ᠤᠢᠢᠷ᠎ᠠ ᠶᠢᠨ ᠵᠢᠯ ᠠᠴᠠ᠂ ᠴᠢᠩᠱᠠᠨ ᠲᠣᠭᠤᠷᠢᠭ ᠤᠨ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠬᠢᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠪᠠᠷ ᠭᠤᠣᠯ ᠰᠢᠵᠢᠮ | ᠪᠣᠯᠭᠠᠬᠤ ᠶᠢ ᠪᠠᠷᠢᠮᠲᠠᠯᠠᠵᠤ᠂ ᠤᠬᠠᠭᠤᠯᠭ᠎ᠠ ᠬᠥᠮᠦᠵᠢᠯ᠂ ᠰᠣᠶᠣᠯ ᠤᠨ ᠤᠯᠠᠮᠵᠢᠯᠠᠯ ᠪᠠ ᠵᠢᠱᠢᠶ᠎ᠡ ᠦᠵᠡᠭᠦᠯᠵᠦ | ᠬᠦᠳᠦᠯᠦᠨ ᠳᠠᠭᠠᠭᠤᠯᠬᠤ ᠶᠢ ᠲᠣᠪᠣᠶᠢᠯᠭᠠᠵᠣ᠂ ᠬᠠᠷᠢᠶ᠎ᠠ ᠣᠷᠣᠨ ᠤ ᠬᠡᠪᠴᠢᠶᠡᠨ ᠳᠤ ︽ᠨᠠᠮ ᠤᠨ ᠠᠴᠢ ᠳᠤ ᠲᠠᠯᠠᠷᠬᠠᠵᠣ | ᠡᠷᠡᠯᠬᠡᠭᠯᠡᠨ ᠤᠷᠤᠭᠰᠢᠯᠠᠵᠤ ᠨᠠᠮ ᠢᠶᠠᠨ ᠳᠠᠭᠠᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠦᠬᠦ ᠲᠠᠯ᠎ᠠ ᠪᠠᠷ | ᠪᠠᠶᠢᠭᠤᠯᠬᠤ ᠳᠡᠭᠡᠷ᠎ᠡ ᠵᠢᠱᠢᠶ᠎ᠡ ᠦᠵᠡᠭᠦᠯᠬᠦ︾ ᠭᠤᠣᠯ ᠰᠡᠳᠦᠪᠲᠦ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠤᠬᠠᠭᠤᠯᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠥᠯᠢᠯᠴᠠᠭ᠎ᠠ᠂ | ᠭᠦᠨᠵᠡᠭᠡᠢ ᠠᠭᠤᠰᠣᠯᠴᠡᠯ ᠢ ᠲᠠᠰᠤᠷᠠᠯᠲᠠ ᠦᠭᠡᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠰᠢᠨ᠎ᠡ ᠬᠠᠭᠤᠳᠠᠰᠤ ᠶᠢ ᠪᠢᠴᠢᠭᠯᠡᠪᠡ᠃ | ᠤᠷᠢᠳᠤᠬᠢ ᠶᠢ ᠵᠠᠯᠭᠠᠮᠵᠢᠯᠠᠨ ᠬᠤᠶᠢᠨᠠᠬᠢ ᠶᠢ ᠰᠡᠩᠭᠡᠷᠡᠭᠦᠯᠵᠣ ᠪᠦᠬᠦ ᠲᠠᠯ᠎ᠠ ᠪᠠᠷ ᠳᠠᠶᠢᠴᠢᠯᠠᠬᠤ ᠶᠢ | ᠴᠢᠬᠤᠯᠴᠢᠯᠠᠪᠠ᠃ | ︽ᠴᠢᠩᠱᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ | ᠠᠵᠢᠯ ᠤᠨ ᠲᠥᠰᠦᠯ︾ ᠤᠨ ᠪᠣᠳᠠᠲᠠᠶ ᠱᠠᠭᠠᠷᠳᠠᠯᠭ᠎ᠠ ᠶᠣᠰᠣᠭᠠᠷ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠬᠢᠨ | ᠲᠡᠷᠡ ᠳᠠᠷᠤᠶ ᠳᠤᠨᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠤᠷᠤᠯᠴᠠᠬᠤ ᠠᠭᠤᠯᠭ᠎ᠠ᠂ | ᠠᠵᠢᠯᠯᠠᠭ᠎ᠠ ᠶᠢᠨ ᠬᠡᠯᠪᠡᠷᠢ᠂ ᠬᠡᠷᠡᠭᠵᠢᠭᠦᠯᠬᠦ ᠠᠯᠬᠤᠮ ᠳᠠᠷᠠᠭ᠎ᠠ ᠵᠡᠷᠭᠡ ᠲᠠᠯ᠎ᠠ ᠪᠠᠷ ᠨᠠᠷᠢᠨ ᠨᠢᠮᠪᠠᠶ ᠪᠠᠶᠢᠷᠢᠯᠠᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠨᠠᠷᠢᠨ | ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠲᠠᠯ᠎ᠠ ᠪᠠᠷ ᠳᠠᠶᠢᠴᠢᠯᠠᠬᠤ᠂ ᠪᠥᠬᠦ ᠬᠦᠴᠦᠨ ᠢᠶᠠᠷ ᠢᠶᠠᠨ | ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠪᠠ᠃ ︽ᠨᠢᠭᠡ ᠥᠷᠳᠡᠭᠡᠴᠢᠯᠡᠭᠰᠡᠨ ᠮᠠᠶ᠋ᠢᠭ︾ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠ ︽ᠤᠯᠠᠭᠠᠨ ᠠᠨᠠᠷ ᠤᠨ ᠶᠡᠷᠦᠩᠬᠡᠶᠢᠯᠡᠭᠰᠡᠨ ᠰᠠᠶᠢᠨ ᠳᠤᠷ᠎ᠠ ᠶᠢᠨ | ᠦᠢᠯᠡᠴᠢᠯᠡᠭᠡᠨ ᠤ ᠥᠷᠲᠡᠭᠡ︾᠂ ︽ᠬᠠᠤᠯᠢ ᠴᠠᠭᠠᠵᠠ ᠶᠢᠨ ᠠᠵᠢᠯ ᠤᠨ ᠲᠠᠰᠤᠭ︾ ᠲᠤ ᠲᠦᠰᠢᠭᠯᠡᠨ᠂ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠠᠵᠢᠯ ᠣᠯᠭᠤᠯᠲᠠ ᠶᠢᠨ | ᠪᠣᠯᠪᠠᠰᠤᠷᠠᠭᠤᠯᠤᠯ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠵᠡᠷᠭᠡ ᠳᠥᠭᠦᠮ ᠳᠥᠲᠡ ᠦᠢᠯᠡᠴᠢᠯᠡᠭᠡ ᠶᠢ 10 | ᠭᠠᠷᠣᠢ ᠣᠳᠠᠭ᠎ᠠ ᠬᠠᠩᠭᠠᠵᠤ᠂ 230 ᠬᠥᠮᠦᠨ ᠠᠰᠢᠭ ᠭᠥᠷᠳᠡᠵᠦ᠂ ᠬᠠᠷᠢᠯᠴᠠᠨ ᠬᠠᠪᠰᠤᠷᠤᠯᠴᠠᠬᠤ ᠭᠦᠨ ᠵᠤᠵᠠᠭᠠᠨ | ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠪᠠ᠃ | ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ ᠭᠤᠣᠯ ᠰᠡᠳᠦᠪ ᠭᠤᠣᠯ ᠰᠢᠵᠢᠮ ᠢ | ᠥᠢᠯᠡᠳᠥᠯᠭᠡᠵᠢᠬᠦᠯᠪᠠ᠃ ᠭᠤᠣᠯ ᠰᠡᠳᠦᠪᠲᠦ ᠨᠠᠮ ᠤᠨ ᠡᠳᠦᠷᠯᠢᠭ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ | ᠬᠡᠯᠪᠡᠷᠢ ᠪᠠᠷ ᠳᠠᠮᠵᠢᠭᠤᠯᠤᠨ᠂ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠤᠨ ᠶᠡᠷᠦᠩᠬᠡᠶ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠰᠤᠷᠤᠯᠴᠠᠯᠭ᠎ᠠ | ᠬᠥᠮᠦᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠲᠤᠰᠬᠠᠶ | ᠰᠡᠳᠦᠪᠲᠦ ᠠᠵᠢᠯᠯᠠᠭ᠎ᠠ ᠶᠢ 4 ᠤᠳᠠᠭ᠎ᠠ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠲᠡᠨ ᠤ | ᠣᠨᠣᠯ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠶᠢ ᠦᠨᠡᠨ ᠬᠦ ᠪᠠᠲᠤᠯᠠᠪᠠ︔ | ᠬᠠᠷᠢᠶ᠎ᠠ ᠣᠷᠣᠨ ᠤ ᠬᠠᠮᠲᠤ ᠪᠠᠷ ᠪᠠᠶᠢᠭᠤᠯᠬᠤ ᠨᠢᠬᠡᠴᠢ ᠲᠠᠢ ᠢᠳᠡᠪᠬᠢᠲᠡᠶ ᠬᠠᠷᠢᠯᠴᠠᠵᠤ ︽ᠲᠥᠪ ᠤᠨ ᠦᠨᠳᠦᠰᠦᠲᠡᠨ ᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠬᠤ ᠬᠠᠪᠰᠤᠷᠤᠨ ᠵᠢᠯᠣᠭᠤᠳᠬᠤ ᠤᠩᠰᠢᠬᠤ ᠪᠢᠴᠢᠭ︾ ᠵᠢᠴᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠰᠢᠷᠢᠰ ᠪᠢᠴᠢᠯ ᠨᠠᠮ ᠤᠨ | ᠬᠢᠴᠢᠶᠡᠯ ᠤᠨ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠲᠠᠯᠠᠪᠠᠢ ᠳᠤ 300 ᠭᠠᠷᠤᠢ ᠬᠤᠪᠢ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ︔ ᠲᠦᠷᠪᠡᠨ ᠨᠡᠶᠢᠭᠡᠮ ᠲᠣᠭᠤᠷᠢᠭ ᠲᠤ ︽ᠲᠥᠪ ᠤᠨ | ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠬᠤ ᠬᠠᠪᠰᠤᠷᠤᠨ ᠵᠢᠯᠣᠭᠤᠳᠬᠤ | ᠤᠩᠰᠢᠬᠤ ᠪᠢᠴᠢᠭ︾ ᠤᠨ ᠣᠩᠰᠢᠯᠭ᠎ᠠ ᠶᠢᠨ ᠪᠣᠯᠣᠩ ᠢ ᠪᠠᠶᠢᠭᠤᠯᠵᠣ᠂ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠡᠷᠬᠡ ᠰᠦᠷᠲᠦ ᠴᠢᠨᠠᠷᠲᠠᠢ ︽ᠲᠣᠯᠢ ᠪᠢᠴᠢᠭ︾᠂ ︽ᠯᠠᠪᠯᠠᠯᠲᠠ ᠶᠢᠨ ᠪᠢᠴᠢᠭ︾ | ᠪᠣᠯᠤᠭᠰᠠᠨ ᠤ ᠬᠤᠪᠢ ᠳᠤ ᠦᠨᠳᠦᠰᠦᠲᠡᠨ ᠨᠦᠭᠦᠳ ᠤᠨ ᠨᠠᠮ ᠤᠨ ᠭᠡᠰᠢᠭᠦᠨ ᠤᠯᠠᠨ ᠲᠦᠮᠡᠨ ᠤ ᠣᠩᠰᠢᠯᠭ᠎ᠠ ᠳᠤ | ᠬᠠᠩᠭᠠᠵᠣ᠂ ᠦᠨᠳᠦᠰᠦᠲᠡᠨ ᠨᠦᠭᠦᠳ ᠤᠨ ᠨᠠᠮ ᠤᠨ ᠭᠡᠰᠢᠭᠦᠨ ᠤᠯᠠᠨ ᠲᠦᠮᠡᠨ ᠤ ᠤᠬᠠᠮᠰᠠᠷ ᠠᠴᠠ ᠪᠠᠨ | ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ | ᠴᠢᠩᠭᠠᠳᠬᠠᠬᠤ ᠶᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠪᠠ᠃ | ᠰᠣᠶᠣᠯ ᠤᠨ ᠲᠠᠨᠢᠯᠳᠠ ᠪᠠᠨ ᠥᠷᠭᠡᠳᠭᠡᠵᠣ᠂ ᠣᠬᠠᠭᠤᠯᠭ᠎ᠠ ᠶᠢᠨ ᠠᠭᠤᠯᠬᠤᠨ ᠢᠶᠠᠨ ᠪᠠᠶᠠᠯᠢᠭᠵᠢᠭᠤᠯᠪᠠ᠃ | ︽ᠳ᠋ᠣᠣ ᠵᠥᠩ ᠬᠤᠸᠠ︾ ᠣᠯᠠᠨ ᠨᠡᠶᠢᠲᠡ ᠶᠢᠨ ᠳ᠋ᠤᠭᠠᠷ ᠢ ᠢᠳᠡᠪᠬᠢᠲᠡᠶ ᠤᠬᠠᠭᠤᠯᠤᠨ ᠳᠡᠯᠭᠡᠷᠡᠭᠦᠯᠵᠦ᠂ ︽ᠳ᠋ᠣᠣ ᠵᠥᠩ | ᠬᠤᠸᠠ︾ ᠪᠤᠯᠤᠩ ᠤᠨ ᠰᠤᠷᠤᠯᠴᠠᠯᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠥᠢᠴᠡᠳ ᠤᠬᠠᠭᠤᠯᠬᠤ ᠪᠠ | ᠲᠠᠨᠢᠭᠤᠯᠵᠣ᠂ ᠠᠵᠢᠯ ᠤᠨ ᠴᠣᠭᠯᠠᠷᠠᠯ ᠢᠶᠠᠷ ︽ᠳ᠋ᠣᠣ ᠵᠥᠩ ᠬᠤᠸᠠ︾ ᠶᠢ ᠸᠢᠴᠠᠲ ᠤᠨ ᠨᠡᠶᠢᠲᠡ ᠶᠢᠨ ᠳ᠋ᠤᠭᠠᠷ ᠢᠶᠠᠷ | ᠤᠬᠠᠭᠤᠯᠤᠨ ᠲᠡᠯᠭᠡᠷᠡᠭᠦᠯᠬᠦ ᠶᠢ ᠪᠠᠶᠢᠷᠢᠯᠠᠭᠤᠯᠵᠣ᠂ ᠰᠥᠯᠵᠢᠶᠡᠨ ᠲᠡᠭᠡᠷ᠎ᠡ ᠰᠥᠯᠵᠢᠶᠡᠨ ᠭᠠᠳᠠᠨ᠎ᠠ ᠵᠡᠷᠭᠡᠪᠡᠷ ᠥᠷᠨᠢᠬᠦᠯᠵᠣ᠂ | ᠰᠥᠯᠵᠢᠶᠡᠨ ᠲᠡᠭᠡᠷ᠎ᠡ ︽ᠠᠷᠠᠳ ᠲᠤ ᠥᠢᠯᠡᠴᠢᠯᠡᠬᠦ ᠬᠤᠰᠢᠭᠤᠴᠢ︾ ᠸᠢᠴᠠᠲ ᠤᠨ ᠨᠡᠶᠢᠲᠡ ᠶᠢᠨ ᠳ᠋ᠤᠭᠠᠷ ᠢᠶᠠᠷ | ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠪᠣᠯᠭᠠᠵᠤ᠂ ᠪᠥᠬᠦ ᠵᠡᠭᠡᠯᠢ ᠭᠤᠳᠤᠮᠵᠢ ᠶᠢᠨ ᠦᠨᠳᠦᠰᠦᠲᠡᠨ ᠨᠦᠭᠦᠳ ᠤᠨ | ᠺᠠᠳ᠋ᠷ ᠣᠯᠠᠨ ᠲᠦᠮᠡᠨ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ︽ᠳ᠋ᠣᠣ ᠵᠥᠩ ᠬᠤᠸᠠ︾ ᠶᠢᠨ ᠸᠢᠴᠠᠲ ᠤᠨ | ᠨᠡᠶᠢᠲᠡ ᠶᠢᠨ ᠳ᠋ᠤᠭᠠᠷ ᠢ ᠬᠡᠷᠡᠭᠯᠡᠬᠦ ᠶᠢ ᠤᠷᠢᠶᠠᠯᠠᠪᠠ︔ ᠰᠦᠯᠵᠢᠶᠡᠨ ᠭᠠᠳᠠᠨ᠎ᠠ᠂ ᠡᠷᠦᠬᠡ ᠳᠤ ᠣᠷᠣᠵᠤ ᠪᠠᠶᠢᠳᠠᠯ ᠢ | ᠣᠶᠢᠯᠠᠭᠠᠬᠤ ᠠᠵᠢᠯ ᠲᠠᠢ ᠤᠶᠠᠯᠳᠤᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ︽ᠳ᠋ᠣᠣ ᠵᠥᠩ | ᠬᠤᠸᠠ︾ ᠨᠡᠶᠢᠲᠡ ᠶᠢᠨ ᠳ᠋ᠤᠭᠠᠷ ᠢ ᠲᠠᠨᠢᠯᠴᠠᠭᠤᠯᠬᠤ ᠶᠢᠨ ᠬᠠᠮᠲᠤ ᠦᠨᠳᠦᠰᠦᠲᠡᠨ ᠨᠦᠭᠦᠳ ᠤᠨ ᠣᠯᠠᠨ ᠲᠦᠮᠡᠨ ᠢ | ᠬᠠᠪᠰᠤᠷᠤᠨ ᠵᠢᠯᠣᠭᠤᠳᠴᠤ᠂ ︽ᠳ᠋ᠣᠣ ᠵᠥᠩ ᠬᠤᠸᠠ︾ ᠶᠢᠨ ᠪᠤᠯᠤᠩ ᠤᠨ ᠤᠯᠠᠮᠵᠢᠯᠠᠬᠤ ᠬᠦᠴᠦᠨ ᠪᠠ ᠨᠥᠯᠥᠭᠡᠯᠡᠬᠦ | ᠬᠦᠴᠦᠨ ᠢ ᠲᠠᠰᠤᠷᠠᠯᠲᠠ ᠥᠬᠡᠶ ᠥᠷᠭᠡᠳᠬᠡᠨ᠂ ᠳᠤᠮᠳᠠᠳᠤ ᠶᠢᠨ ᠰᠣᠶᠣᠯ ᠢ ᠢᠳᠡᠪᠬᠢᠲᠡᠶ ᠤᠯᠠᠮᠵᠢᠯᠠᠵᠤ᠂ ᠴᠢᠩᠱᠠᠨ ᠤ | ᠥᠯᠢᠭᠡᠷ ᠢ ᠰᠠᠶᠢᠲᠤᠷ ᠶᠠᠷᠢᠵᠤ᠂ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃ ᠴᠧᠨ | ᠸᠧᠨ ᠰᠢᠤᠸᠠᠢ ᠶᠢᠨ ᠠᠵᠢᠯᠯᠠᠬᠤ ᠲᠠᠰᠤᠭ᠂ ᠴᠡᠷᠢᠭ ᠤᠨ ᠠᠵᠢᠯᠴᠢᠨ ᠤ ᠪᠢᠴᠢᠯ ᠦᠵᠡᠭᠦᠯᠦᠯᠭᠡ ᠶᠢᠨ ᠲᠢᠩᠬᠢᠮ ᠵᠡᠷᠭᠡ | ᠠᠴᠢᠶᠠᠯᠠᠪᠤᠷᠢ ᠶᠢ ᠭᠥᠢᠴᠡᠳ ᠠᠰᠢᠭᠯᠠᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠵᠣᠬᠢᠶᠠᠨ ᠪᠠᠶᠢᠭᠤᠯᠵᠤ | ᠨᠠᠮ ᠤᠨ ᠭᠡᠰᠢᠭᠦᠨ ᠤ ᠰᠤᠷᠤᠯᠴᠠᠯᠭ᠎ᠠ᠂ ᠰᠤᠷᠤᠯᠴᠠᠯᠭ᠎ᠠ ᠶᠢ ᠡᠷᠥᠭᠡ ᠳᠤ ᠬᠦᠷᠭᠡᠬᠦ᠂ ᠠᠷᠠᠳ ᠣᠯᠠᠨ ᠤ ᠬᠢᠴᠢᠶᠡᠯ ᠤᠨ | ᠲᠠᠩᠬᠢᠮ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠭᠤᠤᠯ ᠰᠡᠳᠦᠪᠲᠦ ᠠᠵᠢᠯᠯᠠᠭ᠎ᠠ ᠶᠢ 8 | ᠲᠠᠯᠠᠪᠤᠷ ᠥᠷᠨᠢᠭᠦᠯᠵᠦ᠂ 500 ᠭᠠᠷᠤᠶ ᠰᠠᠭᠤᠭᠠᠯᠢ ᠠᠷᠠᠳ ᠠᠰᠢᠭ ᠭᠥᠷᠳᠠᠵᠣ᠂ ᠸᠢᠴᠠᠲ ᠤᠨ ᠬᠤᠯᠪᠤᠭ᠎ᠠ ᠳᠤ | ᠲᠦᠰᠢᠭᠯᠡᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠣᠨᠣᠯ ᠢ 24 ᠬᠤᠪᠢ ᠤᠳᠠᠭ᠎ᠠ ᠳᠠᠮᠵᠢᠭᠤᠯᠤᠨ | ᠲᠠᠷᠬᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠶᠢ ᠤᠯᠠᠮ | ᠨᠢᠭᠡ ᠠᠯᠬᠤᠮ ᠠᠬᠢᠭᠤᠯᠪᠠ᠃ | ᠠᠨᠠᠷ ᠤᠨ ᠵᠣᠷᠢᠭ ᠰᠠᠨᠠᠭ᠎ᠠ ᠶᠢ ᠪᠠᠲᠤ ᠴᠣᠭᠴᠠᠯᠠᠵᠣ ᠭᠥᠷᠰᠢ ᠵᠡᠷᠭᠡᠯᠡᠳᠡᠭᠡ ᠶᠢᠨ ᠡᠶᠡᠯᠰᠡᠭ ᠢ ᠮᠠᠳᠡᠷᠡᠭᠦᠯᠪᠠ᠃ | ︽ᠡᠶ᠎ᠡ ᠨᠠᠶᠢᠷᠠᠮᠳᠠᠭᠤ ᠬᠥᠷᠰᠢ ᠵᠡᠷᠭᠡᠯᠡᠳᠡᠭᠡ ᠶᠢᠨ ᠪᠠᠶᠠᠷ----- ᠬᠥᠷᠰᠢ ᠵᠡᠷᠭᠡᠯᠡᠳᠡᠭᠡ ᠶᠢᠨ ᠬᠤᠯᠪᠣᠭᠠᠰᠣ︾ ᠶᠢᠨ | ᠵᠤᠭᠠᠴᠠᠯ ᠤᠨ ᠴᠤᠭᠯᠠᠭᠠᠨ ᠵᠢᠴᠢ ᠨᠠᠢᠮᠠᠨ ᠰᠠᠷ᠎ᠠ ᠶᠢᠨ ᠲᠡᠷᠭᠡᠯ ᠪᠠᠶᠠᠷ ᠢ ᠪᠡᠯᠭᠡᠯᠡᠬᠦ᠂ ᠤᠯᠤᠰ ᠤᠨ ᠪᠠᠶᠠᠷ ᠢ ᠤᠭᠲᠤᠬᠤ᠂ | ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠮᠡᠳᠣ ᠲᠣᠳᠣᠨᠣᠰᠤᠭ ︽ᠲᠠᠪᠣᠨ ᠬᠥᠷᠰᠢ ᠵᠡᠷᠭᠡᠯᠡᠳᠡᠭᠡ ᠶᠢᠨ | ᠵᠢᠷᠭᠤᠭ᠎ᠠ ᠶᠢ ᠰᠣᠨᠢᠷᠬᠠᠬᠤ︾ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠠᠭᠤᠯᠤᠭᠳᠠᠬᠤᠨ ᠢᠶᠠᠨ ᠭᠦᠨᠵᠡᠭᠡᠶᠢᠷᠡᠭᠦᠯᠵᠦ᠂ ᠬᠡᠯᠪᠡᠷᠢ ᠪᠠᠨ ᠪᠠᠶᠠᠯᠢᠭᠵᠢᠭᠤᠯᠵᠤ᠂ ᠠᠷᠭ᠎ᠠ ᠶᠢᠨ ᠰᠢᠨ᠎ᠡ ᠶᠢ ᠡᠭᠦᠳᠴᠣ᠂ | ᠬᠥᠷᠰᠢ ᠵᠡᠷᠭᠡᠯᠡᠳᠡᠭᠡ ᠶᠢᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠬᠥᠷᠰᠢ ᠵᠡᠷᠭᠡᠯᠡᠳᠡᠭᠡ ᠶᠢᠨ ᠡᠶ᠎ᠡ | ᠵᠣᠬᠢᠴᠠᠩᠭᠤᠢ ᠶᠢ ᠠᠬᠢᠭᠤᠯᠪᠠ᠃ ᠬᠤᠰᠢᠭᠤᠴᠢ ᠵᠠᠮ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠭᠠᠵᠠᠷ ᠲᠠᠢ ᠬᠠᠮᠲᠤᠷᠠᠨ᠂ ᠤᠮᠠᠷᠠᠲᠤ ᠶᠢᠨ ᠬᠦᠨᠳᠦ ᠠᠵᠣ ᠥᠢᠯᠡᠳᠪᠣᠷᠢ ᠶᠢᠨ ᠲᠥᠷᠪᠡᠳᠣᠭᠡᠷ ᠪᠠᠭ᠎ᠠ ᠰᠤᠷᠭᠠᠭᠤᠯᠢ ᠳᠤ | ᠬᠦᠷᠴᠦ ︽ᠠᠨᠠᠷ ᠤᠨ ᠦᠷ᠎ᠡ ᠤᠨ ᠬᠥᠮᠦᠨ ᠢ ᠬᠥᠮᠦᠵᠢᠭᠦᠯᠬᠦ ᠵᠢᠵᠢᠭ ᠬᠢᠴᠢᠶᠡᠯ ᠤᠨ ᠲᠠᠩᠬᠢᠮ︾ ᠳᠤ ᠢᠳᠡᠭᠡᠨ ᠤ ᠠᠮᠤᠷ | ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ | ᠪᠠᠲᠤᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠳᠤ ᠬᠦᠴᠦᠨ | ᠨᠡᠮᠡᠷᠢᠯᠡᠪᠡ᠃ ᠡᠯ᠎ᠡ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ ︽ᠠᠨᠠᠷ ᠤᠨ ᠴᠡᠴᠡᠭ ᠳᠡᠯᠭᠡᠷᠡᠵᠦ ᠦᠷ᠎ᠡ | ᠪᠦᠬᠦᠨ ᠨᠢ ᠰᠡᠳᠬᠢᠯ ᠨᠢᠭᠡᠳᠦᠨ ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠦᠨ ᠮᠡᠲᠦ ᠲᠣᠳᠣᠨᠣᠰᠤᠭ︾ | ︽ᠤᠷᠲᠤ ᠰᠢᠷᠡᠭᠡᠨ ᠤ ᠲᠠᠶᠢᠯᠠᠯᠭ᠎ᠠ ᠳᠤ ᠴᠣᠭᠯᠠᠷᠠᠵᠣ ᠡᠶ᠎ᠡ ᠨᠠᠶᠢᠷᠠᠮᠳᠠᠭᠤ ᠬᠥᠷᠰᠢ ᠵᠡᠷᠭᠡᠯᠡᠳᠡᠭᠡ ᠶᠢᠨ ᠬᠠᠶᠢᠷ᠎ᠠ | ᠰᠡᠳᠬᠢᠯᠭᠡ ᠶᠢᠨ ᠬᠠᠮᠲᠤ ᠶᠢᠨ ᠶᠠᠷᠢᠯᠴᠠᠭ᠎ᠠ︾ ︽ᠤᠷᠠᠨ ᠭᠠᠷ ᠤᠨ ᠶᠧᠪᠡᠩ ᠢᠶᠠᠷ ᠨᠠᠢᠮᠠᠨ ᠰᠠᠷ᠎ᠠ ᠶᠢᠨ ᠲᠡᠷᠭᠡᠯ ᠪᠠᠶᠠᠷ ᠢ | ᠤᠭᠲᠤᠵᠤ ᠰᠡᠳᠬᠢᠯ ᠨᠢᠭᠡᠳᠦᠨ ᠦᠨᠳᠦᠰᠦᠲᠡᠨ ᠤ ᠬᠠᠶᠢᠷ᠎ᠠ ᠰᠡᠳᠬᠢᠯᠭᠡ ᠶᠢᠨ ᠬᠠᠮᠲᠤ ᠶᠢᠨ ᠵᠣᠭᠤᠭ︾ ᠵᠡᠷᠭᠡ ᠨᠠᠢᠮᠠᠨ | ᠰᠠᠷ᠎ᠠ ᠶᠢᠨ ᠲᠡᠷᠭᠡᠯ ᠪᠠᠶᠠᠷ ᠢ ᠪᠡᠯᠭᠡᠯᠡᠵᠦ ᠤᠯᠤᠰ ᠤᠨ ᠪᠠᠶᠠᠷ ᠢ ᠤᠭᠲᠤᠬᠤ ᠭᠤᠣᠯ ᠰᠡᠳᠦᠪᠲᠦ ᠠᠵᠢᠯᠯᠠᠭ᠎ᠠ ᠶᠢ | ᠢᠳᠡᠪᠬᠢᠲᠡᠢ ᠥᠷᠨᠢᠭᠦᠯᠪᠡ᠃ ︽ᠠᠨᠠᠷ ᠤᠨ ᠦᠷ᠎ᠡ︾ ᠬᠤᠰᠢᠭᠤᠴᠢ ᠵᠠᠮ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠲᠠᠶᠢᠴᠢᠯᠠᠵᠣ ᠪᠣᠳᠠᠰ ᠤᠨ ᠪᠤᠰᠤ | ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠮᠡᠳᠡᠷᠡᠬᠦ᠂ ᠥᠪᠡᠷ ᠢᠶᠠᠨ ᠠᠮᠲᠠᠲᠤ ᠶᠧᠪᠡᠩ | ᠬᠢᠬᠦ ᠵᠡᠷᠭᠡ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠤ ᠪᠥᠯᠭᠦᠮᠳᠡᠯ ᠨᠢᠭᠡ ᠬᠡᠷ ᠪᠦᠯᠢ ᠤᠨ ᠬᠥᠮᠥᠨ ᠮᠡᠲᠦ | ᠳᠣᠲᠣᠨᠣ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠪᠠ᠃ | |