ᠲᠦᠷᠦᠭᠦᠸ ᠭᠤᠷᠪᠠᠨ ᠤᠯᠠᠷᠢᠯ ᠳᠤ ᠴᠢᠩᠱᠠᠨ ᠲᠣᠭᠤᠷᠢᠭ ᠤᠨ ᠪᠠᠷᠢᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ‍ᠦᠨ‌ᠨᠡᠮᠡᠭᠳᠡᠯ ᠤᠨ ᠬᠤᠷᠳᠤᠴᠠ ᠳᠡᠭᠡᠭᠰᠢᠯᠡᠪᠡ
ᠨᠡᠶᠢᠲᠡᠯᠡᠭᠰᠡᠨ ᠴᠠᠭ᠄
2023/10/24
      1—9 ᠳ᠋ᠦ᠋ᠭᠡᠷ ᠰᠠᠷ᠎ᠠ ᠳᠤ᠂ ᠴᠢᠩᠱᠠᠨ ᠲᠣᠭᠤᠷᠢᠭ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠪᠦᠬᠦᠯᠢ ᠴᠣᠭᠴᠠ ᠶᠢᠨ ᠡᠵᠡᠩᠨᠡᠯᠲᠡ ᠰᠠᠶᠢᠵᠢᠷᠠᠵᠤ᠂ ᠰᠢᠨ᠎ᠡ ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠬᠦᠴᠦᠷᠬᠡᠭᠵᠢᠵᠦ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠡᠮᠵᠢᠶ᠎ᠡ ᠢᠯᠡᠳᠲᠡ ᠳᠡᠭᠡᠭᠰᠢᠯᠡᠵᠡᠢ᠃      ᠴᠢᠩᠱᠠᠨ ᠲᠣᠭᠤᠷᠢᠭ ᠤᠨ ᠪᠠᠷᠢᠯᠭ᠎ᠠ ᠶᠢᠨ ᠦᠢᠯᠡᠰ ᠤᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 15.3% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7.1ᠵᠠᠭᠤᠨ ᠤ ᠨᠡᠮᠡᠭᠳᠡᠪᠡ᠃ ᠪᠡᠶᠡᠯᠡᠭᠦᠯᠦᠭᠰᠡᠨ ᠪᠦᠲᠦᠴᠡ ᠶᠢᠨ ᠲᠠᠯ᠎ᠠ ᠠᠴᠠ ᠦᠵᠡᠪᠡᠯ᠂ ᠦᠢᠯᠡᠳᠬᠦᠨ ᠤ ᠦᠷᠳᠡᠭ ᠤᠨ ᠪᠦᠲᠦᠴᠡ ᠲᠣᠭᠲᠠᠭᠤᠨ ᠪᠠᠶᠢᠵᠤ᠂ ᠪᠠᠷᠢᠯᠭ᠎ᠠ ᠶᠢᠨ ᠢᠨᠵᠧᠨᠧᠷᠢᠩ ᠤᠨ ᠦᠢᠯᠡᠳᠬᠦᠨ ᠤ ᠦᠷᠳᠡᠭ ᠨᠢ ᠮᠥᠨ ᠯᠡ ᠭᠤᠣᠯ ᠲᠤᠯᠭᠠᠭᠤᠷᠢᠯᠠᠬᠤ ᠬᠦᠴᠦᠨ ᠪᠣᠯᠵᠤ ᠪᠠᠶᠢᠨ᠎ᠠ᠃ ᠡᠭᠦᠨ ᠳᠤ ᠪᠠᠷᠢᠯᠭ᠎ᠠ  ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ  ᠠᠴᠠ 29.5% ᠨᠡᠮᠡᠭᠳᠡᠵᠦ᠂ ᠪᠠᠷᠢᠯᠭ᠎ᠠ  ᠶᠢᠨ ᠦᠢᠯᠡᠰ ᠤᠨ ᠦᠢᠯᠡᠳᠬᠦᠨ ᠤ ᠶᠡᠷᠦᠩᠬᠡᠢ ᠥᠷᠲᠡᠭ ᠤᠨ 87.4%  ᠶᠢ ᠡᠵᠡᠯᠡᠵᠤ᠂ ᠤᠭᠰᠠᠷᠠᠭᠤᠯᠬᠤ ᠢᠨᠵᠧᠨᠧᠷᠢᠩ ᠤᠨ ᠦᠢᠯᠡᠳᠬᠦᠨ ᠤ ᠦᠷᠳᠡᠭ 36.5% ᠪᠠᠷ ᠪᠠᠭᠤᠷᠠᠵᠤ᠂ ᠪᠠᠷᠢᠯᠭ᠎ᠠ ᠶᠢᠨ ᠦᠢᠯᠡᠰ ᠤᠨ ᠦᠢᠯᠡᠳᠬᠦᠨ ᠤ ᠶᠡᠷᠦᠩᠬᠡᠢ ᠦᠷᠳᠡᠭ ᠤᠨ 11.5% ᠶᠢ ᠡᠵᠡᠯᠡᠵᠤ᠂ ᠪᠤᠰᠤᠳ ᠪᠠᠷᠢᠯᠭ᠎ᠠ ᠶᠢᠨ ᠦᠢᠯᠡᠰ ᠤᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠵᠦ᠂ ᠪᠠᠷᠢᠯᠭ᠎ᠠ ᠶᠢᠨ ᠦᠢᠯᠡᠰ ᠤᠨ ᠦᠢᠯᠡᠳᠬᠦᠨ ᠤ ᠶᠡᠷᠦᠩᠬᠡᠢ ᠦᠷᠳᠡᠭ ᠤᠨ1.1% ᠶᠢ ᠡᠵᠡᠯᠡᠪᠡ᠃      ᠭᠡᠷ᠎ᠡ ᠲᠣᠭᠲᠠᠭᠰᠠᠨ ᠲᠤᠭ᠎ᠠ ᠶᠡᠭᠡ ᠬᠡᠮᠵᠢᠶ᠎ᠡ ᠪᠠᠷ ᠨᠡᠮᠡᠭᠳᠡᠵᠦ᠂ ᠠᠵᠢᠯ ᠲᠥᠷᠥᠯ ᠤᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠨ᠎ᠠ᠃ ᠭᠡᠷ᠎ᠡ ᠲᠣᠭᠲᠠᠭᠰᠠᠨ ᠶᠡᠷᠦᠩᠬᠡᠢ ᠲᠤᠭ᠎ᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ  ᠬᠢ ᠠᠴᠠ 16.1% ᠪᠠᠷ ᠨᠡᠮᠡᠭᠳᠡᠵᠦ᠂ ᠡᠭᠦᠨ ᠳᠤ ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ ᠪᠠᠷᠢᠯᠭ᠎ᠠ ᠶᠢᠨ ᠭᠡᠷ᠎ᠡ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ20.2% ᠨᠡᠮᠡᠭᠳᠡᠵᠦ᠂ ᠰᠢᠨ᠎ᠡ ᠪᠠᠷ ᠭᠡᠷ᠎ᠡ ᠲᠣᠭᠲᠠᠭᠰᠠᠨ ᠲᠤᠭ᠎ᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 11.1% ᠪᠠᠷ ᠨᠡᠮᠡᠭᠳᠡᠵᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号