ᠲᠦᠷᠦᠭᠦᠸ ᠭᠤᠷᠪᠠᠨ ᠤᠯᠠᠷᠢᠯ ᠳᠤ ᠴᠢᠩᠱᠠᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2023/10/26
      ᠲᠦᠷᠦᠭᠦᠸ ᠭᠤᠷᠪᠠᠨ ᠤᠯᠠᠷᠢᠯ ᠳᠤ᠂ ᠴᠢᠩᠱᠠᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠦᠭᠡᠢ︶ ᠠᠳᠠᠯᠢ ᠬᠤᠭᠤᠴᠠᠭᠠᠨ ᠤ ᠬᠢ ᠠᠴᠠ 25% ᠪᠠᠷ ᠨᠡᠮᠡᠭᠳᠡᠵᠦ᠂ 9 ᠰᠠᠷ᠎ᠠ ᠳᠤ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ  ᠳᠡᠭᠡᠷ᠎ᠡ ᠰᠠᠷ᠎ᠠ ᠶᠢᠨ ᠬᠢ ᠠᠴᠠ 16.3% ᠪᠠᠷ ᠨᠡᠮᠡᠭᠳᠡᠵᠡᠢ᠃      ᠬᠦᠷᠢᠶ᠎ᠡ ᠬᠡᠪᠴᠢᠶ᠎ᠡ ᠪᠠᠷ ᠨᠢ ᠦᠵᠡᠪᠡᠯ᠂ ᠲᠦᠷᠦᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ  ᠬᠢ ᠠᠴᠠ 38% ᠨᠡᠮᠡᠭᠳᠡᠵᠦ᠂ ᠭᠡᠷ ᠪᠠᠶᠢᠰᠢᠩ ᠭᠠᠵᠠᠷ ᠤᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ 20.6% ᠪᠠᠭᠤᠷᠠᠵᠠᠢ᠃      ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 86.1% ᠪᠠᠷ ᠪᠠᠭᠤᠷᠠᠵᠤ᠂ ᠪᠥᠬᠦ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 0.2%︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 36.3% ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 68.2% ᠢ ᠡᠵᠡᠯᠡᠪᠡ︔ ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 10.6% ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ 31.6% ᠢ ᠡᠵᠡᠯᠡᠪᠡ᠃      ᠬᠤᠶᠠᠳᠤᠭᠠᠷ ᠠᠵᠤ ᠦᠢᠯᠡᠰ ᠤᠨ ᠳᠣᠲᠣᠷ᠎ᠠ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 36.3% ᠪᠠᠷ ᠨᠡᠮᠡᠭᠳᠡᠪᠡ᠃ ᠡᠭᠦᠨ ᠳᠤ᠂ ᠦᠢᠯᠡᠳᠬᠦ ᠦᠢᠯᠡᠰ ᠠᠳᠠᠯᠢ ᠬᠤᠭᠤᠴᠠᠭᠠᠨ ᠤ  ᠬᠢ ᠠᠴᠠ 32.2% ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 20.1 ᠵᠠᠭᠤᠨ ᠤ ᠨᠢᠭᠡᠴᠢ ᠳᠠᠶᠢᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号