᠯᠵᠢ ᠶᠢᠨ ᠬᠦᠨᠳᠦ ᠺᠠᠷᠲ ᠮᠠᠰᠢᠨ ᠤ ᠵᠦᠢᠯᠡᠰ ᠲᠤ ᠡᠷᠦᠭᠡ ᠠᠮᠠ ᠣᠷᠣᠬᠤ ᠶᠢ ᠲᠦᠯᠬᠢᠨ ᠠᠬᠢᠭᠤᠯᠵᠤ᠂ ᠪᠧᠢ | ᠪᠧᠨ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠨᠡᠷᠡᠳᠤ ᠲᠡᠮᠳᠡᠭ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ | ᠦᠷᠭᠦᠯᠵᠢᠯᠡᠨ ᠥᠨᠳᠥᠷ ᠦᠷ᠎ᠡ ᠪᠦᠲᠦᠮᠵᠢᠲᠡᠶ ᠬᠥᠭᠵᠢᠬᠦ ᠶᠢ ᠢᠮᠠᠭᠲᠠ ᠪᠥᠬᠦ ᠲᠤᠭᠤᠷᠢᠭ ᠤᠨ ᠠᠵᠤ ᠠᠬᠤᠢ ᠶᠢᠨ | ᠲᠤᠯᠭᠠᠭᠤᠷᠢᠯᠠᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠲᠣᠨᠤᠭ ᠲᠥᠬᠦᠭᠡᠷᠦᠮᠵᠢ ᠶᠢᠨ | ᠬᠦᠷᠢᠶᠡᠯᠡᠩ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ | ᠬᠥᠮᠥᠨ ᠤ ᠬᠦᠷᠢᠶᠡᠯᠡᠯ ᠬᠤᠳᠠᠯᠳᠤᠭᠠᠨ ᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠭᠠᠯᠢ | ᠠᠷᠠᠳ ᠤᠨ ᠬᠡᠷᠡᠭᠯᠡᠭᠡᠨ ᠤ ᠲᠠᠯᠳᠠ ᠬᠦᠴᠦᠨ ᠢᠰᠦ᠋ᠪᠡᠭᠴᠢᠯᠡᠨᠡ᠃ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ | ᠲᠥᠪ ᠬᠤᠳᠠ ᠶᠢᠨ ᠲᠣᠭᠤᠷᠢᠭ ᠢ ᠲᠦᠷᠭᠡᠨ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠸᠠᠨ ᠳ᠋ᠠ ᠠᠭᠤᠳᠠᠮ | ᠲᠠᠯᠠᠪᠠᠢ᠂ ᠸᠤᠯᠮᠧᠷᠲ᠂ ᠤᠲ᠋ᠥᠯᠠᠶᠢᠰ ᠵᠡᠷᠭᠡ ᠬᠤᠳᠠᠯᠳᠤᠭᠠᠨ ᠤ ᠶᠠᠪᠤᠳᠠᠯ ᠤᠨ ᠲᠣᠭᠤᠷᠢᠭ ᠤᠨ ᠶᠠᠰᠤ ᠴᠢᠨᠠᠷ ᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠤᠯᠠᠮᠵᠢᠯᠠᠯᠲᠤ ᠬᠤᠳᠠᠯᠳᠤᠭ᠎ᠠ ᠪᠠ ᠳᠤᠮᠳᠠ ᠪᠠᠭ᠎ᠠ ᠠᠵᠤ | ᠠᠬᠤᠶᠢᠯᠠᠯ ᠢ ᠵᠢᠯᠣᠭᠤᠳᠤᠨ ᠲᠡᠳᠬᠦᠬᠦ ᠡᠷᠴᠢᠮ ᠢ ᠴᠢᠩᠭᠠᠷᠠᠭᠤᠯᠵᠤ᠂ ᠸᠠᠨ ᠺᠧ ᠰᠠᠭᠤᠭᠳᠠᠯ ᠤᠨ ᠬᠤᠳᠠ ᠶᠢᠨ ᠳᠡᠭᠡᠷ᠎ᠡ | ᠬᠠᠭᠠᠰ ᠵᠢᠯ ᠤᠨ ᠡᠵᠡᠩᠨᠡᠯᠲᠡ ᠪᠠᠨ ᠡᠬᠢᠯᠡᠭᠦᠯᠬᠦ᠂ ᠪᠠᠶᠠᠨ ᠮᠦᠩᠭᠡ ᠵᠣᠴᠢᠳ ᠤᠨ ᠪᠠᠭᠤᠳᠠᠯ ᠤᠨ ᠲᠦᠷᠦᠯ ᠵᠦᠢᠯ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠬᠤᠳᠠ ᠶᠢᠨ ᠰᠣᠶᠣᠯ ᠵᠤᠭᠠᠴᠠᠯ ᠰᠡᠯᠡᠭᠦᠴᠡᠯ ᠤᠨ ᠬᠤᠳᠠᠯᠳᠤᠭᠠᠨ ᠤ | ᠰᠢᠨ᠎ᠡ ᠪᠡᠯᠭᠡ ᠲᠡᠮᠳᠡᠭ ᠢ ᠡᠭᠦᠳᠦᠨ᠎ᠡ᠃ ᠤᠯᠠᠮᠵᠢᠯᠠᠯᠲᠤ ᠬᠤᠳᠠᠯᠳᠤᠭᠠᠨ ᠤ ᠠᠵᠤ ᠠᠬᠤᠶᠢᠯᠠᠯ ᠤᠨ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠠᠭᠤᠰᠤᠯᠴᠠᠯ ᠢ ᠲᠦᠷᠭᠡᠳᠬᠡᠵᠦ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ | ᠠᠪᠬᠤ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠵᠢᠷᠤᠮᠵᠢᠭᠤᠯᠤᠨ ᠬᠥᠭᠵᠢᠭᠦᠯᠵᠦ᠂ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ ᠵᠠᠷ ᠮᠡᠳᠡᠭᠡᠨ ᠤ ᠵᠠᠭᠤᠴᠢᠯᠠᠭᠤᠷ ᠤᠨ ᠠᠵᠤ ᠦᠢᠯᠡᠰ ᠤᠨ ᠬᠦᠷᠢᠶᠡᠯᠡᠩ᠂ ᠣᠶᠤᠨ ᠤ | ᠤᠭᠤᠲᠠ ᠶᠢᠨ ᠵᠢᠵᠢᠭ ᠪᠠᠯᠭᠠᠰᠤ᠂ ᠮᠥᠩᠭᠦᠨ ᠭᠦᠢᠯᠭᠡᠭᠡᠨ ᠤ ᠵᠢᠵᠢᠭ ᠪᠠᠯᠭᠠᠰᠤ᠂ ᠰᠦᠯᠵᠢᠶᠡᠨ ᠳᠡᠭᠡᠷᠡᠬᠢ ᠰᠢᠭᠤᠳ | ᠨᠡᠪᠲᠡᠷᠡᠭᠦᠯᠭᠡ ᠶᠢᠨ ᠵᠢᠵᠢᠭ ᠪᠠᠯᠭᠠᠰᠤ ᠵᠡᠷᠭᠡ ᠨᠢᠭᠡ ᠪᠦᠯᠦᠭ ᠲᠤᠰᠬᠠᠢ ᠮᠡᠷᠭᠡᠵᠢᠯ ᠤᠨ ᠬᠡᠯᠪᠡᠷᠢ ᠶᠢᠨ ᠦᠢᠯᠡᠴᠢᠯᠡᠭᠡᠨ ᠤ | ᠵᠢᠭᠰᠠᠭᠠᠯ ᠢ ᠪᠣᠶ ᠪᠣᠯᠭᠠᠵᠤ᠂ ᠲᠤᠰᠬᠠᠢ ᠦᠢᠯᠡᠴᠢᠯᠡᠭᠡᠨ ᠤ ᠦᠢᠯᠡᠰ ᠤᠨ ᠴᠤᠭᠯᠠᠷᠠᠯ ᠤᠨ ᠲᠣᠭᠤᠷᠢᠭ ᠢ ᠪᠣᠶ ᠪᠣᠯᠭᠠᠨ᠎ᠠ᠃ | ᠬᠠᠩ ᠮᠣᠣ᠂ ᠵᠢᠶᠠ ᠲᠦᠩ᠂ ᠳ᠋ᠠ ᠮᠠᠢ ᠵᠡᠷᠭᠡ ᠭᠠᠷ ᠳᠠᠮᠵᠢᠭᠰᠠᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ | ᠲᠤᠬᠠᠶᠢᠯᠠᠭᠰᠠᠨ ᠠᠵᠢᠯ ᠢᠶᠠᠨ ᠥᠷᠭᠡᠳᠬᠡᠬᠦ ᠶᠢ ᠶᠡᠬᠡᠪᠡᠷ ᠳᠡᠮᠵᠢᠵᠦ᠂ ᠪᠠᠷᠠᠭᠤᠨ ᠬᠤᠶᠢᠲᠤ ᠣᠷᠣᠨ ᠤ ᠬᠠᠮᠤᠭ ᠤᠨ | ᠲᠣᠮᠣ ᠭᠠᠷ ᠳᠠᠮᠵᠢᠭᠰᠠᠨ ᠮᠠᠰᠢᠨ ᠲᠡᠷᠭᠡᠨ ᠤ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠣᠶ ᠪᠣᠯᠭᠠᠨ᠎ᠠ᠃ ᠵᠧᠩ ᠰᠢᠶᠠᠩ | ᠵᠡᠭᠡᠯᠢ ᠲᠣᠭᠤᠷᠢᠭ ᠤᠨ ᠬᠤᠳᠠᠯᠳᠤᠭᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ | ᠬᠤᠲᠠ ᠶᠢᠨ ᠲᠠᠰ ᠳᠡᠪᠰᠢᠭᠰᠡᠨ ︽ᠰᠥᠨᠢ ᠶᠢᠨ ᠠᠵᠤ ᠠᠬᠤᠢ︾ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠢ ᠡᠭᠦᠳᠦᠨ ᠪᠠᠶᠢᠭᠤᠯᠤᠨ᠎ᠠ᠃ | ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠲᠦᠷᠢᠶᠡᠰᠦᠯᠡᠯ ᠤᠨ ᠺᠣᠮᠫᠠᠨᠢ᠂ ᠵᠧᠵᠢᠶᠠᠩ ᠤᠨ ᠬᠤᠳᠠᠯᠳᠤᠭᠠᠨ ᠤ | ᠪᠠᠩᠬᠢ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠦᠢ ᠶᠣᠰᠣᠨ ᠤ ᠮᠥᠩᠭᠦᠨ ᠭᠦᠢᠯᠭᠡᠭᠡᠨ ᠤ | ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠣᠯᠢᠮᠫᠢᠺ ᠴᠡᠴᠡᠷᠯᠢᠭ᠂ ᠪᠡᠶ᠎ᠡ ᠶᠢᠨ ᠲᠠᠮᠢᠷ ᠤᠨ ᠲᠥᠪ᠂ ᠬᠤᠷᠠᠯ | ᠦᠵᠡᠰᠬᠦᠯᠡᠩ ᠤᠨ ᠲᠥᠪ ᠤᠨ ᠥᠪᠡᠷᠮᠢᠴᠡ ᠳᠠᠪᠠᠭᠤᠯᠢᠭ ᠢ ᠥᠨᠳᠥᠷ ᠪᠦᠲᠦᠮᠵᠢᠲᠡᠢ ᠠᠰᠢᠭᠯᠠᠵᠤ᠂ ᠳᠡᠭᠡᠳᠦ ᠲᠡᠰ ᠤᠨ | ᠤᠷᠤᠯᠳᠤᠭᠠᠨ ᠤ ᠲᠣᠭᠯᠠᠯᠲᠠ ᠶᠢ ᠨᠠᠷᠢᠨ ᠨᠢᠮᠪᠠᠢ ᠲᠥᠰᠥᠪᠯᠡᠵᠦ᠂ ᠲᠤᠨᠤᠭ ᠲᠥᠬᠦᠭᠡᠷᠦᠮᠵᠢ ᠶᠢᠨ ᠦᠵᠡᠰᠬᠦᠯᠡᠩ᠂ | ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ ᠤ ᠪᠡᠯᠡᠳᠬᠡᠯ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠲᠣᠮᠣ ᠭᠡᠷ ᠳᠣᠲᠣᠷᠠᠬᠢ | ᠳᠠᠭᠤᠤ ᠬᠥᠭᠵᠢᠮ ᠤᠨ ᠣᠷᠳᠣᠨ ᠢ ᠪᠠᠶᠢᠭᠤᠯᠵᠤ᠂ ᠰᠣᠶᠣᠯ ᠤᠨ ᠬᠡᠷᠡᠭᠯᠡᠭᠡᠨ ᠤ ᠬᠡᠯᠪᠡᠷᠢ ᠶᠢ ᠪᠠᠶᠠᠯᠢᠭᠵᠢᠭᠤᠯᠤᠨ᠎ᠠ᠃ | ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ | ᠠᠬᠤᠢ ᠶᠢᠨ ᠣᠷᠴᠢᠨ ᠲᠣᠭᠤᠷᠢᠨ ᠤ ᠰᠠᠭᠤᠷᠢ ᠥᠩᠭᠡ ᠶᠢ ᠭᠡᠷᠡᠯᠳᠦᠬᠦᠯᠦᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠴᠢᠨᠠᠷ ᠰᠠᠶᠢᠲᠠᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ | ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠨᠡᠭᠦᠷᠡᠰᠦ ᠰᠢᠲᠠᠭᠠᠬᠤ ᠵᠤᠤᠬ᠎ᠠ᠂ | ᠰᠠᠭᠤᠭᠠᠯᠢ ᠠᠷᠠᠳ ᠤᠨ ᠨᠡᠭᠦᠷᠡᠰᠦ ᠰᠢᠲᠠᠭᠠᠬᠤ᠂ ᠢᠳᠡᠭᠡᠨ ᠤᠮᠳᠠᠭᠠᠨ ᠤ ᠲᠤᠰᠤᠨ ᠤᠲᠤᠭ᠎ᠠ ᠵᠡᠷᠭᠡ ᠪᠣᠬᠢᠷᠲᠤᠯ ᠤᠨ | ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠤᠳᠠ ᠶᠢᠨ ᠲᠣᠭᠤᠷᠢᠭ ᠤᠨ ᠠᠭᠠᠷ ᠤᠨ ᠶᠠᠰᠤ ᠴᠢᠨᠠᠷ ᠢ | ᠪᠦᠲᠦᠮᠵᠢᠲᠡᠶ ᠪᠠᠷ ᠳᠡᠭᠡᠭᠰᠢᠯᠡᠭᠦᠯᠦᠨ ᠰᠠᠶᠢᠵᠢᠷᠠᠭᠤᠯᠤᠨ᠎ᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ | ᠴᠢᠩᠭᠠᠳᠬᠠᠵᠤ᠂ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ | ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠶᠠᠭᠳᠠᠮᠠᠯ ᠤᠰᠤ ᠶᠢ ᠦᠯᠦ ᠭᠠᠳᠠᠭᠰᠢᠯᠠᠭᠤᠯᠬᠤ ᠬᠢᠨᠠᠯᠲᠠ | ᠬᠠᠮᠢᠶᠠᠷᠤᠯᠲᠠ ᠶᠢ ᠰᠠᠶᠢᠲᠤᠷ ᠬᠢᠵᠦ᠂ ᠬᠤᠶᠠᠳᠤᠭᠠᠷ ᠴᠠᠬᠢᠯᠭᠠᠨ ᠦᠢᠯᠡᠳᠪᠦᠷᠢ ᠶᠢᠨ ᠳᠤᠮᠳᠠᠬᠢ ᠤᠰᠤ ᠶᠢ ᠭᠦᠨ | ᠰᠢᠢᠳᠪᠦᠷᠢᠯᠡᠬᠦ ᠪᠠ ᠦᠢᠯᠡᠳᠪᠦᠷᠢ ᠶᠢᠨ ᠳᠣᠲᠣᠷᠠᠬᠢ ᠬᠠᠶᠠᠭᠳᠠᠮᠠᠯ ᠤᠰᠤᠨ ᠤ ᠰᠢᠰᠲ᠋ᠧᠮ ᠤᠨ ᠶᠠᠰᠤ ᠴᠢᠨᠠᠷ ᠢ | ᠳᠡᠭᠡᠭᠰᠢᠯᠡᠭᠦᠯᠬᠦ ᠵᠡᠷᠭᠡ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ︽ᠳᠦᠷᠪᠡᠨ ᠤᠰᠤ ᠪᠠᠷ | ᠳᠥᠷᠪᠡ ᠶᠢ ᠲᠣᠭᠲᠠᠭᠠᠬᠤ︾ ᠵᠠᠷᠴᠢᠮ ᠪᠠ ︽ᠴᠢᠳᠠᠯ ᠤᠨ ᠬᠢᠷᠢ ᠪᠠᠷ ᠬᠢᠬᠦ︾ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠤᠨ᠂ ᠳ᠋ᠠ ᠮᠢᠶᠣᠣ ᠭᠧᠦ᠂ ᠳ᠋ᠦᠩ ᠳ᠋ᠡ ᠭᠧᠦ ᠵᠡᠷᠭᠡ ᠭᠤᠣᠯ ᠤᠨ ᠵᠠᠮ ᠢ ᠵᠠᠰᠠᠬᠤ ᠢᠨᠵᠧᠨᠧᠷᠢᠩ ᠢ | ᠬᠡᠷᠡᠭᠵᠢᠭᠦᠯᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠵᠤ ᠵᠠᠰᠠᠬᠤ ᠶᠢ ᠴᠢᠩᠭ᠎ᠠ ᠠᠳᠬᠤᠵᠤ᠂ ᠳᠠᠬᠢᠯᠲᠠ | ᠤᠰᠤᠨ ᠤ ᠠᠰᠢᠭᠯᠠᠯᠲᠠ ᠶᠢ ᠴᠢᠩᠭᠠᠳᠬᠠᠨ᠎ᠠ᠃ ᠬᠥᠷᠥᠰᠥ ᠰᠢᠷᠣᠢ ᠶᠢᠨ ᠪᠣᠬᠢᠷᠲᠤᠯ ᠤᠨ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠶᠢ ᠴᠢᠩᠭᠠᠳᠬᠠᠵᠤ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢ ᠰᠠᠶᠢᠲᠤᠷ ᠬᠢᠵᠦ᠂ | ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠣᠯᠣᠨ᠎ᠠ᠃ ᠳᠠᠯᠠᠨ ᠬᠠᠷ᠎ᠠ ᠠᠭᠤᠯᠠ ᠶᠢᠨ | ᠡᠮᠦᠨ᠎ᠡ ᠬᠥᠲᠥᠯ ᠤᠨ ᠠᠮᠢ ᠠᠬᠤᠢ ᠶᠢ ᠰᠡᠷᠭᠦᠭᠡᠬᠦ ᠪᠠ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠲᠥᠰᠥᠯ ᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ 2000 ᠮᠦ ᠰᠢᠨ᠎ᠡ ᠪᠠᠷ ᠣᠶᠢᠵᠢᠭᠤᠯᠵᠤ᠂ 8.76 ᠲᠦᠮᠡᠨ ᠮᠦ ᠣᠶᠢᠲᠤ | ᠭᠠᠵᠠᠷ ᠢ ᠲᠠᠰ ᠳᠡᠪᠰᠢᠭᠦᠯᠦᠨ᠂ 1000 ᠮᠦ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠶᠢ ᠪᠡᠶᠡᠯᠡᠭᠦᠯᠦᠨ᠎ᠡ᠃ | ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠯᠢ ᠶᠢᠨ ᠵᠠᠭᠠᠭ ᠤᠨ | ᠲᠣᠬᠢᠷᠠᠭᠤᠯᠤᠯᠲᠠ ᠶᠢ ᠴᠢᠷᠮᠠᠶᠢᠨ ᠪᠡᠶᠡᠯᠡᠭᠦᠯᠵᠦ᠂ ᠳᠠᠯᠠᠨ ᠬᠠᠷ᠎ᠠ ᠠᠭᠤᠯᠠ ᠶᠢᠨ ᠨᠤᠲᠤᠭ ᠤᠨ ᠤᠷᠭᠤᠮᠠᠯ ᠤᠨ | ᠬᠦᠷᠢᠶᠡᠯᠡᠩ ᠤᠨ ᠬᠡᠷᠡᠭᠵᠢᠭᠦᠯᠬᠦ ᠠᠬᠢᠴᠠ ᠶᠢ ᠲᠦᠷᠭᠡᠳᠬᠡᠨ᠂ ︽ᠬᠥᠬᠡᠮᠳᠦᠭ ᠨᠣᠭᠤᠭᠠᠨ ᠠᠭᠤᠯᠠ ᠤᠰᠤ︾ ᠬᠢᠭᠡᠳ | ︽ᠠᠯᠲᠠᠨ ᠠᠭᠤᠯᠠ ᠮᠥᠩᠭᠦᠨ ᠠᠭᠤᠯᠠ︾ ᠶᠢᠨ ᠬᠤᠣᠰ ᠴᠢᠭᠯᠡᠯ ᠢᠶᠠᠷ ᠰᠣᠯᠢᠭᠳᠠᠬᠤ ᠵᠠᠮ ᠢ ᠨᠡᠪᠲᠡᠷᠡᠭᠦᠯᠦᠨ᠎ᠡ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠢ ᠶᠡᠬᠡᠪᠡᠷ ᠪᠣᠶᠢᠵᠢᠭᠤᠯᠵᠤ᠂ ᠡᠬᠢ | ᠪᠠᠶᠠᠯᠢᠭ ᠢ ᠠᠷᠪᠢᠲᠠᠢ ᠡᠷᠴᠢᠮᠯᠢᠭ ᠡᠷᠭᠢᠯᠳᠦᠭᠦᠯᠦᠨ ᠠᠰᠢᠭᠯᠠᠬᠤ ᠳᠦᠷᠢᠮ ᠢ ᠪᠥᠬᠦ ᠲᠠᠯ᠎ᠠ ᠪᠠᠷ ᠪᠠᠶᠢᠭᠤᠯᠤᠨ᠂ ᠪᠠᠢ ᠯᠢ | ᠱᠢ ᠡᠨᠧᠷᠭᠢ ᠶᠢᠨ ᠮᠡᠷᠭᠡᠵᠢᠯ ᠢ ᠳᠡᠯᠭᠡᠷᠡᠭᠦᠯᠬᠦ ᠶᠢ ᠲᠦᠷᠭᠡᠳᠬᠡᠨ ᠠᠬᠢᠭᠤᠯᠵᠤ᠂ ᠪᠥᠬᠦ ᠲᠣᠭᠤᠷᠢᠭ ᠤᠨ ᠭᠡᠷ ᠤᠨ | ᠣᠷᠣᠢ ᠶᠢᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠴᠡᠭ ᠤᠨ | ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ | ︵ᠬᠤᠶᠠᠷ︶ ᠰᠢᠨ᠎ᠡ ᠶᠢ ᠡᠭᠦᠳᠬᠦ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠯᠭᠡᠭᠦᠷ ᠪᠣᠯᠭᠠᠬᠤ ᠶᠢ ᠨᠢᠭᠡᠳᠦᠯᠲᠡᠢ | ᠲᠥᠯᠥᠪᠵᠢᠭᠦᠯᠵᠦ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠬᠥᠳᠡᠯᠭᠡᠬᠦ ᠬᠦᠴᠦᠨ ᠤ ᠡᠬᠢ ᠰᠤᠷᠪᠤᠯᠵᠢ ᠶᠢ | ᠠᠮᠢᠯᠠᠭᠤᠯᠤᠨ᠎ᠠ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯᠯᠠᠬᠤ ᠪᠠᠶᠢᠷᠢ ᠰᠠᠭᠤᠷᠢ ᠶᠢ ᠴᠢᠩᠭᠠᠷᠠᠭᠤᠯᠤᠨ᠎ᠠ᠃ | ︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠤᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠳᠥᠷᠪᠡᠨ ᠲᠠᠪᠴᠠᠩ︾ ᠤᠨ ᠪᠦᠲᠦᠭᠡᠨ ᠪᠠᠶᠢᠭᠤᠯᠤᠯᠲᠠ ᠪᠠᠷ ᠬᠥᠲᠥᠯᠥᠮᠵᠢ ᠪᠣᠯᠭᠠᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ | ᠬᠡᠷᠡᠭᠵᠢᠭᠦᠯᠵᠦ᠂ ᠨᠢᠭᠡᠳᠦᠭᠡᠷ ᠮᠠᠰᠢᠨ ᠮᠧᠬᠠᠨᠢᠭ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠵᠡᠷᠭᠡ ᠲᠤᠭᠤᠷᠢᠭ ᠲᠤ | ᠰᠠᠭᠤᠭ᠎ᠠ ᠲᠥᠪ ᠤᠨ ᠠᠵᠤ ᠠᠬᠤᠶᠢᠯᠠᠯ ᠵᠢᠴᠢ ᠬᠤᠩ ᠶᠤᠸᠠᠨ᠂ ᠵᠢᠩ ᠤᠣ ᠵᠡᠷᠭᠡ ᠲᠤᠯᠭᠠᠭᠤᠷᠢ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠪᠠᠶᠢᠷᠢᠰᠢᠭᠤᠯᠤᠯᠲᠠ ᠶᠢᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠤ | ᠰᠤᠳᠤᠯᠭᠠᠨ᠂ ᠲᠡᠷᠢᠭᠦᠨ ᠤ ᠲᠤᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠵᠡᠷᠭᠡ ᠴᠢᠳᠠᠪᠬᠢ ᠶᠢᠨ | ᠪᠠᠶᠢᠭᠤᠯᠤᠯᠲᠠ ᠶᠢ ᠳᠡᠮᠵᠢᠵᠦ᠂ ᠪᠡᠭᠡᠵᠢᠩ ᠤᠨ ᠬᠢᠮᠢ ᠶᠢᠨ ᠠᠵᠤ ᠦᠢᠯᠡᠳᠪᠦᠷᠢ᠂ ᠱᠠᠩᠬᠠᠢ ᠶᠡᠭᠡ ᠰᠤᠷᠭᠠᠭᠤᠯᠢ᠂ | ᠴᠦᠩᠴᠢᠩ ᠤᠨ ᠳᠤᠮᠳᠠᠳᠤ ᠶᠢᠨ ᠠᠵᠤ ᠦᠢᠯᠡᠳᠪᠦᠷᠢ ᠶᠢᠨ ᠣᠶᠤᠨ ᠤ ᠦᠢᠯᠡᠳᠬᠡᠯ ᠵᠡᠷᠭᠡ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠠᠺᠠᠳᠧᠮᠢᠴᠢ ᠶᠢᠨ ᠰᠢᠨ᠎ᠡ ᠶᠢ | ᠡᠭᠦᠳᠬᠦ ᠲᠥᠪ᠂ ᠪᠤᠭᠤᠲᠤ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠵᠢᠴᠢ ᠲᠡᠷᠢᠭᠦᠨ ᠤ | ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠪᠠ ᠳᠤᠮᠳᠠᠳᠤ ᠶᠢᠨ ᠠᠵᠤ ᠦᠢᠯᠡᠳᠪᠦᠷᠢ ᠶᠢᠨ ᠤᠶᠤᠨ ᠤ ᠦᠢᠯᠡᠳᠬᠡᠯ | ︵ᠪᠤᠭᠤᠲᠤ︶ ᠤᠨ ᠠᠵᠤ ᠦᠢᠯᠡᠳᠪᠦᠷᠢ ᠶᠢᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠢ ᠫᠠᠶᠢᠰᠠ ᠡᠯᠭᠦᠨ | ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢ ᠰᠤᠳᠤᠯᠤᠨ | ᠨᠡᠭᠡᠭᠡᠵᠦ ᠦᠢᠯᠡᠳᠬᠦ᠂ ᠤᠰᠤ ᠰᠢᠬᠠᠬᠤ ᠵᠤᠤᠬ᠎ᠠ ᠶᠢᠨ ᠴᠥᠮ᠎ᠡ ᠶᠢᠨ ᠰᠢᠲᠠᠭᠠᠯᠭ᠎ᠠ ᠶᠢᠨ CF3 ᠲᠣᠨᠤᠭ | ᠲᠥᠬᠦᠭᠡᠷᠦᠮᠵᠢ ᠵᠡᠷᠭᠡ 5 ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠪᠣᠳᠠᠲᠠᠶᠢᠵᠢᠭᠤᠯᠤᠨ | ᠬᠤᠪᠢᠷᠠᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ︽ᠵᠢᠵᠢᠭ ᠠᠪᠤᠷᠭᠤ ᠬᠥᠮᠥᠨ︾ ᠤ ᠠᠵᠤ ᠠᠬᠤᠶᠢᠯᠠᠯ ᠢ 100 ᠶᠢ | ᠳᠠᠪᠠᠭᠤᠯᠬᠤ ᠪᠠᠷ ᠴᠢᠷᠮᠠᠶᠢᠵᠤ᠂ ᠲᠥᠯᠦᠪᠵᠢᠭᠦᠯᠭᠡ ᠠᠴᠠ ᠳᠡᠭᠡᠭᠰᠢᠬᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠠᠵᠢᠯᠯᠠᠭ᠎ᠠ ᠥᠷᠨᠢᠭᠦᠯᠬᠦ ᠬᠤᠪᠢ ᠶᠢᠨ ᠵᠢᠩ ᠢ 40% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠲᠦᠯᠬᠢᠨ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠦᠢᠯᠡᠳᠪᠦᠷᠢ ᠶᠢᠨ ᠴᠡᠷᠢᠭ ᠠᠷᠠᠳ ᠤᠨ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠩ ᠢᠳᠡᠪᠬᠢᠲᠡᠢ᠂ ᠨᠡᠩ ᠨᠡᠭᠡᠭᠡᠯᠲᠡᠲᠡᠢ᠂ ᠨᠡᠩ | ᠪᠦᠲᠦᠮᠵᠢᠲᠡᠢ ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠥᠨᠳᠥᠷ ᠲᠡᠰ ᠳᠠᠪᠬᠤᠷᠭ᠎ᠠ ᠶᠢᠨ | ᠪᠠᠴᠢᠮ ᠬᠡᠷᠡᠭᠴᠡᠭᠡ ᠲᠠᠢ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠵᠠᠯᠠᠭᠤᠴᠤᠳ ᠤᠨ ᠬᠥᠭᠵᠢᠯᠲᠡ ᠶᠢᠨ | ᠮᠠᠶ᠋ᠢᠭ ᠤᠨ ᠬᠤᠳᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ ︽ᠬᠥᠮᠥᠵᠢᠭᠦᠯᠬᠦ ᠦᠯᠡᠳᠡᠭᠡᠬᠦ | ᠬᠡᠷᠡᠭᠯᠡᠬᠦ︾ ᠪᠥᠬᠦ ᠲᠠᠯ᠎ᠠ ᠶᠢᠨ ᠴᠢᠳᠠᠪᠤᠷᠢᠲᠠᠨ ᠤ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ | ᠲᠥᠷᠥᠯ ᠤᠨ ᠴᠢᠳᠠᠪᠤᠷᠢᠲᠠᠨ ᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠂ ᠠᠵᠤ ᠦᠢᠯᠡᠰ ᠤᠨ ᠬᠡᠯᠬᠢᠶᠡᠨ ᠤ | ᠳᠠᠭᠠᠭᠤᠯᠤᠭᠴᠢ ᠪᠠ ᠭᠤᠣᠯᠳᠠᠯᠭ᠎ᠠ ᠲᠠᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠴᠢ ᠶᠢ ᠰᠣᠩᠭᠤᠨ ᠲᠣᠮᠢᠯᠠᠬᠤ ᠳᠦᠷᠢᠮ ᠢ ᠪᠠᠶᠢᠭᠤᠯᠵᠤ᠂ ᠲᠣᠰ ᠭᠠᠵᠠᠷ ᠣᠷᠣᠨ ᠤ ᠰᠢᠯᠢᠳᠡᠭ | ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ᠂ ᠨᠢᠭᠡ ᠪᠦᠯᠦᠭ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ | ᠬᠥᠮᠥᠵᠢᠭᠦᠯᠦᠨ᠎ᠡ᠃ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢ ᠭᠤᠣᠯᠳᠠᠯᠭ᠎ᠠ ᠲᠠᠢ ᠳᠡᠮᠵᠢᠵᠦ᠂ | ︽ᠡᠭᠦᠯᠡᠨ ᠳᠡᠭᠡᠷᠡᠬᠢ ᠨᠢᠭᠡᠳᠦᠭᠡᠷ ᠮᠠᠰᠢᠨ︾ ᠤ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠲᠣᠭᠠᠴᠢᠯᠠᠭᠰᠠᠨ | ᠠᠵᠤ ᠦᠶᠢᠯᠡᠰᠵᠢᠯᠲᠡ ᠶᠢᠨ ᠲᠠᠪᠴᠠᠩ ᠪᠠ ᠺᠸᠠᠨ᠋ᠲ ᠲᠤᠷᠰᠢᠯᠲᠠ ᠶᠢᠨ ᠲᠠᠰᠤᠭ ᠢ ᠪᠦᠲᠦᠭᠡᠨ ᠪᠠᠶᠢᠭᠤᠯᠤᠨ᠎ᠠ᠃ | ᠣᠶᠤᠨᠯᠢᠭ ᠦᠢᠯᠡᠳᠬᠦ ᠦᠢᠯᠡᠰ ᠢ ᠶᠡᠬᠡᠪᠡᠷ ᠬᠡᠷᠡᠭᠵᠢᠭᠦᠯᠵᠦ᠂ ᠵᠢᠶᠠᠩᠰᠤ ᠶᠢᠨ ᠪᠠᠷᠰ ᠠᠵᠤ ᠦᠢᠯᠡᠳᠪᠦᠷᠢ ᠶᠢᠨ ᠡᠭᠦᠯᠡᠨ᠂ | ᠮᠢᠶᠣᠣ ᠳ᠋ᠦᠨ ᠪᠠᠴᠢᠮ ᠪᠠᠶᠢᠳᠠᠯ ᠢ ᠠᠷᠭᠠᠴᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠯᠡᠨ᠂ ᠠᠨ ᠾᠧᠩ | ᠮᠡᠳᠡᠭᠡ ᠵᠠᠩᠭᠢ ᠵᠡᠷᠭᠡ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠥᠬᠦ ᠬᠤᠲᠠ ᠶᠢᠨ | ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠤᠯᠤᠰ ᠤᠨ ᠲᠠᠰ ᠤᠨ | ᠣᠶᠤᠨᠯᠢᠭ ᠦᠢᠯᠡᠳᠬᠦ ᠲᠤᠷᠰᠢᠯᠲᠠ ᠶᠢᠨ ᠴᠡᠭ ᠢ 1 ᠪᠣᠶᠢᠵᠢᠭᠤᠯᠬᠤ ᠪᠠᠷ ᠴᠢᠷᠮᠠᠶᠢᠨ᠎ᠠ᠃ | ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠨ᠎ᠡ᠃ | ︽ᠣᠶᠢᠯᠠᠭᠠᠮᠵᠢᠲᠠᠢ ᠰᠡᠳᠬᠢᠬᠦᠢ︾ ᠶᠢ ᠪᠠᠲᠤ ᠪᠤᠢ ᠪᠣᠯᠭᠠᠵᠤ᠂ ᠥᠭᠡᠷᠡᠴᠢᠯᠡᠯᠲᠡ ᠠᠴᠠ ᠦᠷᠭᠦᠯᠵᠢᠯᠡᠨ ᠠᠮᠢᠵᠢᠷᠠᠯ ᠤᠨ | ᠬᠦᠴᠦᠨ᠂ ᠬᠥᠳᠡᠯᠭᠡᠬᠦ ᠬᠦᠴᠦᠨ ᠣᠯᠬᠤ ᠬᠡᠷᠡᠭᠲᠡᠢ᠃ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯᠲᠦ ᠠᠵᠤ | ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠨ᠂ | ᠤᠯᠤᠰ ᠤᠨ ᠥᠮᠴᠢᠯᠡᠯᠲᠦ ᠡᠳ᠋ ᠬᠥᠷᠥᠩᠭᠡ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠦᠴᠦᠷᠬᠡᠭᠵᠢᠭᠦᠯᠦᠨ | ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠠᠬᠢᠭᠤᠯᠵᠤ᠂ ᠵᠢᠯ ᠤᠨ ᠳᠣᠲᠣᠷ᠎ᠠ ᠲᠤᠭᠤᠷᠢᠭ ᠤᠨ ᠬᠠᠷᠢᠶ᠎ᠠ ᠪᠦᠬᠦᠢ | ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠦᠬᠦᠨ ᠢ ᠠᠯᠳᠠᠭᠳᠠᠯ ᠲᠠᠢ ᠪᠠᠶᠢᠭᠰᠠᠨ ᠠᠴᠠ ᠣᠯᠵᠠᠪᠤᠷᠢ ᠲᠠᠢ | ᠪᠣᠯᠭᠠᠵᠤ᠂ ᠠᠰᠢᠭ ᠭᠠᠶᠢᠯᠢ ᠶᠢ 3000 ᠲᠦᠮᠡᠨ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ ᠨᠠᠭᠠᠲᠤ ᠵᠠᠬ᠎ᠠ ᠳᠠᠭᠠᠨ | ᠨᠢᠭᠡ ᠠᠵᠤ ᠠᠬᠤᠶᠢᠯᠠᠯ ᠵᠠᠬ᠎ᠠ ᠳᠡᠯᠭᠡᠭᠦᠷ ᠭᠠᠷᠬᠤ ᠶᠢ ᠬᠠᠪᠰᠤᠷᠤᠨ ᠵᠢᠯᠤᠭᠤᠳᠤᠨ᠎ᠠ᠃ ᠡᠳ᠋ ᠤᠨ ᠵᠠᠰᠠᠭ ᠤᠨ ᠪᠡᠯᠡ | ᠮᠥᠩᠭᠦ ᠶᠢᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ | ᠠᠬᠢᠭᠤᠯᠵᠤ᠂ ︽ᠰᠢᠯᠵᠢᠭᠦᠯᠦᠨ ᠥᠭᠬᠦ ᠶᠢ ᠪᠡᠯᠡ ᠣᠷᠣᠭᠤᠯᠬᠤ ᠪᠤᠯᠠᠭᠠᠨ ᠦᠭᠡᠷᠡᠴᠢᠯᠡᠬᠦ︾ ᠵᠠᠭᠪᠤᠷ ᠢ ᠰᠦᠪᠡᠭᠴᠢᠯᠡᠵᠦ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ | ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ | ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠶᠢ | ᠴᠢᠩᠭ᠎ᠠ ᠬᠢᠵᠠᠭᠠᠷᠯᠠᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠶᠢ ᠲᠦᠯᠬᠢᠨ ᠠᠬᠢᠭᠤᠯᠵᠤ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠥᠷᠢᠯᠳᠦᠭᠡᠨ | ᠦᠭᠡᠢ ᠲᠠᠩᠰᠠᠨ ᠤ ᠵᠣᠭᠤᠰ ᠢ ᠲᠥᠯᠥᠵᠦ ᠳᠠᠭᠤᠰᠬᠠᠬᠤ ᠵᠡᠷᠭᠡ ᠲᠦᠷᠦ ᠶᠢᠨ ᠪᠣᠳᠣᠯᠭ᠎ᠠ ᠶᠢᠨ ᠰᠢᠭᠤᠳ ᠬᠦᠷᠴᠦ | ᠲᠦᠷᠭᠡᠨ ᠡᠳ᠋ᠯᠡᠵᠦ᠂ ︽ᠵᠢᠩᠬᠢᠨᠢ ᠠᠯᠳᠠ ᠮᠥᠩᠭᠦ︾ ᠪᠠᠷ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠰᠣᠯᠢᠵᠤ᠂ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢ ᠬᠥᠩᠭᠡᠨ ᠬᠠᠭᠤᠳᠠᠮ ᠢᠶᠠᠷ ᠤᠷᠤᠯᠳᠤᠭᠠᠨ ᠳᠤ ᠣᠷᠣᠯᠴᠠᠭᠤᠯᠵᠤ᠂ | ᠲᠣᠭᠲᠠᠭᠠᠯ ᠳᠤ ᠳᠡᠪᠰᠢᠭᠦᠯᠵᠦ ᠲᠤᠰᠢᠶᠠᠬᠤ ᠨᠢᠭᠡᠳᠦᠯᠲᠡᠢ ᠬᠠᠮᠢᠶᠠᠷᠬᠤ ᠠᠵᠤ ᠠᠬᠤᠶᠢᠯᠠᠯ ᠢ 35 ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠲᠦᠯᠬᠢᠨ | ᠠᠬᠢᠭᠤᠯᠵᠤ᠂ ᠪᠠᠷᠢᠮᠵᠢᠶᠠᠵᠢᠭᠤᠯᠤᠭᠰᠠᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠢ ᠲᠤᠷᠰᠢᠨ | ᠪᠠᠶᠢᠭᠤᠯᠵᠤ᠂ ᠨᠠᠩ ᠣᠯᠠᠨ ᠤᠴᠢᠷ ᠶᠠᠪᠤᠳᠠᠯ ᠢ ᠪᠥᠬᠦ ᠶᠠᠪᠤᠴᠠ ᠳᠤ ᠥᠪᠡᠰᠦᠪᠡᠨ ᠭᠦᠢᠴᠡᠳᠬᠡᠬᠦ ᠶᠢ ᠲᠦᠯᠬᠢᠨ | ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠣᠶᠢᠷ᠎ᠠ ᠬᠠᠪᠢ ᠳᠤᠨᠢ ᠭᠦᠢᠴᠡᠳᠬᠡᠬᠦ᠂ ᠭᠡᠷ ᠤᠨ ᠡᠭᠦᠳᠡᠨ | ᠳᠤᠨᠢ ᠭᠦᠢᠴᠡᠳᠬᠡᠬᠦ︾ ᠶᠢ ᠪᠡᠶᠡᠯᠡᠭᠦᠯᠦᠨ᠎ᠡ᠃ ︽ᠮᠦᠩᠭᠡ ᠰᠤᠪᠠᠭ᠂ ᠨᠢᠭᠡ ᠤᠳᠠᠭ᠎ᠠ ᠳᠤ ᠭᠦᠢᠴᠡᠳᠭᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠬᠦᠰᠦᠨᠦᠭᠲᠦ ᠶᠢᠨ ᠬᠠᠭᠤᠳᠠᠰᠤ︾ ᠭᠤᠶᠤᠴᠢᠯᠠᠬᠤ᠂ | ︽ᠨᠢᠭᠡ ᠢᠵᠢ ᠮᠠᠲ᠋ᠧᠷᠢᠶᠠᠯ︾ ᠢ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠂ | ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠪᠥᠬᠦ ᠶᠠᠪᠤᠴᠠ ᠶᠢ ᠨᠢᠭᠡ ᠤᠳᠠᠭ᠎ᠠ ᠳᠤ ᠡᠷᠭᠢᠯᠡᠬᠦ᠂ ᠥᠪᠡᠷ ᠤᠨ ᠥᠷᠲᠡᠭ | ᠦᠭᠡᠢ ᠪᠣᠯᠭᠠᠬᠤ ᠶᠢ ᠪᠡᠶᠡᠯᠡᠭᠦᠯᠦᠨ᠎ᠡ᠃ ︽ᠰᠦᠯᠵᠢᠶᠡᠨ ᠳᠡᠭᠡᠷᠡᠬᠢ ᠵᠠᠭᠤᠴᠢ ᠬᠡᠲᠦ ᠳᠡᠯᠭᠡᠭᠦᠷ︾ ᠤᠨ ᠦᠢᠯᠡᠴᠢᠯᠡᠭᠡ ᠶᠢ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠯᠡ | ᠤᠳᠠᠭ᠎ᠠ ᠳᠤ ᠳᠠᠩᠰᠠᠯᠠᠭᠤᠯᠬᠤ᠂ ᠣᠯᠠᠨ ᠲᠠᠯ᠎ᠠ ᠪᠠᠷ ᠬᠠᠷᠢᠯᠴᠠᠨ ᠮᠡᠳᠡᠷᠡᠬᠦ᠂ ᠪᠥᠬᠦ ᠰᠦᠯᠵᠢᠶ᠎ᠡ ᠪᠠᠷ ᠨᠡᠪᠲᠡᠷᠡᠬᠦ︾ ᠶᠢ | ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠵᠦ | ᠪᠣᠯᠬᠤ ᠨᠣᠷᠮ᠎ᠠ ᠶᠢ 95% ᠠᠴᠠ ᠳᠡᠭᠡᠭᠰᠢ ᠬᠦᠷᠲᠡᠯ᠎ᠡ ᠳᠡᠭᠡᠭᠰᠢᠯᠡᠭᠦᠯᠵᠦ᠂ ᠪᠥᠬᠦ ᠶᠠᠪᠤᠴᠠ ᠳᠤ ᠰᠦᠯᠵᠢᠶᠡᠨ ᠳᠡᠭᠡᠷ᠎ᠡ | ᠭᠦᠢᠴᠡᠳᠬᠡᠬᠦ ᠨᠣᠷᠮ᠎ᠠ ᠶᠢ 100% ᠳᠤ ᠬᠦᠷᠦᠭᠦᠯᠬᠦ ᠪᠠᠷ ᠴᠢᠷᠮᠠᠶᠢᠨ᠎ᠠ᠃ ᠪᠦᠷᠢᠳᠬᠡᠨ ᠳᠠᠩᠰᠠᠯᠠᠬᠤ ᠪᠥᠬᠦ | ᠶᠠᠪᠤᠴᠠ ᠶᠢ ᠡᠯᠧᠺᠲᠷᠦᠨᠴᠢᠯᠡᠬᠦ ᠶᠢ ᠭᠦᠨᠵᠡᠭᠡᠢ ᠠᠬᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠡᠯᠧᠺᠲᠷᠣᠨ | ᠦᠨᠡᠮᠯᠡᠯ ᠤᠨ ᠨᠣᠷᠮ᠎ᠠ ᠶᠢ 75% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠬᠠᠨᠤᠮᠵᠢᠲᠠᠶ᠂ ᠰᠠᠨᠠᠭ᠎ᠠ ᠠᠮᠤᠷ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠨᠠᠷᠠᠲᠤ ᠲᠡᠮᠳᠡᠭ ᠢᠶᠠᠨ ᠤᠯᠠᠮ ᠨᠢᠭᠡ ᠠᠯᠬᠤᠮ ᠭᠡᠷᠡᠯᠲᠦᠭᠦᠯᠬᠦ ᠪᠠᠷ | ᠴᠢᠷᠮᠠᠶᠢᠨ᠎ᠠ᠃ | ᠴᠢᠬᠤᠯᠠ ᠶᠡᠭᠡ ᠲᠥᠷᠥᠯ ᠵᠦᠢᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ︽ᠬᠤᠶᠠᠷ | ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠪᠦᠬᠦ ᠵᠢᠯ ᠳᠤ 89 ᠭᠤᠣᠯᠳᠠᠯᠭ᠎ᠠ ᠲᠠᠢ ᠵᠦᠢᠯᠡᠰ ᠢ | ᠲᠣᠬᠢᠷᠠᠭᠤᠯᠵᠤ᠂ ᠶᠡᠷᠦᠩᠬᠡᠢ ᠪᠡᠯᠡ ᠣᠷᠣᠭᠤᠯᠤᠯᠲᠠ ᠶᠢ 661.3 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ | ᠲᠤᠰ ᠵᠢᠯ ᠳᠤ 273.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 38 ᠠᠴᠠ | ᠳᠡᠭᠡᠭᠰᠢ ᠶᠢ ᠠᠵᠢᠯ ᠳᠠᠭᠤᠰᠬᠠᠵᠦ ᠠᠰᠢᠭᠯᠠᠯᠲᠠ ᠳᠤ ᠤᠷᠤᠭᠤᠯᠤᠨ᠎ᠠ᠃ ᠴᠢᠬᠤᠯᠠ ᠶᠡᠭᠡ ᠲᠥᠷᠥᠯ ᠵᠦᠢᠯ ᠤᠨ | ᠲᠤᠭᠤᠷᠢᠭ ᠤᠨ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ︽ᠱᠠᠭᠠᠷᠳᠠᠯᠭ᠎ᠠ ᠪᠠᠶᠢᠪᠠᠯ ᠵᠠᠪᠠᠯ ᠭᠦᠢᠴᠡᠳᠭᠡᠬᠦ᠂ ᠶᠠᠪᠤᠳᠠᠯ ᠦᠭᠡᠢ ᠪᠣᠯ ᠥᠯᠥ | ᠬᠠᠷᠰᠢᠯᠠᠬᠤ︾ ᠮᠥᠷᠳᠡᠨ ᠦᠢᠯᠡᠴᠢᠯᠡᠬᠦ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ᠃ ︽ᠲᠠᠪᠤᠨ | ᠦᠨᠳᠦᠰᠦᠨ ᠵᠦᠢᠯ ᠢ ᠶᠡᠭᠡ ᠪᠠᠷ ᠢᠯᠡᠷᠡᠭᠦᠯᠬᠦ︾ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠵᠥᠪᠰᠢᠶᠡᠷᠡᠭᠰᠡᠨ ᠪᠣᠯᠪᠠᠴᠤ ᠡᠰᠡ ᠬᠠᠩᠭᠠᠭᠰᠠᠨ ᠭᠠᠵᠠᠷ ᠰᠢᠷᠣᠢ ᠶᠢ ᠫᠠᠶᠢᠰᠠ ᠡᠯᠭᠦᠨ ᠬᠢᠮᠳᠠ ᠦᠨ᠎ᠡ ᠪᠠᠷ | ᠬᠤᠳᠠᠯᠳᠤᠬᠤ ᠶᠢ ᠲᠦᠷᠭᠡᠪᠴᠢᠯᠡᠨ ᠪᠡᠶᠡᠯᠡᠭᠦᠯᠦᠨ᠎ᠡ᠃ ᠪᠤᠭᠤᠲᠤ ᠶᠢᠨ ᠬᠤᠶᠢᠲᠤ ᠬᠡᠰᠡᠭ ᠤᠨ 500KV ᠬᠦᠴᠦᠳᠡᠯ | ᠥᠭᠡᠷᠡᠴᠢᠯᠡᠬᠦ ᠦᠷᠳᠡᠭᠡ ᠶᠢ ᠥᠷᠭᠡᠳᠬᠡᠨ ᠪᠠᠶᠢᠭᠤᠯᠬᠤ ᠪᠠᠷᠢᠯᠭ᠎ᠠ ᠶᠢᠨ ᠠᠵᠢᠯ ᠡᠬᠢᠯᠡᠭᠦᠯᠦᠨ ᠪᠦᠲᠦᠭᠡᠨ | ᠪᠠᠶᠢᠭᠤᠯᠬᠤ ᠶᠢ ᠲᠦᠯᠬᠢᠨ ᠠᠬᠢᠭᠤᠯᠵᠤ᠂ ᠬᠤᠩ ᠶᠤᠸᠠᠨ 220KV ᠵᠡᠷᠭᠡ 3 ᠬᠦᠴᠦᠳᠡᠯ ᠥᠭᠡᠷᠡᠴᠢᠯᠡᠬᠦ | ᠦᠷᠳᠡᠭᠡ ᠶᠢ ᠠᠰᠢᠭᠯᠠᠯᠲᠠ ᠳᠤ ᠤᠷᠤᠭᠤᠯᠤᠨ᠎ᠠ᠃ ᠤᠰᠤᠨ ᠰᠤᠷᠪᠤᠯᠵᠢ ᠶᠢᠨ ᠣᠷᠣᠨ ᠤ ᠳᠡᠰᠯᠡᠬᠦ ᠬᠠᠮᠠᠭᠠᠯᠠᠯᠲᠠ ᠶᠢᠨ | ᠣᠷᠣᠨ ᠤ ᠬᠡᠪᠴᠢᠶ᠎ᠡ ᠳᠤ ᠲᠣᠬᠢᠷᠠᠭᠤᠯᠤᠯᠲᠠ ᠬᠢᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠣᠨᠤᠭ | ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠤᠰᠤ ᠴᠡᠪᠡᠷᠰᠢᠭᠦᠯᠬᠦ ᠦᠢᠯᠡᠳᠪᠦᠷᠢ ᠪᠠ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠠᠵᠤ | ᠠᠬᠤᠶᠢᠯᠠᠯ ᠤᠨ ᠴᠢᠬᠤᠯᠠ ᠬᠦᠴᠦᠨ ᠵᠦᠢᠯ ᠤᠨ ᠬᠡᠷᠡᠭᠴᠡᠭᠡ ᠱᠠᠭᠠᠷᠳᠠᠯᠭ᠎ᠠ ᠵᠢᠪᠥ᠋ᠬᠦ ᠲᠠᠯ᠎ᠠ ᠪᠠᠷ ᠪᠠᠲᠤᠯᠠᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ | ᠬᠤᠳᠠᠯᠳᠤᠭᠠᠴᠢᠨ ᠤᠷᠢᠬᠤ ᠵᠢᠷᠤᠭ ᠢ ᠲᠣᠭᠲᠠᠭᠠᠵᠤ᠂ ︽ᠵᠠᠰᠠᠭ ᠤᠨ ᠣᠷᠳᠣᠨ + ᠬᠡᠯᠬᠢᠶᠡᠨ ᠤ ᠭᠤᠣᠯ ᠠᠵᠤ | ᠠᠬᠤᠶᠢᠯᠠᠯ + ᠠᠵᠤ ᠦᠢᠯᠡᠰ ᠤᠨ ᠬᠦᠷᠢᠶᠡᠯᠡᠩ︾ ᠤᠨ ᠬᠤᠳᠠᠯᠳᠤᠭᠠᠴᠢᠨ ᠤᠷᠢᠬᠤ ᠵᠠᠭᠪᠤᠷ ᠢ ᠰᠠᠶᠢᠲᠤᠷ ᠬᠡᠷᠡᠭᠯᠡᠨ᠂ | ᠨᠢᠭᠡ ᠪᠦᠯᠦᠭ ᠠᠵᠤ ᠦᠢᠯᠡᠰ ᠤᠨ ᠬᠡᠯᠬᠢᠶᠡᠨ ᠤ ᠬᠤᠯᠪᠣᠭ᠎ᠠ ᠨᠢᠭᠲᠠ ᠲᠥᠷᠥᠯ ᠵᠦᠢᠯ ᠢ ᠤᠬᠠᠭᠠᠯᠠᠨ ᠲᠥᠯᠥᠪᠯᠡᠵᠦ᠂ | ᠨᠢᠭᠡ ᠪᠦᠯᠦᠭ ᠠᠵᠤ ᠦᠶᠢᠯᠡᠰᠵᠢᠭᠦᠯᠵᠦ ᠪᠣᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠭᠰᠢᠨ | ᠰᠣᠩᠭᠤᠵᠤ᠂ ᠬᠤᠩ ᠳ᠋ᠧᠦ᠂ ᠯᠢᠦᠢ ᠺᠦᠩ᠂ ᠭᠦᠸᠧ ᠰᠢᠤᠸᠠᠨ᠂ ᠰᠢᠶᠧ ᠨᠧᠩ᠂ ᠰᠢᠨ ᠢ ᠶᠠᠩ ᠵᠡᠷᠭᠡ ᠨᠢᠭᠡ ᠪᠦᠯᠦᠭ | ᠪᠣᠳᠠᠲᠤ ᠬᠦᠴᠦᠨ ᠢᠶᠠᠷ ᠴᠢᠩᠭ᠎ᠠ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠢ ᠴᠢᠩᠭ᠎ᠠ ᠠᠩᠬᠠᠷᠴᠤ᠂ ᠪᠥᠬᠦ | ᠵᠢᠯ ᠳᠤ 100 ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠨᠡᠶᠢᠲᠡ 600 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠯᠡ ᠣᠷᠣᠭᠤᠯᠤᠨ᠎ᠠ᠃ | ︵ᠭᠤᠷᠪᠠ︶ ᠵᠣᠬᠢᠴᠠᠩᠭᠤᠢ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠬᠤᠳᠠ ᠶᠢᠨ ᠰᠢᠨᠡᠴᠢᠯᠡᠯᠲᠡ | ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠣᠷᠣᠰᠢᠨ | ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠲᠤ ᠲᠣᠬᠢᠷᠠᠮᠵᠢᠲᠠᠢ ᠵᠢᠱᠢᠶ᠎ᠡ ᠦᠵᠡᠭᠦᠯᠬᠦ ᠣᠷᠣᠨ ᠢ ᠴᠣᠭᠴᠠᠯᠠᠨ | ᠪᠠᠶᠢᠭᠤᠯᠤᠨ᠎ᠠ | ᠬᠤᠳᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠦᠷᠨᠢᠭᠦᠯᠦᠨ᠎ᠡ᠃ | ᠬᠤᠳᠠ ᠶᠢᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠳᠡᠭᠡᠳᠦ ᠳᠠᠪᠬᠤᠷᠭ᠎ᠠ ᠠᠴᠠ ᠵᠢᠷᠤᠵᠤ ᠲᠥᠯᠥᠪᠯᠡᠨ᠂ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠮᠡᠳᠡᠭᠦᠯᠦᠨ | ᠵᠥᠪᠰᠢᠶᠡᠷᠡᠭᠦᠯᠬᠦ ᠠᠵᠢᠯ ᠢ ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠬᠤᠳᠠ ᠶᠢᠨ ᠬᠡᠰᠡᠭ ᠲᠣᠭᠤᠷᠢᠭ ᠢ ᠰᠢᠨᠡᠳᠬᠡᠬᠦ | ᠲᠥᠯᠦᠪᠵᠢᠭᠦᠯᠭᠡ ᠪᠠ 110 ᠲᠦᠷᠭᠡᠨ ᠵᠠᠮ ᠤᠨ ᠠᠵᠤ ᠠᠬᠤᠢ ᠶᠢᠨ ᠨᠡᠮᠡᠭᠳᠡᠯ ᠤᠨ ᠪᠦᠰᠡ ᠶᠢᠨ | ᠲᠥᠯᠦᠪᠵᠢᠭᠦᠯᠭᠡ ᠶᠢ ᠥᠨᠳᠥᠷ ᠲᠦᠪᠰᠢᠨ ᠢᠶᠠᠷ ᠨᠠᠶᠢᠷᠠᠭᠤᠯᠤᠨ ᠵᠣᠬᠢᠶᠠᠨ᠎ᠠ᠃ ᠲᠣᠨᠣᠭᠯᠠᠯ ᠤᠨ ᠬᠦᠷᠢᠶᠡᠯᠡᠩ | ᠲᠣᠭᠤᠷᠢᠭ ᠤᠨ ᠬᠢᠵᠠᠭᠠᠷᠯᠠᠬᠤ ᠳᠦᠷᠢᠮ ᠢ ᠬᠡᠷᠡᠭᠵᠢᠭᠦᠯᠬᠦ ᠶᠢ ᠦᠨᠡᠯᠡᠨ ᠵᠢᠱᠢᠬᠦ ᠵᠢᠴᠢ ᠵᠠᠰᠠᠨ ᠨᠠᠶᠢᠷᠠᠭᠤᠯᠬᠤ ᠠᠵᠢᠯ ᠢ | ᠥᠷᠨᠢᠭᠦᠯᠵᠦ᠂ ᠲᠣᠨᠣᠭᠯᠠᠯ ᠤᠨ ᠬᠦᠷᠢᠶᠡᠯᠡᠩ ᠲᠣᠭᠤᠷᠢᠭ ᠤᠨ ᠡᠮᠬᠢ ᠵᠢᠷᠤᠮ ᠲᠠᠢ ᠪᠦᠲᠦᠭᠡᠨ ᠪᠠᠶᠢᠭᠤᠯᠤᠯᠲᠠ | ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠬᠥᠲᠥᠯᠥᠨ ᠳᠠᠭᠠᠭᠤᠯᠤᠨ᠎ᠠ᠃ ᠵᠠᠮ ᠤᠨ ᠲᠣᠣᠷ ᠤᠨ ᠪᠦᠲᠦᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠢᠪᠲᠤᠯᠵᠤ᠂ 8 ᠵᠤᠷᠪᠤᠰ ᠵᠠᠮ ᠪᠠ ᠠᠷᠤ ᠵᠡᠭᠡᠯᠢ ᠵᠢᠵᠢᠭ | ᠭᠤᠳᠤᠮᠵᠢ ᠶᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠰᠠᠶᠢᠬᠠᠨ ᠵᠠᠮ ᠤᠨ ᠤᠮᠠᠷᠠᠰᠢ ᠤᠷᠲᠤᠳᠬᠠᠬᠤ᠂ 110 | ᠲᠦᠷᠭᠡᠨ ᠬᠤᠷᠳᠤ ᠵᠠᠮ᠂ ᠴᠢᠩ ᠳ᠋ᠠ ᠵᠠᠮ᠂ ᠤᠮᠠᠷᠠᠰᠢ ᠬᠤᠳᠠ ᠶᠢ ᠲᠣᠭᠤᠷᠢᠭᠰᠠᠨ ᠵᠠᠰᠠᠮᠠᠯ ᠵᠠᠮ ᠤᠨ ᠥᠷᠭᠡᠳᠬᠡᠨ | ᠪᠠᠶᠢᠭᠤᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ | ᠲᠦᠷᠭᠡᠨ ᠬᠤᠷᠳᠤ ᠶᠢᠨ ᠵᠠᠮ ᠬᠢᠭᠡᠳ ᠬᠤᠳᠠ ᠶᠢᠨ ᠶᠠᠪᠤᠳᠠᠯ ᠤᠨ ᠵᠠᠮ ᠢ ᠵᠣᠯᠭᠠᠭᠤᠯᠬᠤ ᠶᠢ ᠴᠢᠩᠭᠠᠷᠠᠭᠤᠯᠵᠤ᠂ | ᠭᠠᠳᠠᠭᠰᠢ ᠭᠤᠣᠯ ᠱᠤᠭᠤᠮ ᠢ ᠨᠡᠪᠲᠡᠷᠡᠭᠦᠯᠦᠨ᠂ ᠳᠣᠲᠣᠭᠠᠳᠤ ᠲᠠᠭᠠᠨ ᠰᠠᠭᠠᠳ ᠦᠭᠡᠢ ᠪᠢᠴᠢᠯ ᠡᠷᠭᠢᠯᠲᠡ ᠲᠠᠢ | ᠪᠣᠯᠭᠠᠨ᠎ᠠ᠃ ︽ᠬᠠᠷᠠᠬᠤ ᠳᠤ ᠰᠢᠨ᠎ᠡ︾ ᠪᠦᠭᠡᠳ ︽ᠰᠠᠭᠤᠬᠤ ᠳᠤ ᠲᠠᠪᠠᠲᠠᠢ︾᠂ ︽ᠨᠢᠭᠤᠷ ᠲᠠᠯ᠎ᠠ︾ ᠲᠠᠢ ᠪᠦᠭᠡᠳ ᠨᠡᠩ | ︽ᠳᠣᠲᠣᠷ︾ ᠲᠠᠢ ᠪᠠᠶᠢᠬᠤ ᠵᠠᠷᠴᠢᠮ ᠶᠣᠰᠣᠭᠠᠷ᠂ 38 ᠵᠢᠵᠢᠭ ᠬᠠᠭᠤᠴᠢᠨ ᠲᠣᠭᠤᠷᠢᠭ ᠤᠨ ᠥᠭᠡᠷᠡᠴᠢᠯᠡᠯᠲᠡ ᠶᠢ | ᠯᠠᠪᠳᠠᠭᠤᠨ ᠢᠶᠠᠷ ᠲᠦᠯᠬᠢᠨ ᠠᠬᠢᠭᠤᠯᠵᠤ᠂ 2000 ᠣᠨ ᠠᠴᠠ ᠡᠮᠦᠨ᠎ᠡ ᠪᠠᠷᠢᠭᠰᠠᠨ ᠵᠢᠵᠢᠭ ᠲᠣᠭᠤᠷᠢᠭ ᠤᠨ | ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠵᠢᠵᠢᠭ ᠬᠠᠭᠤᠴᠢᠷᠠᠭᠰᠠᠨ ᠲᠣᠭᠤᠷᠢᠭ ᠤᠨ | ᠣᠶᠤᠨᠲᠤ ᠲᠡᠷᠭᠡᠨ ᠵᠣᠭᠰᠣᠭᠠᠯ ᠤᠨ ᠪᠦᠲᠦᠭᠡᠨ ᠪᠠᠶᠢᠭᠤᠯᠤᠯᠲᠠ ᠪᠠ ᠬᠡᠷᠡᠯ ᠴᠡᠨᠡᠭ ᠤᠨ ᠲᠡᠷᠭᠡᠨ ᠰᠠᠷᠠᠪᠴᠢ ᠵᠡᠷᠭᠡ | ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠰᠠᠭᠤᠭᠠᠯᠢ ᠠᠷᠠᠳ ᠤᠨ ᠲᠡᠷᠭᠡ ᠵᠣᠭᠰᠤᠭᠠᠬᠤ ᠳᠤ ᠬᠦᠴᠢᠷ᠂ | ᠴᠠᠬᠢᠯᠭᠠᠨ ᠴᠡᠨᠡᠭᠯᠡᠬᠦ ᠳᠤ ᠬᠦᠴᠢᠷ ᠵᠡᠷᠭᠡ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ ᠬᠤᠲᠠ ᠶᠢᠨ | ᠪᠣᠬᠢᠷᠲᠤᠯ ᠦᠭᠡᠢ ᠣᠷᠣᠨ ᠵᠠᠢ ᠶᠢ ᠲᠠᠰᠤᠷᠠᠯᠲᠠ ᠦᠭᠡᠢ ᠥᠷᠭᠡᠳᠬᠡᠵᠦ᠂ ᠰᠢᠷ᠎ᠠ ᠬᠥᠷᠥᠰᠥ ᠶᠢ ᠢᠯᠡ ᠭᠠᠷᠭᠠᠬᠤ ᠶᠢ | ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠂ 15 ᠤᠭᠤᠲᠠ ᠴᠡᠴᠡᠷᠯᠢᠭ ᠢ ᠰᠢᠨ᠎ᠡ ᠪᠠᠷ ᠪᠠᠶᠢᠭᠤᠯᠤᠨ | ᠥᠭᠡᠷᠡᠴᠢᠯᠡᠵᠦ᠂ ᠪᠥᠬᠦ ᠬᠤᠲᠠ ᠪᠠᠷ ᠢᠶᠠᠨ ᠴᠥᠮ ᠨᠣᠭᠤᠭᠠᠨ᠂ ᠨᠢᠳᠦ ᠳᠦᠭᠦᠷᠡᠩ ᠦᠵᠡᠮᠵᠢ ᠲᠠᠢ ᠪᠣᠯᠭᠠᠬᠤ ᠶᠢ | ᠪᠡᠶᠡᠯᠡᠭᠦᠯᠦᠨ᠎ᠡ᠃ | ᠬᠤᠳᠠ ᠶᠢᠨ ᠦᠵᠡᠮᠵᠢ ᠶᠢᠨ ᠣᠷᠴᠢᠨ ᠨᠥᠬᠦᠴᠡᠯ ᠢ ᠥᠨᠳᠥᠷ ᠲᠦᠪᠰᠢᠨ ᠢᠶᠠᠷ ᠳᠡᠭᠡᠭᠰᠢᠯᠡᠭᠦᠯᠦᠨ᠎ᠡ᠃ | ︽ᠴᠢᠩᠱᠠᠨ ᠤ ᠦᠵᠡᠮᠵᠢ︾ ᠶᠢᠨ ᠣᠶᠤᠨᠴᠢ ᠬᠠᠮᠢᠶᠠᠷᠤᠯᠲᠠ ᠶᠢᠨ ᠲᠠᠪᠴᠠᠩ ᠤᠨ ᠬᠠᠮᠤᠷᠬᠤ ᠬᠡᠪᠴᠢᠶ᠎ᠡ ᠶᠢ | ᠥᠷᠭᠡᠳᠬᠡᠵᠦ᠂ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠬᠠᠷᠢᠭᠤᠴᠠᠬᠤ ᠰᠢᠰᠲ᠋ᠧᠮᠵᠢ ᠪᠠ ︽ᠡᠭᠦᠳᠡᠨ | ᠡᠮᠦᠨ᠎ᠡ ᠠᠷᠤ ᠲᠠᠯ᠎ᠠ ᠶᠢᠨ ᠭᠤᠷᠪᠠ ᠶᠢ ᠳᠠᠭᠠᠭᠠᠴᠢᠯᠠᠬᠤ︾ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠠᠬᠢᠵᠢᠭᠦᠯᠵᠦ᠂ | ᠬᠤᠲᠠ ᠶᠢᠨ ᠬᠠᠮᠢᠶᠠᠷᠤᠯᠲᠠ ᠶᠢᠨ ᠥᠯᠥ ᠣᠨᠣᠭᠳᠠᠬᠤ ᠪᠠᠶᠢᠳᠠᠯ ᠢ ᠠᠷᠢᠯᠭᠠᠨ᠎ᠠ᠃ ᠰᠢᠯᠭᠠᠨ ᠬᠢᠨᠠᠬᠤ ᠲᠣᠭᠲᠠᠴᠠ ᠶᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠥᠬᠦ ᠲᠠᠯ᠎ᠠ ᠶᠢᠨ᠂ ᠥᠨᠳᠥᠷ ᠦᠷ᠎ᠡ ᠪᠦᠲᠦᠮᠵᠢ ᠲᠠᠢ ᠠᠵᠢᠯᠯᠠᠭᠠᠨ ᠤ | ᠬᠤᠲᠠ ᠶᠢᠨ ᠵᠠᠰᠠᠯᠲᠠ ᠶᠢᠨ ᠵᠠᠭᠪᠤᠷ ᠢ ᠪᠠᠶᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ | ᠬᠠᠮᠤᠷᠬᠤ ᠬᠦᠷᠢᠶ᠎ᠡ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠵᠢᠵᠢᠭ ᠲᠣᠭᠤᠷᠢᠭ ᠲᠤ ︽ᠰᠠᠭᠤᠯᠠᠭ᠎ᠠ ᠶᠢ ᠨᠢ | ᠬᠠᠰᠤᠵᠤ ᠨᠢᠭᠡ ᠴᠡᠭ ᠪᠣᠯᠭᠠᠬᠤ︾ ᠶᠢ ᠬᠡᠷᠡᠭᠵᠢᠭᠦᠯᠦᠨ᠂ ᠬᠤᠷᠢᠶᠠᠨ ᠠᠪᠴᠢᠷᠠᠬᠤ ᠣᠶᠤᠨᠴᠢ ᠲᠥᠬᠦᠭᠡᠷᠦᠮᠵᠢ ᠶᠢ | ᠲᠠᠯᠪᠢᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ ᠲᠣᠭᠤᠷᠢᠭ ᠢ ᠴᠢᠷᠮᠠᠶᠢᠨ ᠪᠣᠶ | ᠪᠣᠯᠭᠠᠨ᠎ᠠ᠃ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠣᠶᠤᠨᠴᠢ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠢ ᠪᠦᠬᠦᠨ ᠢ ᠬᠠᠮᠤᠷᠬᠤ ᠶᠢ ᠴᠢᠷᠮᠠᠶᠢᠨ ᠪᠡᠶᠡᠯᠡᠭᠦᠯᠦᠨ᠎ᠡ᠃ ᠠᠳᠠᠯ | ᠠᠬᠤᠢ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠬᠤᠪᠢᠰᠬᠠᠯ ᠤᠨ ᠠᠳᠠᠯ ᠠᠬᠤᠢ ᠶᠢᠨ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠬᠤᠪᠢᠰᠬᠠᠯ ᠤᠨ | ᠠᠳᠠᠯ ᠠᠬᠤᠢ ᠶᠢᠨ ᠲᠤᠷᠰᠢᠯᠲᠠ ᠶᠢᠨ ᠴᠡᠭ ᠢ 2 ᠰᠢᠨ᠎ᠡ ᠪᠠᠷ ᠨᠡᠮᠡᠭᠳᠡᠭᠦᠯᠵᠦ᠂ ᠠᠵᠢᠯ ᠦᠢᠯᠡᠰ ᠤᠨ ᠵᠥᠪᠯᠡᠯ ᠤᠨ | ᠪᠦᠷᠬᠦᠴᠡ ᠶᠢᠨ ᠨᠣᠷᠮ᠎ᠠ ᠶᠢ 70% ᠠᠴᠠ ᠳᠡᠭᠡᠭᠰᠢ ᠳᠤ ᠬᠦᠷᠦᠭᠦᠯᠵᠦ᠂ ᠵᠠᠬ᠎ᠠ ᠳᠡᠯᠭᠡᠭᠦᠷᠴᠢᠯᠡᠭᠰᠡᠨ ᠠᠳᠠᠯ | ᠠᠬᠤᠢ ᠶᠢᠨ ᠪᠦᠷᠬᠦᠴᠡ ᠶᠢᠨ ᠨᠣᠷᠮ᠎ᠠ ᠶᠢ 80% ᠠᠴᠠ ᠳᠡᠭᠡᠭᠰᠢ ᠬᠦᠷᠦᠭᠦᠯᠦᠨ᠎ᠡ᠃ ᠪᠣᠯᠪᠠᠰᠤᠨ ᠬᠤᠳᠠ ᠶᠢ | ᠡᠭᠦᠳᠦᠨ ᠪᠠᠶᠢᠭᠤᠯᠬᠤ ᠠᠵᠢᠯ ᠢ ᠪᠠᠶᠢᠩᠭᠤᠵᠢᠭᠤᠯᠬᠤ ᠪᠠ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ | ᠠᠬᠢᠭᠤᠯᠵᠤ᠂ ᠪᠣᠯᠪᠠᠰᠤᠨ ᠢ ᠴᠢᠩᠱᠠᠨ ᠤ ᠬᠠᠮᠤᠭ ᠤᠨ ᠭᠤᠶᠤ ᠳᠡᠪᠢᠰᠬᠡᠷ ᠥᠩᠭᠡ ᠪᠣᠯᠭᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠴᠢᠨᠠᠷ ᠰᠠᠶᠢᠲᠠᠢ ᠠᠬᠢᠭᠤᠯᠤᠨ᠎ᠠ᠃ ᠬᠤᠳᠠ ᠶᠢᠨ | ᠬᠠᠷᠠᠴᠠ ᠪᠠᠷ ᠬᠥᠳᠡᠭᠡ ᠲᠣᠰᠬᠤᠨ ᠢ ᠬᠥᠭᠵᠢᠭᠦᠯᠬᠦ ᠶᠢ ᠪᠠᠷᠢᠮᠲᠠᠯᠠᠵᠤ᠂ ᠬᠤᠳᠠ ᠬᠥᠳᠡᠭᠡ ᠶᠢ ᠨᠢᠭᠡ ᠴᠣᠭᠴᠠᠵᠢᠭᠤᠯᠤᠨ | ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠲᠠᠷᠢᠶᠠᠯᠠᠩ ᠢ ᠬᠦᠴᠦᠷᠬᠡᠭᠵᠢᠭᠦᠯᠵᠦ᠂ ᠬᠥᠳᠡᠭᠡ ᠲᠣᠰᠬᠤᠨ ᠢ | ᠦᠵᠡᠰᠬᠦᠯᠡᠩᠲᠦ ᠰᠠᠶᠢᠬᠠᠨ ᠪᠣᠯᠭᠠᠵᠤ᠂ ᠲᠠᠷᠢᠶᠠᠴᠢᠳ ᠢ ᠪᠠᠶᠠᠵᠢᠭᠤᠯᠤᠨ᠎ᠠ᠃ ᠭᠠᠵᠠᠷ ᠰᠢᠷᠣᠢ ᠲᠠᠷᠢᠶᠠᠨ ᠭᠠᠵᠠᠷ ᠢ | ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢ ᠲᠠᠢ ᠪᠠᠶᠢᠯᠭᠠᠬᠤ ᠠᠵᠢᠯ ᠢ ᠶᠡᠬᠡᠪᠡᠷ ᠠᠬᠢᠭᠤᠯᠵᠤ᠂ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠤᠨᠴᠠᠯᠢᠭ ᠲᠠᠢ ᠪᠠᠷ ᠳᠠᠷᠢᠵᠤ ᠲᠡᠵᠢᠭᠡᠨ ᠦᠷᠡᠵᠢᠭᠦᠯᠬᠦ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠠᠷᠠᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠦᠯᠦᠨ᠎ᠡ᠃ | ᠢᠳᠡᠭᠡᠨ ᠡᠳ᠋ᠰᠢᠭᠦᠯᠬᠦ ᠬᠦᠷᠢᠶᠡᠯᠡᠩ ᠲᠣᠭᠤᠷᠢᠭ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠬᠦᠴᠦᠯᠡᠨ ᠰᠠᠶᠢᠲᠤᠷ | ᠠᠳᠬᠤᠵᠤ᠂ ᠰᠡᠴᠢ ᠪᠤᠯᠤᠩ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠲᠥᠪ᠂ ᠮᠢᠩ ᠵᠧᠨ᠂ ᠳ᠋ᠢᠩ ᠳ᠋ᠡ | ᠲᠣᠭᠤᠭᠠᠨ ᠭᠡᠷ ᠤᠨ ᠲᠥᠪ ᠲᠣᠭᠤᠭᠠᠨ ᠭᠡᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ | ᠬᠤᠲᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ | ᠠᠷᠠᠯᠵᠢᠶᠠᠨ ᠤ ᠲᠥᠪ ᠢ ᠪᠠᠶᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠵᠢᠯ ᠪᠦᠷᠢ ᠳᠤᠮᠳᠠᠴᠢ ᠪᠠᠷ | 130 ᠲᠦᠮᠡᠨ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠵᠤ᠂ ᠤᠯᠤᠰ ᠤᠨ ᠲᠠᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ 1 ᠪᠠᠶᠢᠭᠤᠯᠤᠨ᠎ᠠ᠃ ᠳᠠᠯᠠᠨ ᠬᠠᠷ᠎ᠠ ᠠᠭᠤᠯᠠ | ᠳᠠᠭᠠᠤ ᠶᠢᠨ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠰᠡᠯᠡᠭᠦᠴᠡᠯ ᠤᠨ ᠲᠠᠷᠢᠶᠠᠯᠠᠩ ᠪᠠ ᠬᠥᠳᠡᠭᠡ | ᠲᠣᠰᠬᠤᠨ ᠤ ᠵᠢᠭᠤᠯᠴᠢᠯᠠᠯ ᠢ ᠬᠥᠭᠵᠢᠭᠦᠯᠦᠨ᠂ ᠴᠡᠷᠢᠭ ᠤᠨ ᠶᠠᠪᠤᠳᠠᠯ ᠤᠨ ᠵᠢᠵᠢᠭ ᠪᠠᠯᠭᠠᠰᠤ ᠪᠠᠶᠢᠭᠤᠯᠬᠤ ᠶᠢ | ᠰᠢᠨᠵᠢᠯᠡᠬᠦ ᠤᠬᠠᠭᠠᠨᠴᠢ ᠪᠠᠷ ᠨᠤᠲᠠᠯᠠᠵᠤ᠂ ᠳ᠋ᠦᠩ ᠳ᠋ᠡ ᠱᠠᠨ ᠠᠭᠤᠯᠠᠨ ᠤ ᠠᠮᠠᠷᠠᠯᠲᠠ ᠶᠢᠨ ᠲᠣᠰᠬᠤᠨ ᠤ ᠲᠥᠷᠥᠯ | ᠵᠦᠢᠯ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠵᠦ᠂ ᠬᠤᠸᠠ ᠭᠧ ᠲᠠᠢ ᠶᠢᠨ ᠣᠯᠠᠨ ᠤᠯᠤᠰ ᠤᠨ | ᠬᠡᠭᠡᠷ᠎ᠡ ᠪᠠᠭᠤᠳᠠᠯᠯᠠᠬᠤ ᠲᠣᠭᠤᠷᠢᠭ ᠤᠨ ᠡᠵᠡᠩᠨᠡᠯᠲᠡ ᠶᠢᠨ ᠵᠠᠭᠪᠤᠷ ᠢ ᠰᠢᠯᠢᠳᠡᠭᠵᠢᠭᠦᠯᠦᠨ᠂ ᠬᠤᠲᠠ ᠶᠢᠨ ᠰᠡᠯᠡᠭᠦᠴᠡᠯ | ᠵᠢᠭᠤᠯᠴᠢᠯᠠᠯ ᠤᠨ ᠠᠵᠤ ᠦᠢᠯᠡᠰ ᠤᠨ ᠪᠦᠰᠡ ᠶᠢ ᠪᠣᠶ ᠪᠣᠯᠭᠠᠨ᠎ᠠ᠃ ᠬᠥᠳᠡᠭᠡ ᠲᠣᠰᠬᠤᠨ ᠤ ᠬᠥᠮᠥᠰ ᠤᠨ ᠣᠷᠣᠰᠢᠨ | ᠰᠠᠭᠤᠬᠤ ᠣᠷᠴᠢᠨ ᠠᠬᠤᠢ ᠶᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠢ | ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠬᠥᠳᠡᠭᠡ ᠲᠣᠰᠬᠤᠨ ᠤ ᠪᠣᠬᠢᠷ ᠤᠰᠤᠨ ᠤ ᠬᠤᠭᠤᠯᠠᠢ ᠶᠢᠨ ᠲᠣᠣᠷ ᠪᠠ ᠲᠣᠰᠬᠤᠨ ᠤ | ᠬᠡᠪᠴᠢᠶᠡᠨ ᠤ ᠵᠠᠮ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ ᠬᠥᠳᠡᠭᠡ | ᠲᠣᠰᠬᠤᠨ ᠤ ᠪᠣᠬᠢᠷ ᠤᠰᠤ ᠶᠢ ᠠᠶᠢᠯ ᠪᠣᠯᠭᠠᠨ ᠳᠤ ᠴᠡᠪᠡᠷᠯᠡᠬᠦ᠂ ᠬᠥᠳᠡᠭᠡ ᠲᠣᠰᠬᠤᠨ ᠤ ᠵᠠᠮ ᠤᠨ ᠲᠣᠣᠷ ᠢ ᠠᠶᠢᠯ | ᠪᠣᠯᠭᠠᠨ ᠳᠤ ᠨᠡᠪᠲᠡᠷᠡᠭᠦᠯᠬᠦ ᠶᠢ ᠪᠡᠶᠡᠯᠡᠭᠦᠯᠦᠨ᠎ᠡ᠃ | ︵ᠳᠥᠷᠪᠡ︶ ᠬᠠᠮᠲᠤᠪᠠᠷ ᠡᠳ᠋ᠯᠡᠬᠦ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠤᠯᠠᠨ ᠨᠡᠶᠢᠲᠡ ᠶᠢᠨ | ᠦᠢᠯᠡᠴᠢᠯᠡᠭᠡ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠴᠢᠨᠠᠷ ᠰᠠᠶᠢᠲᠠᠢ | ᠠᠮᠢᠳᠤᠷᠠᠯ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ | ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠨᠡᠩ ᠤᠯᠠᠨ ᠡᠰᠢᠵᠢᠭᠦᠯᠦᠨᠡ᠃ ︽ᠦᠢᠯᠡᠰ | ᠴᠣᠭᠴᠠᠯᠠᠬᠤ ᠠᠪᠤᠷᠭᠤ ᠬᠥᠮᠥᠨ︾ ᠤ ᠲᠥᠯᠥᠪᠯᠡᠭᠡ ᠶᠢ ᠡᠬᠢᠯᠡᠭᠦᠯᠵᠦ᠂ ︽ᠴᠢᠩᠱᠠᠨ ᠳᠤ ᠪᠠᠶᠢᠬᠤ︾ ᠦᠢᠯᠡᠴᠢᠯᠡᠭᠡᠨ ᠤ | ᠨᠠᠷᠠᠲᠤ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠨᠠᠩ ᠪᠦᠷᠢᠨ ᠭᠦᠢᠴᠡᠳ᠂ ᠨᠠᠩ ᠴᠢᠨᠠᠷ ᠰᠠᠶᠢᠲᠠᠢ | ᠠᠵᠢᠯ ᠣᠯᠭᠤᠯᠲᠠ ᠶᠢ ᠠᠬᠢᠭᠤᠯᠤᠨ᠎ᠠ᠃ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ᠂ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠬᠥᠯᠥᠰᠦᠨ ᠠᠵᠢᠯᠴᠢᠨ ᠪᠠ ᠬᠤᠳᠠ ᠪᠠᠯᠭᠠᠰᠤᠨ ᠤ ᠬᠦᠴᠢᠷᠳᠡᠯ ᠲᠠᠢ ᠬᠥᠮᠥᠰ ᠤᠨ ᠠᠵᠢᠯ | ᠣᠯᠬᠤ ᠶᠢ ᠦᠷᠭᠦᠯᠵᠢᠯᠡᠨ ᠬᠠᠪᠰᠤᠷᠤᠨ ᠲᠡᠳᠬᠦᠨ᠎ᠡ᠃ ᠠᠵᠢᠯ ᠣᠯᠭᠤᠯᠲᠠ ᠪᠠ ᠠᠵᠢᠯᠴᠢᠨ ᠬᠡᠷᠡᠭᠯᠡᠬᠦ ᠶᠢ ᠬᠤᠣᠰ | ᠴᠢᠭᠯᠡᠯ ᠢᠶᠠᠷ ᠵᠣᠯᠭᠠᠭᠤᠯᠬᠤ ᠲᠠᠪᠴᠠᠩ ᠢ ᠪᠠᠶᠢᠭᠤᠯᠵᠤ᠂ ︽ᠢᠨᠲ᠋ᠧᠷ ᠰᠦᠯᠵᠢᠶ᠎ᠡ + ᠠᠵᠢᠯ ᠣᠯᠭᠤᠯᠲᠠ ᠶᠢᠨ ᠬᠡᠳᠦ | ᠳᠡᠯᠭᠡᠭᠦᠷ︾ ᠢ ᠪᠠᠶᠢᠭᠤᠯᠵᠤ᠂ ᠬᠥᠳᠡᠯᠮᠦᠷᠢᠴᠢᠨ ᠪᠠ ᠠᠵᠤ ᠠᠬᠤᠶᠢᠯᠠᠯ ᠬᠤᠶᠠᠷ ᠲᠠᠯ᠎ᠠ ᠳᠤ ᠬᠠᠩᠭᠠᠯᠭ᠎ᠠ ᠬᠡᠷᠡᠭᠴᠡᠭᠡᠨ ᠤ | ᠬᠥᠭᠦᠷᠭᠡ ᠲᠠᠯᠪᠢᠵᠤ ᠥᠭᠭᠦᠨ᠎ᠡ᠃ ︽ᠡᠶ᠎ᠡ ᠵᠣᠬᠢᠴᠠᠯ ᠲᠠᠢ ᠴᠢᠩᠱᠠᠨ︾ ᠤ ᠬᠥᠳᠡᠯᠮᠦᠷᠢ ᠬᠦᠴᠦᠨ ᠢ ᠬᠡᠷᠡᠭᠯᠡᠬᠦ | ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ︽ᠬᠤᠶᠠᠷ ᠮᠥᠩᠭᠦ ᠭᠤᠷᠪᠠᠨ ᠳᠦᠷᠢᠮ︾᠂ ︽ᠭᠤᠷᠪᠠ ᠶᠢ | ᠲᠡᠭ ᠢᠶᠠᠷ ᠠᠷᠢᠯᠭᠠᠬᠤ︾ ᠵᠡᠷᠭᠡ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠴᠠᠯᠢᠩ ᠥᠷᠢᠲᠦᠭᠰᠡᠳ ᠢ | ᠬᠠᠤᠯᠢ ᠠᠴᠠ ᠭᠠᠳᠠᠭᠤᠷ ᠳᠤᠷ᠎ᠠ ᠪᠠᠷ ᠨᠢ ᠶᠠᠪᠤᠭᠤᠯᠬᠤ᠂ ᠬᠥᠳᠡᠯᠮᠦᠷᠢᠴᠢᠳ ᠤᠨ ᠬᠥᠯᠥᠰᠦ ᠶᠢ ᠲᠠᠯᠠᠭᠠᠷ | ᠤᠷᠤᠰᠬᠠᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠬᠥᠩᠭᠡᠨ ᠠᠵᠦ ᠦᠢᠯᠡᠳᠪᠦᠷᠢ ᠶᠢᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠴᠡᠭ ᠤᠨ ᠲᠠᠩ ᠬᠡᠯᠪᠡᠷᠢ᠂ ᠵᠠᠬᠢᠶᠠᠯᠠᠭ᠎ᠠ ᠶᠢᠨ ᠬᠡᠯᠪᠡᠷᠢ ᠶᠢᠨ | ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠲᠤ ᠰᠢᠨ᠎ᠡ ᠶᠢ ᠡᠭᠦᠳᠦᠨ᠎ᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ | ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠂ ᠪᠥᠬᠦ ᠵᠢᠯ ᠳᠤ 8000 ᠬᠥᠮᠥᠨ ᠠᠴᠠ ᠳᠡᠭᠡᠭᠰᠢ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠬᠤᠲᠠ ᠪᠠᠯᠭᠠᠰᠤ ᠶᠢᠨ 7800 ᠬᠥᠮᠥᠨ ᠳᠤ ᠰᠢᠨ᠎ᠡ ᠪᠠᠷ | ᠠᠵᠢᠯ ᠣᠯᠭᠤᠵᠤ᠂ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢ 6000 ᠲᠦᠮᠡᠨ ᠲᠥᠭᠦᠷᠢᠭ | ᠲᠠᠯᠪᠢᠨ᠎ᠠ᠃ | ᠨᠡᠶᠢᠭᠡᠮ ᠤᠨ ᠪᠠᠲᠤᠯᠠᠭ᠎ᠠ ᠶᠢ ᠨᠡᠩ ᠲᠡᠭᠦᠯᠳᠡᠷ ᠪᠥᠭᠡᠳ ᠬᠦᠴᠦᠨ ᠲᠠᠢ ᠪᠣᠯᠭᠠᠨ᠎ᠠ᠃ ᠰᠠᠭᠤᠷᠢ᠂ ᠲᠦᠭᠡᠮᠡᠯ | ᠬᠠᠷᠠᠭᠠᠯᠵᠠᠯ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ 10 ᠵᠦᠢᠯ ᠤᠨ ᠪᠣᠳᠠᠲᠤ ᠶᠠᠪᠤᠳᠠᠯ ᠤᠨ ᠲᠥᠷᠥᠯ | ᠵᠦᠢᠯ ᠢ ᠰᠠᠶᠢᠲᠤᠷ ᠬᠡᠷᠡᠭᠵᠢᠭᠦᠯᠵᠦ᠂ ᠦᠨᠡᠨᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ | ᠪᠣᠳᠠᠲᠠᠢ ᠪᠠᠷ ᠬᠢᠨ᠎ᠡ᠃ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠨᠠᠷᠢᠯᠢᠭ ᠤᠨᠤᠪᠴᠢᠲᠠᠢ ᠢᠶᠠᠷ ᠥᠷᠭᠡᠳᠬᠡᠬᠦ | ᠠᠵᠢᠯ ᠢ ᠦᠷᠭᠦᠯᠵᠢᠯᠡᠨ ᠭᠦᠨᠵᠡᠭᠡᠢ ᠲᠦᠯᠬᠢᠨ ᠠᠬᠢᠭᠤᠯᠵᠤ᠂ ᠪᠦᠬᠦ ᠵᠢᠯ ᠤᠨ ᠨᠠᠰᠤᠵᠢᠯ ᠤᠨ ᠠᠰᠠᠷᠠᠮᠵᠢ ᠶᠢᠨ | ᠦᠨᠳᠦᠰᠦᠨ ᠳᠠᠭᠠᠳᠬᠠᠯ ᠤᠨ ᠬᠡᠪᠴᠢᠶ᠎ᠡ ᠶᠢ 3000 ᠬᠥᠮᠥᠨ ᠠᠴᠠ ᠳᠡᠭᠡᠭᠰᠢ ᠥᠷᠭᠡᠳᠬᠡᠬᠦ ᠪᠠᠷ ᠴᠢᠷᠮᠠᠶᠢᠨ᠎ᠠ᠃ | ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ | ᠮᠥᠩᠭᠦ ᠶᠢᠨ ᠳᠦᠷᠢᠮ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠭᠡᠷ | ᠪᠦᠯᠢ ᠶᠢᠨ ᠬᠠᠷᠠᠭᠠᠯᠵᠠᠨ ᠠᠰᠠᠷᠠᠬᠤ ᠬᠡᠯᠪᠡᠷᠢ ᠶᠢᠨ ᠡᠪᠡᠳᠴᠢᠲᠡᠨ ᠤ ᠣᠷᠣ ᠶᠢᠨ ᠨᠥᠬᠦᠪᠦᠷᠢ ᠶᠢᠨ ᠳᠦᠷᠢᠮ ᠢ | ᠰᠦᠪᠡᠭᠴᠢᠯᠡᠨ ᠪᠠᠶᠢᠭᠤᠯᠵᠤ᠂ ︽ᠨᠠᠰᠤᠵᠢᠯ ᠲᠤ ᠲᠣᠬᠢᠷᠠᠬᠤ︾ ᠥᠭᠡᠷᠡᠴᠢᠯᠡᠯᠲᠡ ᠶᠢᠨ ᠬᠠᠮᠤᠷᠬᠤ ᠬᠡᠪᠴᠢᠶ᠎ᠡ ᠶᠢ | ᠥᠷᠭᠡᠳᠬᠡᠨ᠂ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ 10 ᠪᠠᠶᠢᠭᠤᠯᠤᠨ᠎ᠠ᠃ | ᠨᠠᠰᠤᠵᠢᠯ ᠤᠨ ᠠᠰᠠᠷᠠᠮᠵᠢ ᠶᠢᠨ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠲᠤᠰᠬᠠᠢ ᠪᠠᠶᠢᠭᠤᠯᠤᠮᠵᠢ ᠶᠢᠨ | ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠳᠤ ᠣᠷᠣᠯᠴᠠᠬᠤ ᠶᠢ ᠵᠣᠷᠢᠭᠵᠢᠭᠤᠯᠤᠨ | ᠬᠥᠲᠥᠯᠥᠨ ᠵᠢᠯᠤᠭᠤᠳᠴᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠲᠦᠭᠡᠮᠡᠯ ᠬᠠᠷᠠᠭᠠᠯᠵᠠᠯ ᠤᠨ ᠴᠢᠨᠠᠷᠲᠠᠢ ᠨᠠᠰᠤᠵᠢᠯ ᠤᠨ ᠠᠰᠠᠷᠠᠮᠵᠢ ᠪᠠ ᠨᠠᠶᠢᠳᠠᠨ ᠬᠥᠮᠥᠵᠢᠭᠦᠯᠬᠦ ᠦᠢᠯᠡᠴᠢᠯᠡᠭᠡ ᠶᠢ | ᠶᠡᠬᠡᠪᠡᠷ ᠬᠥᠭᠵᠢᠭᠦᠯᠵᠦ᠂ ᠡᠷᠡᠭᠦᠯᠵᠢᠯ ᠰᠤᠪᠢᠯᠠᠯᠲᠠ ᠶᠢᠨ ᠬᠤᠯᠪᠣᠭᠠᠲᠤ ᠴᠣᠭᠴᠠ ᠶᠢᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠠᠬᠢᠭᠤᠯᠵᠤ᠂ ᠯᠦᠩ ᠿᠧᠨ ᠦ᠋ ᠰᠢᠨ᠂ ᠵᠢᠶᠧ ᠵᠢᠶᠠ ᠲᠦᠩ ᠵᠡᠷᠭᠡ ᠲᠥᠷᠥᠯ ᠵᠦᠢᠯ ᠢ | ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ᠰᠤᠪᠢᠯᠠᠯᠲᠠ ᠶᠢᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ | ᠲᠥᠷᠥᠯ ᠵᠦᠢᠯ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ︽ᠵᠢᠷᠭᠠᠬᠤ ᠨᠡᠷᠡᠨ︾ | ᠢ ᠨᠠᠩ ᠤᠯᠠᠭᠠᠨ᠂ ︽ᠥᠷᠯᠥᠭᠡ ᠶᠢᠨ ᠨᠡᠷᠡᠨ︾ ᠢ ᠨᠠᠩ ᠦᠵᠡᠰᠬᠦᠯᠡᠩ ᠪᠣᠯᠭᠠᠬᠤ ᠪᠠᠷ ᠴᠢᠷᠮᠠᠶᠢᠨ᠎ᠠ᠃ | ᠤᠯᠠᠨ ᠨᠡᠶᠢᠲᠡ ᠶᠢᠨ ᠦᠢᠯᠡᠴᠢᠯᠡᠭᠡ ᠶᠢ ᠨᠡᠩ ᠰᠢᠯᠢᠳᠡᠭ ᠪᠥᠭᠡᠳ ᠲᠡᠩᠴᠡᠭᠦᠷᠢᠲᠡᠢ ᠪᠣᠯᠭᠠᠨ᠎ᠠ᠃ ︽ᠰᠢᠯᠢᠳᠡᠭ | ᠰᠤᠷᠤᠯᠭ᠎ᠠ ᠶᠢ ᠴᠢᠩᠱᠠᠨ ᠳᠤ ᠪᠠᠶᠢᠯᠭᠠᠬᠤ︾ ᠨᠠᠷᠠᠲᠤ ᠲᠡᠮᠳᠡᠭ ᠤᠨ ᠦᠢᠯᠡᠳᠦᠯ ᠢ ᠦᠷᠭᠦᠯᠵᠢᠯᠡᠨ ᠥᠷᠭᠡᠳᠬᠡᠵᠦ᠂ | ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠾᠧᠩ ᠳ᠋ᠠ ᠶᠡᠭᠡ | ᠰᠤᠷᠭᠠᠭᠤᠯᠢ ᠶᠢᠨ ᠲᠣᠭᠤᠷᠢᠭ᠂ ᠵᠤᠯ ᠵᠢᠷᠭᠠᠯᠲᠦ ᠵᠠᠮ ᠤᠨ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ | ᠬᠤᠯᠪᠣᠭᠠᠨ ᠤ ᠨᠢᠭᠡᠳᠦᠭᠡᠷ ᠲᠣᠭᠤᠷᠢᠭ ᠤᠨ ᠪᠠᠭ᠎ᠠ ᠰᠤᠷᠭᠠᠭᠤᠯᠢ ᠶᠢᠨ ᠤᠮᠠᠷᠠᠲᠤ ᠶᠢᠨ ᠰᠤᠷᠭᠠᠭᠤᠯᠢ ᠶᠢᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠶᠢᠨ ᠬᠠᠢ ᠰᠢᠨ᠎ᠡ ᠲᠣᠰᠬᠤᠨ᠂ | ᠮᠢᠩ ᠹᠧᠩ ᠵᠢᠶᠠ ᠶᠤᠸᠠᠨ ᠢᠵᠢ ᠪᠦᠷᠢᠳᠦᠭᠰᠡᠨ ᠪᠠᠭ᠎ᠠ ᠲᠣᠭᠤᠷᠢᠭ ᠤᠨ ᠬᠡᠦᠬᠡᠳ ᠤᠨ ᠴᠡᠴᠡᠷᠯᠢᠭ᠂ ᠨᠢᠭᠡᠳᠦᠭᠡᠷ | ᠮᠠᠰᠢᠨ ᠤ ᠬᠤᠶᠠᠳᠤᠭᠠᠷ ᠴᠡᠴᠡᠷᠯᠢᠭ ᠪᠠ 202 ᠬᠡᠦᠬᠡᠳ ᠤᠨ ᠴᠡᠴᠡᠷᠯᠢᠭ ᠢ ᠥᠭᠡᠷᠡᠴᠢᠯᠡᠨ ᠪᠠᠶᠢᠭᠤᠯᠬᠤ ᠠᠬᠢᠴᠠ ᠶᠢ | ᠲᠦᠷᠭᠡᠳᠬᠡᠨ᠎ᠡ᠃ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ ᠤᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ | ᠪᠠᠶᠢᠭᠤᠯᠤᠯᠲᠠ ᠶᠢ ᠬᠦᠴᠦᠯᠡᠨ ᠥᠷᠨᠢᠭᠦᠯᠵᠦ᠂ ︽ᠬᠤᠶᠠᠷ ᠢ ᠪᠠᠭᠠᠰᠬᠠᠬᠤ︾ ᠠᠵᠢᠯ ᠢ ᠦᠷᠭᠦᠯᠵᠢᠯᠡᠨ ᠠᠬᠢᠭᠤᠯᠵᠤ᠂ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠨ | ᠵᠢᠷᠤᠮᠵᠢᠭᠤᠯᠤᠨ᠎ᠠ᠃ ᠣᠷᠣᠨ ᠪᠦᠰᠡ ᠶᠢᠨ ᠰᠤᠷᠭᠠᠨ ᠬᠥᠮᠦᠵᠢᠯ ᠤᠨ ᠬᠤᠯᠪᠣᠭ᠎ᠠ ᠶᠢᠨ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠮᠲᠤ ᠪᠠᠷ ᠰᠤᠳᠤᠯᠵᠤ ᠬᠠᠮᠲᠤ ᠪᠠᠷ ᠡᠳ᠋ᠯᠡᠬᠦ ᠲᠣᠭᠲᠠᠴᠠ ᠶᠢ | ᠪᠦᠷᠢᠨᠰᠢᠭᠦᠯᠦᠨ᠂ ᠶᠡᠭᠡ ᠳᠤᠮᠳᠠ ᠪᠠᠭ᠎ᠠ ᠬᠡᠦᠬᠡᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ | ᠴᠣᠭᠴᠠᠵᠢᠭᠤᠯᠬᠤ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠢ ᠭᠦᠨᠵᠡᠭᠡᠢ ᠥᠷᠨᠢᠭᠦᠯᠵᠦ᠂ 70 ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ᠢ ᠲᠡᠰ | ᠳᠡᠪᠰᠢᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠥᠷᠭᠡᠨ ᠢᠶᠠᠷ | ᠦᠢᠯᠡᠳᠦᠯᠭᠡᠵᠢᠭᠦᠯᠦᠨ᠎ᠡ᠃ ᠰᠣᠶᠣᠯ ᠢ ᠳᠡᠯᠭᠡᠷᠡᠭᠦᠯᠬᠦ ᠠᠴᠢᠶᠠᠯᠠᠪᠤᠷᠢ ᠶᠢ ᠪᠠᠶᠠᠯᠢᠭᠵᠢᠭᠤᠯᠵᠤ᠂ ᠥᠪᠥᠷ ᠮᠣᠩᠭᠤᠯ ᠤᠨ | ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠵᠡᠰᠬᠦᠯᠡᠩ᠂ ᠰᠢᠨ᠎ᠡ | ᠡᠨᠧᠷᠭᠢ ᠶᠢᠨ ᠶᠡᠭᠡ ᠬᠤᠷᠠᠯ ᠵᠡᠷᠭᠡ ᠡᠯ᠎ᠡ ᠲᠥᠷᠥᠯ ᠤᠨ ᠦᠵᠡᠰᠬᠦᠯᠡᠩ ᠤᠨ ᠠᠵᠢᠯᠯᠠᠭ᠎ᠠ ᠶᠢ 50 ᠲᠠᠯᠠᠪᠠᠶ ᠠᠴᠠ | ᠳᠡᠭᠡᠭᠰᠢ ᠴᠢᠨᠠᠷ ᠰᠠᠶᠢᠲᠠᠢ ᠡᠷᠭᠢᠯᠡᠨ᠎ᠡ᠃ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ | ᠲᠤᠰᠬᠠᠢ ᠠᠵᠢᠯᠯᠠᠭ᠎ᠠ ᠶᠢ ᠥᠷᠨᠢᠭᠦᠯᠵᠦ᠂ 4.4 ᠺᠢᠯᠣᠮᠧᠲᠷ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠢ ᠪᠦᠲᠦᠭᠡᠨ | ᠪᠠᠶᠢᠭᠤᠯᠵᠤ᠂ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠵᠤᠭ᠎ᠠ ᠴᠡᠩᠭᠡᠯ ᠰᠡᠯᠡᠭᠦᠴᠡᠯ ᠤᠨ ᠲᠣᠭᠤᠷᠢᠭ︾ ᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠤᠯᠠᠨ ᠨᠡᠶᠢᠲᠡ ᠶᠢᠨ ᠰᠣᠶᠣᠯ ᠲᠠᠮᠢᠷ ᠤᠨ ᠲᠠᠯᠠᠪᠤᠷ ᠣᠷᠳᠣᠨ ᠤ | ᠡᠵᠡᠩᠨᠡᠯᠲᠡ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠠᠷᠠᠳ ᠤᠨ ᠡᠵᠡᠩᠨᠡᠯᠲᠡ ᠶᠢᠨ ᠤᠷᠤᠯᠳᠤᠭᠠᠨ ᠤ ᠠᠵᠤ | ᠠᠬᠤᠶᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ CBA ᠤᠯᠠᠷᠢᠯ ᠤᠨ ᠡᠮᠦᠨᠡᠬᠢ | ᠤᠷᠤᠯᠳᠤᠭᠠᠨ᠂ ATP ᠡᠷᠡᠭᠲᠡᠢ ᠶᠢᠨ ᠲᠣᠣᠷ ᠪᠥᠮᠪᠦᠭᠡ ᠶᠢᠨ ᠥᠷᠢᠰᠦᠯᠳᠦᠭᠡᠨ ᠤ ᠤᠷᠤᠯᠳᠤᠭᠠᠨ ᠵᠡᠷᠭᠡ ᠤᠯᠤᠰ ᠤᠨ | ᠳᠣᠲᠣᠭᠠᠳᠤ ᠶᠢᠨ ᠲᠡᠷᠢᠭᠦᠨ ᠲᠡᠰ ᠤᠨ ᠤᠷᠤᠯᠳᠤᠭᠠᠨ ᠢ ᠰᠠᠶᠢᠲᠦᠷ ᠡᠷᠬᠢᠯᠡᠨ᠎ᠡ᠃ | ︵ᠲᠠᠪᠤ︶ ᠠᠮᠤᠷ ᠲᠦᠪᠰᠢᠨ ᠢᠶᠠᠷ ᠬᠥᠭᠵᠢᠭᠦᠯᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠭᠠᠵᠠᠷ ᠣᠷᠣᠨ ᠤ | ᠲᠣᠭᠲᠠᠪᠤᠷᠢᠲᠠᠢ ᠰᠠᠭᠤᠷᠢ ᠶᠢ ᠪᠠᠲᠤ ᠴᠣᠭᠴᠠᠯᠠᠨ᠎ᠠ | ᠰᠡᠷᠭᠡᠶᠢᠯᠡᠨ ᠡᠵᠡᠮᠳᠡᠬᠦ ᠲᠣᠣᠷ ᠰᠦᠯᠵᠢᠶ᠎ᠡ ᠶᠢ ᠨᠢᠭᠲᠠ ᠪᠥᠭᠡᠳ ᠪᠠᠲᠤ ᠰᠦᠯᠵᠢᠨ᠎ᠡ᠃ ᠨᠠᠮ ᠤᠨ ᠲᠥᠪ | ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠭᠦᠯᠬᠦ ᠳᠤ | ᠠᠮᠤᠷ ᠲᠦᠪᠰᠢᠨ ᠪᠠᠶᠢᠯᠭᠠᠬᠤ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠰᠢᠨ᠎ᠡ ᠠᠷᠪᠠᠨ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠦᠯᠢᠶᠡᠨ ᠠᠪᠬᠤ | ᠶᠣᠰᠣᠲᠠᠢ ᠶᠢ ᠨᠢ ᠴᠥᠮ ᠬᠦᠯᠢᠶᠡᠨ ᠠᠪᠬᠤ ᠵᠠᠷᠴᠢᠮ ᠢ ᠪᠠᠷᠢᠮᠲᠠᠯᠠᠵᠤ᠂ 60 ᠨᠠᠰᠤᠨ ᠠᠴᠠ ᠳᠡᠭᠡᠭᠰᠢᠬᠢ ᠬᠥᠮᠥᠰ ᠤᠨ | ᠸᠠᠺᠼᠢᠨ ᠤ ᠲᠠᠷᠢᠯᠭ᠎ᠠ ᠶᠢᠨ ᠨᠤᠷᠮ᠎ᠠ ᠶᠢ ᠲᠦᠷᠭᠡᠬᠡᠨ ᠳᠡᠭᠡᠭᠰᠢᠯᠡᠭᠦᠯᠦᠨ᠎ᠡ᠃ ᠡᠮᠴᠢᠯᠡᠭᠡᠨ ᠤ ᠡᠬᠢ ᠪᠠᠶᠠᠯᠢᠭ ᠤᠨ | ᠪᠡᠯᠡᠳᠬᠡᠯ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠭᠤᠣᠯᠳᠠᠯᠭ᠎ᠠ ᠲᠠᠢ ᠬᠥᠮᠥᠰ ᠤᠨ ᠡᠮᠴᠢᠯᠡᠭᠡᠨ ᠤ | ᠦᠢᠯᠡᠴᠢᠯᠡᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢᠨ᠎ᠡ ᠬᠡᠯᠪᠡᠷᠢ ᠶᠢᠨ ᠲᠢᠲᠢᠮᠯᠢᠭ ᠠᠭᠤᠰᠬᠢᠨ | ᠦᠷᠪᠢᠰᠦᠯ ᠤᠨ ᠸᠢᠷᠦ᠋ᠰ ᠤᠨ ᠬᠠᠯᠳᠠᠪᠤᠷᠢᠯᠠᠯ ᠤᠨ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ | ᠡᠯ᠎ᠡ ᠵᠦᠢᠯ ᠤᠨ ᠠᠵᠢᠯ ᠢ ᠯᠠᠪᠳᠠᠭᠤᠨ ᠪᠥᠭᠡᠳ ᠬᠦᠴᠦᠲᠡᠢ ᠡᠮᠬᠢ ᠵᠢᠷᠤᠮ ᠲᠠᠢ ᠰᠠᠶᠢᠲᠤᠷ ᠬᠢᠨ᠎ᠡ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠡᠮ | ᠡᠮᠨᠡᠯᠭᠡ ᠶᠢᠨ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠢ | ᠪᠠᠶᠢᠷᠢᠯᠠᠭᠤᠯᠤᠯᠲᠠ ᠶᠢ ᠲᠦᠯᠬᠢᠨ ᠠᠬᠢᠭᠤᠯᠤᠨ᠎ᠠ᠃ ᠨᠡᠶᠢᠭᠡᠮ ᠤᠨ ᠬᠦᠴᠦᠨ ᠤ ᠡᠮᠨᠡᠯᠭᠡ ᠡᠷᠭᠢᠯᠡᠬᠦ ᠶᠢ ᠵᠣᠷᠢᠭᠵᠢᠭᠤᠯᠤᠨ | ᠳᠡᠮᠵᠢᠵᠦ᠂ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠵᠢᠷᠤᠮᠵᠢᠯ ᠲᠠᠢ ᠬᠥᠭᠵᠢᠬᠦ ᠶᠢ | ᠠᠬᠢᠭᠤᠯᠤᠨ᠎ᠠ᠃ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠲᠣᠮᠣ ᠠᠰᠠᠷ ᠢ ᠳᠡᠭᠡᠷ᠎ᠡ | ᠬᠠᠭᠠᠰ ᠵᠢᠯ ᠳᠤ ᠠᠰᠢᠭᠯᠠᠯᠲᠠ ᠳᠤ ᠤᠷᠤᠭᠤᠯᠤᠨ ᠬᠡᠷᠡᠭᠵᠢᠭᠦᠯᠬᠦ ᠶᠢ ᠪᠠᠷᠢᠮᠲᠠᠯᠠᠨ᠎ᠠ᠃ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠬᠢᠵᠠᠭᠠᠷᠯᠠᠬᠤ ᠡᠷᠴᠢᠮ ᠢᠶᠠᠨ ᠴᠢᠩᠭᠠᠷᠠᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠠᠵᠢᠯᠯᠠᠭᠠᠨ ᠢ ᠭᠦᠨᠵᠡᠭᠡᠢ ᠥᠷᠨᠢᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ᠂ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ | ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢ | ᠪᠣᠶᠢᠵᠢᠭᠤᠯᠤᠨ᠂ ᠡᠷᠡᠭᠦᠯ ᠡᠩᠬᠡ ᠴᠢᠩᠱᠠᠨ ᠰᠠᠭᠤᠷᠢ ᠶᠢ ᠪᠠᠳᠤᠳᠬᠠᠨ᠎ᠠ᠃ | ᠦᠨᠳᠦᠰᠦᠨ ᠱᠠᠲᠤᠨ ᠤ ᠵᠠᠰᠠᠯᠲᠠ ᠶᠢ ᠨᠠᠷᠢᠨ ᠪᠥᠭᠡᠳ ᠪᠣᠳᠠᠲᠠᠢ ᠪᠠᠷ ᠠᠳᠬᠤᠨ᠎ᠠ᠃ ᠦᠨᠳᠦᠰᠦᠨ ᠱᠠᠲᠤᠨ ᠤ | ᠦᠢᠯᠡᠴᠢᠯᠡᠭᠡᠨ ᠤ ᠭᠤᠣᠯ ᠴᠣᠭᠴᠠ ᠶᠢᠨ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠡᠭᠡᠯᠢ ᠪᠠᠯᠭᠠᠰᠤ | ᠨᠡᠶᠢᠭᠡᠮ ᠲᠣᠭᠤᠷᠢᠭ ᠤᠨ ᠳᠠᠷᠤᠭᠠᠰᠤ ᠶᠢ ᠬᠥᠩᠭᠡᠷᠡᠭᠦᠯᠬᠦ ᠪᠠᠶᠢᠩᠭᠤᠵᠢᠭᠤᠯᠬᠤ ᠲᠣᠭᠲᠠᠴᠠ ᠶᠢ ᠪᠦᠷᠢᠨᠰᠢᠭᠦᠯᠵᠦ᠂ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ | ᠱᠠᠲᠤᠨ ᠤ ᠵᠠᠰᠠᠯᠲᠠ ᠳᠤ ᠨᠡᠶᠢᠭᠡᠮ ᠲᠣᠭᠤᠷᠢᠭ ᠤᠨ ᠵᠠᠰᠠᠯᠲᠠ ᠶᠢᠨ ︽ᠲᠠᠪᠤᠨ ᠲᠦᠷᠦᠭᠳᠡᠯ︾ ᠤᠨ ᠦᠢᠯᠡᠴᠢᠯᠡᠭᠡ ᠶᠢ | ᠰᠢᠨ᠎ᠡ ᠪᠠᠷ ᠡᠭᠦᠳᠦᠨ ᠬᠡᠷᠡᠭᠵᠢᠭᠦᠯᠵᠦ᠂ ᠵᠠᠰᠠᠭ ᠣᠯᠠᠨ ᠲᠦᠮᠡᠨ ᠤ ᠬᠠᠷᠢᠯᠴᠠᠨ ᠬᠥᠳᠡᠯᠦᠯᠴᠡᠭᠰᠡᠨ ︽ᠲᠠᠪᠤᠨ | ᠲᠥᠷᠥᠭᠳᠡᠯ︾ ᠤᠨ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠵᠤ᠂ ᠨᠡᠶᠢᠭᠡᠮ ᠲᠣᠭᠤᠷᠢᠭ ᠤᠨ ︽ᠰᠠᠭᠤᠭᠠᠯᠢ | ᠠᠷᠠᠳ ᠤᠨ ᠰᠠᠨᠠᠯ ᠳᠤᠷᠠᠳᠤᠯᠭ᠎ᠠ ᠳᠤᠷᠠᠳᠤᠭᠰᠠᠨ ᠬᠥᠮᠥᠨ︾ ᠤ ᠠᠷᠠᠳᠴᠢᠯᠠᠯ ᠢᠶᠠᠷ ᠬᠡᠷᠡᠭ ᠵᠥᠪᠯᠡᠵᠦ ᠵᠥᠪᠳᠡᠯᠴᠡᠬᠦ | ᠵᠠᠭᠪᠤᠷ ᠢ ᠪᠠᠶᠢᠭᠤᠯᠵᠤ᠂ ᠤᠯᠤᠰ ᠤᠨ ᠲᠠᠰ ᠤᠨ ᠠᠷᠠᠳᠴᠢᠯᠠᠯ ᠢᠶᠠᠷ ᠬᠡᠷᠡᠭ ᠵᠥᠪᠯᠡᠵᠦ ᠵᠥᠪᠳᠡᠯᠴᠡᠬᠦ ᠨᠠᠷᠠᠲᠤ ᠲᠥᠷᠥᠯ | ᠲᠡᠮᠳᠡᠭᠲᠦ ᠶᠢᠨ ᠲᠥᠷᠥᠯ ᠵᠦᠢᠯ ᠢ ᠪᠣᠶ ᠪᠣᠯᠭᠠᠨ᠎ᠠ᠃ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢ ᠭᠦᠨᠵᠡᠭᠡᠢ ᠥᠷᠨᠢᠭᠦᠯᠵᠦ᠂ ᠨᠡᠶᠢᠭᠡᠮ ᠤᠨ ᠵᠠᠰᠠᠯᠲᠠ ᠶᠢᠨ ᠲᠥᠪ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ︽ᠲᠤᠭ᠎ᠠ ᠪᠠᠷᠢᠮᠲᠠ ᠪᠠᠷ ᠦᠭᠡ ᠬᠡᠯᠡᠬᠦ᠂ ᠲᠤᠭ᠎ᠠ ᠪᠠᠷᠢᠮᠲᠠ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠤᠭ᠎ᠠ ᠪᠠᠷᠢᠮᠲᠠ ᠪᠠᠷ ᠬᠠᠮᠢᠶᠠᠷᠬᠤ᠂ ᠲᠤᠭ᠎ᠠ ᠪᠠᠷᠢᠮᠲᠠ ᠪᠠᠷ ᠰᠢᠨ᠎ᠡ ᠶᠢ | ᠡᠭᠦᠳᠬᠦ︾ ᠲᠣᠭᠠᠴᠢᠯᠠᠭᠰᠠᠨ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠵᠠᠰᠠᠯᠲᠠ ᠶᠢᠨ ᠴᠢᠳᠠᠪᠤᠷᠢ ᠶᠢ | ᠨᠡᠶᠢᠭᠡᠮ ᠲᠣᠭᠤᠷᠢᠭ ᠨᠢᠭᠡᠪᠦᠷᠢ ᠳᠤ ᠭᠦᠨᠵᠡᠭᠡᠶᠢᠷᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠪᠦᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠪᠠᠷ | ᠴᠢᠷᠮᠠᠶᠢᠨ᠎ᠠ᠃ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ᠂ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠡᠷᠭᠡ ᠲᠠᠪᠴᠠᠩ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠦᠨ᠂ ᠪᠠᠭ᠎ᠠ ᠶᠠᠪᠤᠳᠠᠯ ᠢ ᠦᠨᠡᠨᠬᠦ ᠪᠣᠳᠠᠲᠠᠢ ᠪᠠᠷ ᠬᠢᠵᠦ᠂ ᠪᠠᠴᠢᠮ ᠶᠠᠪᠤᠳᠠᠯ ᠢ ᠰᠠᠶᠢᠲᠤᠷ ᠬᠢᠵᠦ᠂ ᠣᠯᠠᠨ | ᠲᠦᠮᠡᠨ ᠤ ᠰᠡᠳᠬᠢᠯ ᠳᠤ ᠬᠠᠨᠤᠲᠠᠯ᠎ᠠ ᠭᠦᠢᠴᠡᠳᠬᠡᠨ᠎ᠡ᠃ | ᠬᠠᠷᠢᠭᠤᠴᠠᠯᠭ᠎ᠠ ᠶᠢ ᠴᠢᠩᠭ᠎ᠠ ᠠᠳᠬᠤᠨ᠎ᠠ᠃ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ | ᠪᠠᠲᠤ ᠪᠠᠶᠢᠭᠤᠯᠵᠤ᠂ ᠣᠶᠤᠨᠴᠢ ᠰᠢᠲᠠᠮᠠᠬᠠᠢ ᠬᠡᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ | ᠠᠶᠤᠯᠲᠠᠢ ᠬᠢᠮᠢ ᠶᠢᠨ ᠪᠣᠳᠠᠰ᠂ ᠭᠠᠯ ᠤᠨᠲᠠᠷᠠᠭᠠᠬᠤ᠂ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠠᠵᠢᠯ | ᠲᠦᠷᠦᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ | ᠠᠬᠢᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠬᠤᠷᠢᠭ᠎ᠠ ᠱᠤᠭᠤᠮ ᠤᠨ | ᠰᠡᠳᠬᠢᠬᠦᠢ ᠶᠢ ᠪᠠᠷᠢᠮᠲᠠᠯᠠᠵᠤ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠬᠦᠴᠦᠯᠡᠨ | ᠰᠡᠷᠭᠡᠶᠢᠯᠡᠨ ᠠᠷᠢᠯᠭᠠᠨ᠎ᠠ᠃ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ | ᠴᠢᠩᠭᠠᠳᠬᠠᠵᠤ᠂ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠡᠵᠡᠮᠳᠡᠬᠦ ᠲᠣᠭᠲᠠᠴᠠ ᠶᠢ | ᠲᠡᠭᠦᠯᠳᠡᠷᠵᠢᠭᠦᠯᠦᠨ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠶᠠᠰᠤ ᠴᠢᠨᠠᠷ ᠤᠨ ᠬᠠᠮᠢᠶᠠᠷᠤᠯᠲᠠ ᠪᠠ | ᠶᠠᠰᠤ ᠴᠢᠨᠠᠷ ᠤᠨ ᠮᠥᠷᠳᠡᠨ ᠤᠬᠤᠴᠢᠯᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠠᠷᠠᠳ ᠣᠯᠠᠨ ᠤ | ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ︽ᠬᠦᠨᠳᠦ ᠰᠣᠷᠪᠤᠯᠵᠢᠯᠠᠭ᠎ᠠ ᠶᠢ ᠵᠠᠰᠠᠬᠤ᠂ | ᠳᠠᠷᠤᠭᠳᠠᠮᠠᠯ ᠬᠡᠷᠡᠭ ᠢ ᠠᠷᠢᠯᠭᠠᠬᠤ᠂ ᠲᠣᠭᠲᠠᠭᠤᠨ ᠪᠠᠶᠢᠳᠠᠯ ᠢ ᠠᠬᠢᠭᠤᠯᠬᠤ︾ ᠪᠡᠷᠬᠡ ᠰᠡᠳᠦᠪ ᠢ ᠰᠢᠢᠳᠪᠦᠷᠢᠯᠡᠬᠦ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠭᠤᠷᠪᠠᠨ ᠨᠤᠷᠮ᠎ᠠ︾ ᠶᠢᠨ ᠬᠢᠷᠢ ᠲᠦᠪᠰᠢᠨ ᠢ ᠬᠦᠴᠦᠯᠡᠨ | ᠳᠡᠭᠡᠭᠰᠢᠯᠡᠭᠦᠯᠵᠦ᠂ ᠵᠥᠷᠢᠴᠡᠯ ᠪᠠ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠠᠷᠢᠯᠭᠠᠨ᠎ᠠ᠃ ᠨᠡᠶᠢᠭᠡᠮ ᠤᠨ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠩᠱᠠᠨ ᠲᠣᠭᠤᠷᠢᠭ ᠤᠨ | ᠬᠤᠷᠢᠭᠤᠯ ᠤᠨ ᠭᠠᠵᠠᠷ ᠢ ᠰᠡᠯᠪᠢᠨ ᠵᠠᠰᠠᠵᠤ ᠥᠭᠡᠷᠡᠴᠢᠯᠡᠬᠦ ᠶᠢ ᠪᠡᠶᠡᠯᠡᠭᠦᠯᠦᠨ᠎ᠡ᠃ ᠵᠣᠣ ᠵᠢᠶᠠ ᠶᠢᠩ ᠲᠣᠰᠬᠤᠨ ᠢᠶᠠᠷ | ᠲᠤᠷᠰᠢᠯᠲᠠ ᠬᠢᠵᠦ᠂ ︽ᠬᠥᠮᠥᠨ᠂ ᠮᠡᠷᠭᠡᠵᠢᠯ᠂ ᠶᠡᠷᠦᠩᠬᠡᠶᠢᠯᠡᠭᠰᠡᠨ︾ ᠭᠤᠷᠪᠠᠨ ᠰᠦᠯᠵᠢᠶ᠎ᠡ ᠶᠢ ᠨᠢᠭᠡᠳᠬᠡᠭᠰᠡᠨ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠠᠶᠢᠭᠤᠯᠵᠤ᠂ ᠬᠤᠲᠠ ᠶᠢᠨ ᠳᠤᠮᠳᠠᠬᠢ ᠲᠣᠰᠬᠤᠨ ᠤ | ᠨᠡᠶᠢᠭᠡᠮ ᠤᠨ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠴᠠᠬᠢᠯᠭᠠᠨ | ᠬᠤᠯᠪᠣᠭ᠎ᠠ᠂ ᠨᠠᠰᠤᠵᠢᠯ ᠤᠨ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠴᠢᠩᠱᠠᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠰᠡᠷᠭᠡᠶᠢᠯᠡᠯᠲᠡ ᠶᠢᠨ ᠬᠡᠷᠡᠮ ᠢ ᠪᠠᠲᠤ | ᠴᠣᠭᠴᠠᠯᠠᠨ᠎ᠠ᠃ | ︵ᠵᠢᠷᠭᠤᠭ᠎ᠠ︶ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠤᠯᠤᠰ | ᠲᠦᠷᠦ ᠶᠢᠨ ᠪᠠᠶᠢᠭᠤᠯᠤᠯᠲᠠ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ | ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢᠨ ᠰᠢᠨ᠎ᠡ ᠪᠠᠶᠢᠳᠠᠯ ᠢ ᠡᠭᠦᠳᠦᠨ᠎ᠡ | ᠢᠲᠡᠭᠡᠯ ᠵᠣᠷᠢᠭ ᠢᠶᠠᠨ ᠪᠠᠲᠤᠳᠬᠠᠪᠠᠯ ᠦᠨᠡᠨᠴᠢ ᠰᠢᠳᠤᠷᠭᠤ ᠶᠢ ᠪᠤᠢ ᠪᠣᠯᠭᠠᠨ᠎ᠠ᠃ ᠨᠠᠮ ᠤᠨ | ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ᠂ ᠪᠦᠬᠦ ᠶᠠᠪᠤᠴᠠ ᠳᠤ ᠲᠤᠤᠱᠯᠠᠭᠤᠯᠬᠤ ᠶᠢ | ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠪᠣᠳᠠᠲᠠᠶᠢᠵᠢᠭᠤᠯᠵᠤ᠂ ︽ᠬᠤᠶᠠᠷ ᠢ ᠲᠣᠭᠲᠠᠭᠠᠬᠤ︾ ᠶᠢ | ᠦᠨᠡᠨᠴᠢ ᠰᠢᠳᠤᠷᠭᠤ ᠪᠠᠷ ᠬᠠᠮᠠᠭᠠᠯᠠᠵᠤ᠂ ︽ᠲᠦᠷᠪᠡᠨ ᠤᠬᠠᠮᠰᠠᠷ︾ ᠢ ᠴᠢᠩᠭᠠᠳᠬᠠᠵᠤ᠂ ︽ᠲᠦᠷᠪᠡᠨ ᠢᠲᠡᠭᠡᠯ︾ ᠢ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ᠂ ᠤᠯᠤᠰ ᠲᠦᠷᠦ᠂ ᠦᠢᠯᠡ | ᠠᠵᠢᠯᠯᠠᠭ᠎ᠠ ᠶᠢᠨ ᠲᠠᠯ᠎ᠠ ᠪᠠᠷ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ | ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠴᠢᠰᠤᠨ | ᠰᠤᠳᠠᠰᠤᠨ ᠳᠤ ᠠᠭᠤᠰᠬᠠᠵᠤ᠂ ᠰᠦᠭ ᠰᠦᠨᠡᠰᠦ ᠳᠤ ᠰᠢᠩᠭᠡᠭᠡᠨ᠎ᠡ᠃ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ | ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠦᠢᠯᠡᠰ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ | ᠦᠨᠡᠨᠬᠦ ᠪᠠᠲᠤᠯᠠᠨ᠎ᠠ᠃ | ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠴᠢᠩᠭ᠎ᠠ ᠭᠦᠢᠴᠡᠳᠬᠡᠨ᠎ᠡ᠃ ᠰᠢ ᠶᠢᠨ ᠫᠢᠩ ᠤᠨ | ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠠᠤᠯᠢ ᠪᠠᠷ ᠵᠠᠰᠠᠬᠤ ᠰᠡᠳᠬᠢᠬᠦᠢ ᠪᠠ | ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠤᠬᠠᠮᠰᠠᠷ ᠠᠴᠠ ᠪᠠᠨ ᠬᠡᠷᠡᠭᠯᠡᠨ ᠠᠵᠢᠯ ᠢᠶᠠᠨ ᠥᠷᠨᠢᠭᠦᠯᠦᠨ᠎ᠡ᠃ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠣᠪᠴᠢ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠴᠢᠩᠭ᠎ᠠ ᠬᠡᠷᠡᠭᠵᠢᠭᠦᠯᠦᠨ᠂ | ᠵᠠᠰᠠᠭ ᠤᠨ ᠣᠷᠳᠣᠨ ᠤ ᠢᠲᠡᠭᠡᠮᠵᠢ ᠲᠠᠢ ᠪᠠᠶᠢᠵᠤ ᠠᠮᠠᠯᠠᠯᠲᠠ ᠪᠠᠨ ᠦᠢᠯᠡᠳᠦᠯᠭᠡᠵᠢᠭᠦᠯᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ᠬᠠᠮᠤᠭ ᠤᠨ ᠰᠢᠯᠢᠳᠡᠭ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠤᠢ ᠪᠣᠯᠭᠠᠵᠤ᠂ | ᠤᠯᠤᠰ ᠤᠨ ᠳᠣᠲᠣᠭᠠᠳᠤ ᠶᠢᠨ ᠨᠡᠩ ᠤᠯᠠᠨ ᠬᠠᠤᠯᠢ ᠴᠠᠭᠠᠵᠠ ᠶᠢᠨ ᠦᠢᠯᠡᠴᠢᠯᠡᠭᠡᠨ ᠤ ᠨᠡᠷᠡᠳᠤ ᠪᠠᠶᠢᠭᠤᠯᠤᠮᠵᠢ ᠶᠢ | ᠲᠠᠳᠠᠨ ᠠᠪᠴᠢᠷᠠᠵᠤ᠂ ᠨᠡᠩ ᠤᠯᠠᠨ ᠬᠠᠤᠯᠢ ᠴᠠᠭᠠᠵᠠ ᠶᠢᠨ ᠴᠢᠳᠠᠪᠤᠷᠢᠲᠠᠨ ᠢ ᠬᠥᠮᠥᠵᠢᠭᠦᠯᠦᠨ᠎ᠡ᠃ ︽ᠨᠠᠢᠮᠠᠳᠤᠭᠠᠷ | ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠬᠢᠨᠠᠨ | ᠰᠢᠯᠭᠠᠵᠤ ᠰᠢᠯᠭᠠᠨ ᠠᠪᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠨ ᠨᠡᠶᠢᠲᠡ ᠶᠢᠨ ᠬᠠᠤᠯᠢ | ᠴᠠᠭᠠᠵᠠ ᠶᠢᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠬᠦᠯᠢᠶᠡᠵᠦ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠢᠨᠠᠨ ᠪᠤᠳᠤᠵᠤ ᠴᠡᠭᠴᠡᠯᠡᠨ | ᠰᠠᠶᠢᠵᠢᠷᠠᠭᠤᠯᠬᠤ ᠶᠢ ᠭᠦᠨᠵᠡᠭᠡᠶᠢᠷᠡᠭᠦᠯᠦᠨ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ | ᠨᠡᠶᠢᠳᠡᠮ ᠪᠠᠶᠢᠴᠠᠭᠠᠯᠲᠠ ᠶᠢ ᠰᠠᠶᠢᠲᠤᠷ ᠥᠷᠨᠢᠭᠦᠯᠦᠨ᠎ᠡ᠃ | ᠰᠢᠨᠲᠠᠷᠠᠰᠢ ᠦᠭᠡᠢ ᠴᠢᠷᠮᠠᠶᠢᠵᠤ ᠪᠠᠶᠢᠭᠠᠳ ᠰᠤᠷᠲᠠᠯ ᠢᠶᠠᠨ ᠰᠠᠶᠢᠵᠢᠷᠠᠭᠤᠯᠤᠨ᠎ᠠ᠃ ᠨᠠᠮ ᠢ ᠴᠢᠩᠭ᠎ᠠ ᠵᠠᠰᠠᠬᠤ | ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭ᠎ᠠ ᠶᠢ ᠥᠨᠳᠥᠷ ᠪᠠᠷᠢᠮᠵᠢᠶ᠎ᠠ ᠪᠠᠷ ᠲᠤᠤᠱᠯᠠᠭᠤᠯᠵᠤ᠂ ︽ᠲᠦᠷᠪᠡᠨ ᠰᠤᠷᠲᠠᠯ︾ ᠢ | ᠵᠠᠯᠠᠷᠠᠭᠤᠯᠤᠨ ᠵᠠᠰᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ | ᠤᠳᠠᠭᠠᠨ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ | ᠠᠯᠳᠠᠭ᠎ᠠ ᠪᠤᠷᠤᠭᠤ ᠶᠢ ᠵᠠᠯᠠᠷᠠᠭᠤᠯᠬᠤ 8 ᠵᠤᠷᠪᠤᠰ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠪᠠ | ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠬᠤ ᠶᠠᠪᠤᠳᠠᠯ ᠢ 12 ᠵᠤᠷᠪᠤᠰ ᠠᠷᠭ᠎ᠠ | ᠬᠡᠮᠵᠢᠶ᠎ᠡ ᠪᠣᠯᠭᠠᠵᠤ᠂ ᠡᠩ ᠤᠨ ᠦᠶ᠎ᠡ ᠳᠤ ᠦᠵᠡᠵᠦ ᠭᠠᠷᠬᠤ᠂ ᠵᠠᠩᠭᠢᠯᠠᠭ᠎ᠠ ᠶᠢᠨ ᠦᠶ᠎ᠡ ᠳᠤ ᠵᠣᠭᠰᠣᠵᠤ ᠳᠡᠶᠢᠯᠬᠦ᠂ | ᠠᠶᠤᠯ ᠲᠦᠭᠰᠢᠭᠦᠷᠢ ᠲᠠᠢ ᠦᠶ᠎ᠡ ᠳᠤ ᠠᠮᠢ ᠲᠡᠮᠡᠴᠡᠬᠦ ᠺᠠᠳ᠋ᠷᠴᠤᠳ ᠢ ᠰᠠᠶᠢᠰᠢᠶᠠᠨ ᠬᠥᠬᠢᠭᠦᠯᠵᠦ ᠬᠦᠨᠳᠦ ᠪᠠᠷ ᠬᠡᠷᠡᠭᠯᠡᠵᠦ᠂ | ᠨᠠᠷᠢᠨ ᠬᠢᠨᠠᠮᠠᠭᠠᠢ ᠠᠵᠢᠯᠯᠠᠵᠤ ᠪᠠᠶᠢᠭ᠎ᠠ ᠺᠠᠳ᠋ᠷᠴᠤᠳ ᠤᠨ ᠠᠵᠢᠯ ᠤᠨ ᠠᠯᠳᠠᠰᠢ ᠶᠢ ᠵᠣᠬᠢᠬᠤ ᠶᠢ ᠨᠢ ᠪᠠᠭᠲᠠᠭᠠᠵᠤ᠂ | ᠪᠠᠭᠲᠠᠭᠠᠪᠠᠯ ᠵᠣᠬᠢᠬᠤ ᠶᠢ ᠨᠢ ᠪᠦᠬᠦᠨ ᠢ ᠪᠠᠭᠲᠠᠭᠠᠵᠤ᠂ ᠠᠵᠢᠯ ᠬᠢᠬᠦ ᠦᠭᠡᠢ᠂ ᠬᠠᠷᠢᠭᠤᠴᠠᠯᠭ᠎ᠠ ᠡᠭᠦᠷᠭᠡᠯᠡᠬᠦ ᠦᠭᠡᠢ | ︽ᠬᠡᠪᠲᠡᠬᠦ ᠬᠡᠯᠪᠡᠷᠢ︾ ᠶᠢᠨ ᠺᠠᠳ᠋ᠷᠴᠤᠳ ᠢ ᠴᠢᠩᠭ᠎ᠠ ᠵᠠᠯᠬᠠᠭᠠᠨ ᠴᠡᠭᠡᠷᠯᠡᠭᠦᠯᠦᠨ᠎ᠡ᠃ ︽ᠭᠤᠷᠪᠠ ᠶᠢ ᠴᠢᠷᠮᠠᠶᠢᠨ ᠣᠯᠬᠤ︾ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠢᠷᠮᠠᠶᠢᠨ ᠣᠯᠬᠤ ᠲᠥᠷᠥ ᠶᠢᠨ ᠪᠣᠳᠣᠯᠭ᠎ᠠ᠂ ᠲᠤᠷᠰᠢᠯᠲᠠ ᠶᠢᠨ | ᠴᠡᠭ᠂ ᠪᠡᠯᠡ ᠮᠥᠩᠭᠦ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠦᠨᠡᠨᠬᠦ ᠪᠠᠲᠤᠯᠠᠵᠤ᠂ ᠪᠥᠬᠦ ᠵᠢᠯ ᠳᠤ ᠳᠡᠭᠡᠳᠦ | ᠱᠠᠲᠤᠨ ᠤ ᠪᠡᠯᠡ ᠮᠥᠩᠭᠦ ᠶᠢ 20% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ︽ᠭᠤᠷᠪᠠᠨ ᠵᠦᠢᠯ ᠤᠨ | ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠨᠡᠩ ᠤᠯᠠᠨ ᠡᠳ᠋ ᠤᠨ ᠬᠦᠴᠦᠨ ᠢ ᠠᠷᠠᠳ ᠤᠨ ᠠᠮᠢᠳᠤᠷᠠᠯ ᠢ | ᠪᠠᠲᠤᠯᠠᠬᠤ᠂ ᠳᠤᠲᠠᠭᠤᠳᠠᠯ ᠢ ᠨᠥᠬᠦᠪᠦᠷᠢᠯᠡᠬᠦ᠂ ᠬᠥᠭᠵᠢᠯ ᠮᠠᠨᠳᠤᠯ ᠢ ᠠᠬᠢᠭᠤᠯᠬᠤ ᠳᠡᠭᠡᠷ᠎ᠡ ᠬᠡᠷᠡᠭᠯᠡᠵᠦ᠂ ᠵᠠᠰᠠᠭ ᠤᠨ | ᠣᠷᠳᠣᠨ ᠢ ︽ᠭᠠᠮᠨᠠᠨ ᠠᠮᠢᠳᠤᠷᠠᠭᠤᠯᠬᠤ︾ ᠪᠠ ᠠᠷᠠᠳ ᠤᠯᠠᠨ ᠢ ︽ᠰᠠᠶᠢᠨ ᠠᠮᠢᠳᠤᠷᠠᠭᠤᠯᠬᠤ︾ ᠶᠠᠪᠤᠳᠠᠯ ᠢ ᠬᠡᠪ ᠤᠨ | ᠪᠠᠶᠢᠳᠠᠯ ᠪᠣᠯᠭᠠᠨ᠎ᠠ᠃ | ᠲᠥᠯᠥᠭᠡᠯᠡᠭᠴᠢᠳ ᠠ᠋︕ ᠴᠠᠭ ᠦᠶ᠎ᠡ ᠳᠠᠪᠠᠯᠭᠠᠯᠠᠨ ᠤᠷᠤᠭᠰᠢᠯᠠᠵᠤ᠂ ᠡᠭᠦᠷᠭᠡ ᠬᠠᠷᠢᠭᠤᠴᠠᠯᠭ᠎ᠠ ᠬᠥᠮᠥᠰ ᠢ | ᠡᠷᠡᠯᠬᠡᠭᠯᠡᠨ ᠲᠡᠮᠡᠴᠡᠭᠦᠯᠦᠨᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠥᠬᠡᠮᠳᠦᠭ ᠠᠭᠤᠯᠠ ᠪᠠᠨ ᠰᠢᠨᠲᠠᠷᠠᠰᠢ ᠦᠭᠡᠢ | ᠪᠠᠷᠢᠮᠲᠠᠯᠠᠵᠤ᠂ ᠰᠠᠯᠬᠢ ᠪᠣᠷᠣᠭᠠᠨ ᠳᠤ ᠰᠠᠭᠠᠳ ᠦᠭᠡᠢ ᠪᠠᠷ ᠤᠷᠤᠭᠰᠢᠯᠠᠵᠤ᠂ ᠪᠥᠬᠦ ᠬᠦᠴᠦᠨ ᠢᠶᠠᠷ ᠢᠶᠠᠨ ᠪᠣᠳᠠᠲᠠᠢ | ᠠᠷᠭ᠎ᠠ ᠪᠣᠳᠣᠯᠭ᠎ᠠ ᠰᠦᠪᠡᠭᠴᠢᠯᠡᠨ᠂ ᠪᠣᠳᠠᠲᠠᠢ ᠠᠷᠭ᠎ᠠ ᠬᠡᠮᠵᠢᠶ᠎ᠡ ᠭᠠᠷᠭᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ | ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠬᠠᠷᠠᠮᠰᠠᠯ ᠦᠭᠡᠢ ᠲᠡᠮᠡᠴᠡᠯ ᠤᠨ ᠤᠯᠠ ᠮᠥᠷ ᠢᠶᠠᠨ ᠦᠯᠡᠳᠡᠭᠡᠵᠦ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠳᠤ ᠴᠢᠩᠱᠠᠨ ᠤ | ᠬᠦᠴᠦᠨ ᠴᠢᠳᠠᠯ ᠢᠶᠠᠨ ᠡᠷᠭᠦᠶ᠎ᠡ︕ | | |