︽ᠳᠥᠷᠪᠡᠨ ᠠᠷᠭ᠎ᠠ ᠪᠠᠷᠢᠯ︾᠎ ᠢᠶᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠠᠵᠢᠯ ᠢ ᠥᠨᠡᠨ ᠪᠣᠳᠠᠳᠠᠢ ᠬᠠᠶᠢᠷ᠎ᠠ ᠰᠡᠳᠬᠢᠯᠭᠡ ᠲᠠᠢ ᠥᠷ᠎ᠡ ᠪᠥᠳᠥᠮᠵᠢᠳᠠᠢ ᠭᠦᠨᠵᠡᠭᠡᠶ ᠠᠬᠢᠭᠤᠯᠵᠣ ᠪᠠᠶᠢᠭ᠎ᠠ ᠨᠢ
ᠨᠡᠶᠢᠲᠡᠯᠡᠭᠰᠡᠨ ᠴᠠᠭ᠄
2023/10/27
      ᠤᠢᠢᠷ᠎ᠠ ᠶᠢᠨ ᠵᠢᠯ ᠠᠴᠠ᠂ ᠴᠢᠩᠱᠠᠨ ᠲᠣᠭᠤᠷᠢᠭ ᠤᠨ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠤᠬᠠᠭᠤᠯᠭ᠎ᠠ ᠬᠥᠮᠦᠵᠢᠯ᠂ ᠰᠣᠶᠣᠯ ᠤᠨ ᠤᠯᠠᠮᠵᠢᠯᠠᠯ ᠪᠠ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠶᠢ ᠲᠣᠪᠣᠶᠢᠯᠭᠠᠵᠣ᠂ ᠬᠠᠷᠢᠶ᠎ᠠ ᠣᠷᠣᠨ ᠤ ᠬᠡᠪᠴᠢᠶᠡᠨ ᠳᠤ ︽ᠨᠠᠮ ᠤᠨ ᠠᠴᠢ ᠳᠤ ᠲᠠᠯᠠᠷᠬᠠᠵᠣ ᠡᠷᠡᠯᠬᠡᠭᠯᠡᠨ ᠤᠷᠤᠭᠰᠢᠯᠠᠵᠤ ᠨᠠᠮ ᠢᠶᠠᠨ ᠳᠠᠭᠠᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀᠎ ᠢ ᠪᠦᠬᠦ ᠲᠠᠯ᠎ᠠ ᠪᠠᠷ ᠪᠠᠶᠢᠭᠤᠯᠬᠤ ᠳᠡᠭᠡᠷ᠎ᠡ ᠵᠢᠱᠢᠶ᠎ᠡ ᠦᠵᠡᠭᠦᠯᠬᠦ︾ ᠭᠤᠣᠯ ᠰᠡᠳᠦᠪᠲᠦ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠥᠯᠢᠯᠴᠠᠭ᠎ᠠ᠂ ᠭᠦᠨᠵᠡᠭᠡᠢ ᠠᠭᠤᠰᠣᠯᠴᠡᠯ ᠢ ᠲᠠᠰᠤᠷᠠᠯᠲᠠ ᠦᠭᠡᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃      ᠤᠷᠢᠳᠤᠬᠢ ᠶᠢ ᠵᠠᠯᠭᠠᠮᠵᠢᠯᠠᠨ ᠬᠤᠶᠢᠨᠠᠬᠢ ᠶᠢ  ᠰᠡᠩᠭᠡᠷᠡᠭᠦᠯᠵᠣ  ᠪᠦᠬᠦ ᠲᠠᠯ᠎ᠠ ᠪᠠᠷ ᠳᠠᠶᠢᠴᠢᠯᠠᠬᠤ ᠶᠢ ᠴᠢᠬᠤᠯᠴᠢᠯᠠᠪᠠ᠃       ︽ᠴᠢᠩᠱᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠠᠵᠢᠯ ᠤᠨ ᠲᠥᠰᠦᠯ︾᠎ ᠤᠨ ᠪᠣᠳᠠᠲᠠᠶ ᠱᠠᠭᠠᠷᠳᠠᠯᠭ᠎ᠠ ᠶᠣᠰᠣᠭᠠᠷ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠬᠢᠨ ᠲᠡᠷᠡ ᠳᠠᠷᠤᠶ ᠳᠤᠨᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠤᠷᠤᠯᠴᠠᠬᠤ ᠠᠭᠤᠯᠭ᠎ᠠ᠂ ᠠᠵᠢᠯᠯᠠᠭ᠎ᠠ ᠶᠢᠨ ᠬᠡᠯᠪᠡᠷᠢ᠂ ᠬᠡᠷᠡᠭᠵᠢᠭᠦᠯᠬᠦ ᠠᠯᠬᠤᠮ ᠳᠠᠷᠠᠭ᠎ᠠ ᠵᠡᠷᠭᠡ ᠲᠠᠯ᠎ᠠ ᠪᠠᠷ ᠨᠠᠷᠢᠨ ᠨᠢᠮᠪᠠᠶ ᠪᠠᠶᠢᠷᠢᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠲᠠᠯ᠎ᠠ ᠪᠠᠷ ᠳᠠᠶᠢᠴᠢᠯᠠᠬᠤ᠂ ᠪᠥᠬᠦ ᠬᠦᠴᠦᠨ ᠢᠶᠠᠷ ᠢᠶᠠᠨ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠪᠠ᠃ ︽ᠨᠢᠭᠡ ᠥᠷᠳᠡᠭᠡᠴᠢᠯᠡᠭᠰᠡᠨ ᠮᠠᠶ᠋ᠢᠭ︾᠎ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠ ︽ᠤᠯᠠᠭᠠᠨ ᠠᠨᠠᠷ ᠤᠨ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠲᠡᠭᠡ︾᠂ ︽ᠬᠠᠤᠯᠢ ᠴᠠᠭᠠᠵᠠ ᠶᠢᠨ ᠠᠵᠢᠯ ᠤᠨ ᠲᠠᠰᠤᠭ︾᠎ ᠲᠤ ᠲᠦᠰᠢᠭᠯᠡᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠠᠵᠢᠯ ᠣᠯᠭᠤᠯᠲᠠ ᠶᠢᠨ ᠪᠣᠯᠪᠠᠰᠤᠷᠠᠭᠤᠯᠤᠯ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠵᠡᠷᠭᠡ ᠳᠥᠭᠦᠮ ᠳᠥᠲᠡ ᠦᠢᠯᠡᠴᠢᠯᠡᠭᠡ ᠶᠢ 10 ᠭᠠᠷᠣᠢ ᠣᠳᠠᠭ᠎ᠠ ᠬᠠᠩᠭᠠᠵᠤ᠂ 230 ᠬᠥᠮᠦᠨ ᠠᠰᠢᠭ ᠭᠥᠷᠳᠡᠵᠦ᠂ ᠬᠠᠷᠢᠯᠴᠠᠨ ᠬᠠᠪᠰᠤᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠪᠠ᠃      ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ ᠭᠤᠣᠯ ᠰᠡᠳᠦᠪ ᠭᠤᠣᠯ ᠰᠢᠵᠢᠮ ᠢ ᠥᠢᠯᠡᠳᠥᠯᠭᠡᠵᠢᠬᠦᠯᠪᠠ᠃ ᠭᠤᠣᠯ ᠰᠡᠳᠦᠪᠲᠦ ᠨᠠᠮ ᠤᠨ ᠡᠳᠦᠷᠯᠢᠭ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠬᠡᠯᠪᠡᠷᠢ ᠪᠠᠷ ᠳᠠᠮᠵᠢᠭᠤᠯᠤᠨ᠂ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠤᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠣᠳᠬᠠᠬᠤ ᠲᠤᠰᠬᠠᠶ ᠰᠡᠳᠦᠪᠲᠦ ᠠᠵᠢᠯᠯᠠᠭ᠎ᠠ ᠶᠢ 4 ᠤᠳᠠᠭ᠎ᠠ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠶᠢ ᠦᠨᠡᠨ ᠬᠦ ᠪᠠᠲᠤᠯᠠᠪᠠ︔ ᠬᠠᠷᠢᠶ᠎ᠠ ᠣᠷᠣᠨ ᠤ ᠬᠠᠮᠲᠤ ᠪᠠᠷ ᠪᠠᠶᠢᠭᠤᠯᠬᠤ ᠨᠢᠬᠡᠴᠢ ᠲᠠᠢ ᠢᠳᠡᠪᠬᠢᠲᠡᠶ ᠬᠠᠷᠢᠯᠴᠠᠵᠤ ︽ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠬᠤ ᠬᠠᠪᠰᠤᠷᠤᠨ ᠵᠢᠯᠣᠭᠤᠳᠬᠤ ᠤᠩᠰᠢᠬᠤ ᠪᠢᠴᠢᠭ︾ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠰᠢᠷᠢᠰ ᠪᠢᠴᠢᠯ ᠨᠠᠮ ᠤᠨ ᠬᠢᠴᠢᠶᠡᠯ ᠤᠨ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠲᠠᠯᠠᠪᠠᠢ ᠳᠤ 300 ᠭᠠᠷᠤᠢ ᠬᠤᠪᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ︔ ᠲᠦᠷᠪᠡᠨ ᠨᠡᠶᠢᠭᠡᠮ ᠲᠣᠭᠤᠷᠢᠭ ᠲᠤ ︽ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ  ᠰᠣᠷᠣᠯᠴᠠᠬᠤ ᠬᠠᠪᠰᠤᠷᠤᠨ ᠵᠢᠯᠣᠭᠤᠳᠬᠤ ᠤᠩᠰᠢᠬᠤ ᠪᠢᠴᠢᠭ︾᠎ ᠎ ᠤᠨ ᠣᠩᠰᠢᠯᠭ᠎ᠠ ᠶᠢᠨ ᠪᠣᠯᠣᠩ ᠢ ᠪᠠᠶᠢᠭᠤᠯᠵᠣ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠡᠷᠬᠡ ᠰᠦᠷᠲᠦ ᠴᠢᠨᠠᠷᠲᠠᠢ ︽ᠲᠣᠯᠢ ᠪᠢᠴᠢᠭ︾᠂ ︽ᠯᠠᠪᠯᠠᠯᠲᠠ ᠶᠢᠨ ᠪᠢᠴᠢᠭ︾ ᠪᠣᠯᠤᠭᠰᠠᠨ ᠤ ᠬᠤᠪᠢ ᠳᠤ ᠦᠨᠳᠦᠰᠦᠲᠡᠨ ᠨᠦᠭᠦᠳ ᠤᠨ ᠨᠠᠮ ᠤᠨ ᠭᠡᠰᠢᠭᠦᠨ ᠤᠯᠠᠨ ᠲᠦᠮᠡᠨ ᠤ ᠣᠩᠰᠢᠯᠭ᠎ᠠ ᠳᠤ ᠬᠠᠩᠭᠠᠵᠣ᠂ ᠦᠨᠳᠦᠰᠦᠲᠡᠨ ᠨᠦᠭᠦᠳ ᠤᠨ ᠨᠠᠮ ᠤᠨ ᠭᠡᠰᠢᠭᠦᠨ ᠤᠯᠠᠨ ᠲᠦᠮᠡᠨ ᠤ ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠴᠢᠩᠭᠠᠳᠬᠠᠬᠤ ᠶᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠪᠠ᠃      ᠰᠣᠶᠣᠯ ᠤᠨ ᠲᠠᠨᠢᠯᠳᠠ ᠪᠠᠨ ᠥᠷᠭᠡᠳᠭᠡᠵᠣ᠂ ᠣᠬᠠᠭᠤᠯᠭ᠎ᠠ ᠶᠢᠨ ᠠᠭᠤᠯᠬᠤᠨ ᠢᠶᠠᠨ ᠪᠠᠶᠠᠯᠢᠭᠵᠢᠭᠤᠯᠪᠠ᠃ ︽ᠳ᠋ᠣᠣ ᠵᠥᠩ ᠬᠤᠸᠠ︾ ᠣᠯᠠᠨ ᠨᠡᠶᠢᠲᠡ ᠶᠢᠨ ᠳ᠋ᠤᠭᠠᠷ ᠢ ᠢᠳᠡᠪᠬᠢᠲᠡᠶ ᠤᠬᠠᠭᠤᠯᠤᠨ ᠳᠡᠯᠭᠡᠷᠡᠭᠦᠯᠵᠦ᠂ ︽ᠳ᠋ᠣᠣ ᠵᠥᠩ ᠬᠤᠸᠠ︾ ᠪᠤᠯᠤᠩ ᠤᠨ ᠰᠤᠷᠤᠯᠴᠠᠯᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠥᠢᠴᠡᠳ ᠤᠬᠠᠭᠤᠯᠬᠤ ᠪᠠ ᠲᠠᠨᠢᠭᠤᠯᠵᠣ᠂ ᠠᠵᠢᠯ ᠤᠨ ᠴᠣᠭᠯᠠᠷᠠᠯ ᠢᠶᠠᠷ ︽ᠳ᠋ᠣᠣ ᠵᠥᠩ ᠬᠤᠸᠠ︾ ᠎ ᠶᠢ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠤᠬᠠᠭᠤᠯᠤᠨ ᠲᠡᠯᠭᠡᠷᠡᠭᠦᠯᠬᠦ ᠶᠢ ᠪᠠᠶᠢᠷᠢᠯᠠᠭᠤᠯᠵᠣ᠂ ᠰᠥᠯᠵᠢᠶᠡᠨ ᠲᠡᠭᠡᠷ᠎ᠡ ᠰᠥᠯᠵᠢᠶᠡᠨ ᠭᠠᠳᠠᠨ᠎ᠠ ᠵᠡᠷᠭᠡᠪᠡᠷ ᠥᠷᠨᠢᠬᠦᠯᠵᠣ᠂ ᠰᠥᠯᠵᠢᠶᠡᠨ ᠲᠡᠭᠡᠷ᠎ᠡ ︽ᠠᠷᠠᠳ ᠲᠤ ᠥᠢᠯᠡᠴᠢᠯᠡᠬᠦ ᠬᠤᠰᠢᠭᠤᠴᠢ︾ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠪᠣᠯᠭᠠᠵᠤ᠂ ᠪᠥᠬᠦ ᠵᠡᠭᠡᠯᠢ ᠭᠤᠳᠤᠮᠵᠢ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ︽ᠳ᠋ᠣᠣ ᠵᠥᠩ ᠬᠤᠸᠠ︾᠎ ᠶᠢᠨ ᠸᠢᠴᠠᠲ ᠤᠨ ᠨᠡᠶᠢᠲᠡ ᠶᠢᠨ ᠳ᠋ᠤᠭᠠᠷ ᠢ ᠬᠡᠷᠡᠭᠯᠡᠬᠦ ᠶᠢ ᠤᠷᠢᠶᠠᠯᠠᠪᠠ︔ ᠰᠦᠯᠵᠢᠶᠡᠨ ᠭᠠᠳᠠᠨ᠎ᠠ᠂ ᠡᠷᠦᠬᠡ ᠳᠤ ᠣᠷᠣᠵᠤ ᠪᠠᠶᠢᠳᠠᠯ ᠢ ᠣᠶᠢᠯᠠᠭᠠᠬᠤ ᠠᠵᠢᠯ ᠲᠠᠢ ᠤᠶᠠᠯᠳᠤᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ︽ᠳ᠋ᠣᠣ ᠵᠥᠩ ᠬᠤᠸᠠ︾ ᠨᠡᠶᠢᠲᠡ ᠶᠢᠨ ᠳ᠋ᠤᠭᠠᠷ ᠢ ᠲᠠᠨᠢᠯᠴᠠᠭᠤᠯᠬᠤ ᠶᠢᠨ ᠬᠠᠮᠲᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠠᠪᠰᠤᠷᠤᠨ ᠵᠢᠯᠣᠭᠤᠳᠴᠤ᠂ ︽ᠳ᠋ᠣᠣ ᠵᠥᠩ ᠬᠤᠸᠠ︾᠎ ᠶᠢᠨ ᠪᠤᠯᠤᠩ ᠤᠨ ᠤᠯᠠᠮᠵᠢᠯᠠᠬᠤ ᠬᠦᠴᠦᠨ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠥᠷᠭᠡᠳᠬᠡᠨ᠂ ᠳᠤᠮᠳᠠᠳᠤ ᠶᠢᠨ ᠰᠣᠶᠣᠯ ᠢ ᠢᠳᠡᠪᠬᠢᠲᠡᠶ ᠤᠯᠠᠮᠵᠢᠯᠠᠵᠤ᠂ ᠴᠢᠩᠱᠠᠨ ᠤ ᠥᠯᠢᠭᠡᠷ ᠢ ᠰᠠᠶᠢᠲᠤᠷ ᠶᠠᠷᠢᠵᠤ᠂ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃ ᠴᠧᠨ ᠸᠧᠨ ᠰᠢᠤᠸᠠᠢ ᠶᠢᠨ ᠠᠵᠢᠯᠯᠠᠬᠤ ᠲᠠᠰᠤᠭ᠂ ᠴᠡᠷᠢᠭ ᠤᠨ ᠠᠵᠢᠯᠴᠢᠨ ᠤ ᠪᠢᠴᠢᠯ ᠦᠵᠡᠭᠦᠯᠦᠯᠭᠡ ᠶᠢᠨ ᠲᠢᠩᠬᠢᠮ ᠵᠡᠷᠭᠡ ᠠᠴᠢᠶᠠᠯᠠᠪᠤᠷᠢ ᠶᠢ  ᠭᠥᠢᠴᠡᠳ ᠠᠰᠢᠭᠯᠠᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠵᠣᠬᠢᠶᠠᠨ ᠪᠠᠶᠢᠭᠤᠯᠵᠤ ᠨᠠᠮ ᠤᠨ ᠭᠡᠰᠢᠭᠦᠨ ᠤ ᠰᠤᠷᠤᠯᠴᠠᠯᠭ᠎ᠠ᠂ ᠰᠤᠷᠤᠯᠴᠠᠯᠭ᠎ᠠ ᠶᠢ ᠡᠷᠥᠭᠡ ᠳᠤ ᠬᠦᠷᠭᠡᠬᠦ᠂ ᠠᠷᠠᠳ ᠣᠯᠠᠨ ᠤ ᠬᠢᠴᠢᠶᠡᠯ ᠤᠨ ᠲᠠᠩᠬᠢᠮ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠭᠤᠤᠯ ᠰᠡᠳᠦᠪᠲᠦ ᠠᠵᠢᠯᠯᠠᠭ᠎ᠠ ᠶᠢ 8 ᠲᠠᠯᠠᠪᠤᠷ ᠥᠷᠨᠢᠭᠦᠯᠵᠦ᠂ 500 ᠭᠠᠷᠤᠶ  ᠰᠠᠭᠤᠭᠠᠯᠢ ᠠᠷᠠᠳ ᠠᠰᠢᠭ ᠭᠥᠷᠳᠠᠵᠣ᠂ ᠸᠢᠴᠠᠲ ᠤᠨ ᠬᠤᠯᠪᠤᠭ᠎ᠠ ᠳᠤ ᠲᠦᠰᠢᠭᠯᠡᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠣᠨᠣᠯ ᠢ 24 ᠬᠤᠪᠢ ᠤᠳᠠᠭ᠎ᠠ ᠳᠠᠮᠵᠢᠭᠤᠯᠤᠨ ᠲᠠᠷᠬᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠶᠢ ᠤᠯᠠᠮ ᠨᠢᠭᠡ ᠠᠯᠬᠤᠮ ᠠᠬᠢᠭᠤᠯᠪᠠ᠃      ᠠᠨᠠᠷ ᠤᠨ ᠵᠣᠷᠢᠭ ᠰᠠᠨᠠᠭ᠎ᠠ ᠶᠢ ᠪᠠᠲᠤ ᠴᠣᠭᠴᠠᠯᠠᠵᠣ ᠭᠥᠷᠰᠢ ᠵᠡᠷᠭᠡᠯᠡᠳᠡᠭᠡ ᠶᠢᠨ ᠡᠶᠡᠯᠰᠡᠭ ᠢ ᠮᠠᠳᠡᠷᠡᠭᠦᠯᠪᠠ᠃       ︽ᠡᠶ᠎ᠡ ᠨᠠᠶᠢᠷᠠᠮᠳᠠᠭᠤ ᠬᠥᠷᠰᠢ ᠵᠡᠷᠭᠡᠯᠡᠳᠡᠭᠡ ᠶᠢᠨ ᠪᠠᠶᠠᠷ----- ᠬᠥᠷᠰᠢ ᠵᠡᠷᠭᠡᠯᠡᠳᠡᠭᠡ ᠶᠢᠨ ᠬᠤᠯᠪᠣᠭᠠᠰᠣ︾᠎ ᠶᠢᠨ ᠵᠤᠭᠠᠴᠠᠯ ᠤᠨ ᠴᠤᠭᠯᠠᠭᠠᠨ ᠵᠢᠴᠢ ᠨᠠᠢᠮᠠᠨ ᠰᠠᠷ᠎ᠠ ᠶᠢᠨ ᠲᠡᠷᠭᠡᠯ ᠪᠠᠶᠠᠷ ᠢ ᠪᠡᠯᠭᠡᠯᠡᠬᠦ᠂ ᠤᠯᠤᠰ ᠤᠨ ᠪᠠᠶᠠᠷ ᠢ ᠤᠭᠲᠤᠬᠤ᠂ ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠮᠡᠳᠣ ᠲᠣᠳᠣᠨᠣᠰᠤᠭ ︽ᠲᠠᠪᠣᠨ ᠬᠥᠷᠰᠢ ᠵᠡᠷᠭᠡᠯᠡᠳᠡᠭᠡ ᠶᠢᠨ ᠵᠢᠷᠭᠤᠭ᠎ᠠ ᠶᠢ ᠰᠣᠨᠢᠷᠬᠠᠬᠤ︾ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠭᠤᠯᠤᠭᠳᠠᠬᠤᠨ ᠢᠶᠠᠨ ᠭᠦᠨᠵᠡᠭᠡᠶᠢᠷᠡᠭᠦᠯᠵᠦ᠂ ᠬᠡᠯᠪᠡᠷᠢ ᠪᠠᠨ ᠪᠠᠶᠠᠯᠢᠭᠵᠢᠭᠤᠯᠵᠤ᠂ ᠠᠷᠭ᠎ᠠ ᠶᠢᠨ ᠰᠢᠨ᠎ᠡ ᠶᠢ ᠡᠭᠦᠳᠴᠣ᠂ ᠬᠥᠷᠰᠢ ᠵᠡᠷᠭᠡᠯᠡᠳᠡᠭᠡ ᠶᠢᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠬᠥᠷᠰᠢ ᠵᠡᠷᠭᠡᠯᠡᠳᠡᠭᠡ ᠶᠢᠨ ᠡᠶ᠎ᠡ ᠵᠣᠬᠢᠴᠠᠩᠭᠤᠢ ᠶᠢ ᠠᠬᠢᠭᠤᠯᠪᠠ᠃ ᠬᠤᠰᠢᠭᠤᠴᠢ ᠵᠠᠮ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ᠂ ᠤᠮᠠᠷᠠᠲᠤ ᠶᠢᠨ ᠬᠦᠨᠳᠦ ᠠᠵᠣ ᠥᠢᠯᠡᠳᠪᠣᠷᠢ ᠶᠢᠨ ᠲᠥᠷᠪᠡᠳᠣᠭᠡᠷ ᠪᠠᠭ᠎ᠠ ᠰᠤᠷᠭᠠᠭᠤᠯᠢ ᠳᠤ ᠬᠦᠷᠴᠦ ︽ᠠᠨᠠᠷ ᠤᠨ ᠦᠷ᠎ᠡ ᠤᠨ ᠬᠥᠮᠦᠨ ᠢ ᠬᠥᠮᠦᠵᠢᠭᠦᠯᠬᠦ ᠵᠢᠵᠢᠭ ᠬᠢᠴᠢᠶᠡᠯ ᠤᠨ ᠲᠠᠩᠬᠢᠮ︾᠎ ᠳᠤ ᠢᠳᠡᠭᠡᠨ ᠤ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠳᠤ ᠬᠦᠴᠦᠨ ᠨᠡᠮᠡᠷᠢᠯᠡᠪᠡ᠃ ᠡᠯ᠎ᠡ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ ︽ᠠᠨᠠᠷ ᠤᠨ ᠴᠡᠴᠡᠭ ᠳᠡᠯᠭᠡᠷᠡᠵᠦ ᠦᠷ᠎ᠡ ᠪᠦᠬᠦᠨ ᠨᠢ ᠰᠡᠳᠬᠢᠯ ᠨᠢᠭᠡᠳᠦᠨ ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠦᠨ ᠮᠡᠲᠦ ᠲᠣᠳᠣᠨᠣᠰᠤᠭ︾ ︽ᠤᠷᠲᠤ ᠰᠢᠷᠡᠭᠡᠨ ᠤ  ᠲᠠᠶᠢᠯᠠᠯᠭ᠎ᠠ ᠳᠤ ᠴᠣᠭᠯᠠᠷᠠᠵᠣ ᠡᠶ᠎ᠡ ᠨᠠᠶᠢᠷᠠᠮᠳᠠᠭᠤ ᠬᠥᠷᠰᠢ ᠵᠡᠷᠭᠡᠯᠡᠳᠡᠭᠡ ᠶᠢᠨ ᠬᠠᠶᠢᠷ᠎ᠠ ᠰᠡᠳᠬᠢᠯᠭᠡ ᠶᠢᠨ ᠬᠠᠮᠲᠤ ᠎ ᠶᠢᠨ ᠶᠠᠷᠢᠯᠴᠠᠭ᠎ᠠ︾ ︽ᠤᠷᠠᠨ ᠭᠠᠷ ᠤᠨ ᠶᠧᠪᠡᠩ ᠢᠶᠠᠷ ᠨᠠᠢᠮᠠᠨ ᠰᠠᠷ᠎ᠠ ᠶᠢᠨ ᠲᠡᠷᠭᠡᠯ ᠪᠠᠶᠠᠷ ᠢ ᠤᠭᠲᠤᠵᠤ ᠰᠡᠳᠬᠢᠯ ᠨᠢᠭᠡᠳᠦᠨ ᠦᠨᠳᠦᠰᠦᠲᠡᠨ ᠤ ᠬᠠᠶᠢᠷ᠎ᠠ ᠰᠡᠳᠬᠢᠯᠭᠡ ᠶᠢᠨ ᠬᠠᠮᠲᠤ ᠶᠢᠨ ᠵᠣᠭᠤᠭ︾ ᠵᠡᠷᠭᠡ ᠨᠠᠢᠮᠠᠨ ᠰᠠᠷ᠎ᠠ ᠶᠢᠨ ᠲᠡᠷᠭᠡᠯ ᠪᠠᠶᠠᠷ ᠢ ᠪᠡᠯᠭᠡᠯᠡᠵᠦ ᠤᠯᠤᠰ ᠤᠨ ᠪᠠᠶᠠᠷ ᠢ ᠤᠭᠲᠤᠬᠤ ᠭᠤᠣᠯ ᠰᠡᠳᠦᠪᠲᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ ︽ᠠᠨᠠᠷ ᠤᠨ ᠦᠷ᠎ᠡ︾ ᠬᠤᠰᠢᠭᠤᠴᠢ ᠵᠠᠮ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠲᠠᠶᠢᠴᠢᠯᠠᠵᠣ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠮᠡᠳᠡᠷᠡᠬᠦ᠂ ᠥᠪᠡᠷ ᠢᠶᠠᠨ ᠠᠮᠲᠠᠲᠤ ᠶᠧᠪᠡᠩ ᠬᠢᠬᠦ ᠵᠡᠷᠭᠡ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠤ ᠪᠥᠯᠭᠦᠮᠳᠡᠯ ᠨᠢᠭᠡ ᠬᠡᠷ ᠪᠦᠯᠢ ᠤᠨ ᠬᠥᠮᠥᠨ ᠮᠡᠲᠦ ᠳᠣᠲᠣᠨᠣ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号