ᠳ᠋ᠢᠩ ᠺᠠᠢ ᠲᠤᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠲᠤ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ
ᠨᠡᠶᠢᠲᠡᠯᠡᠭᠰᠡᠨ ᠴᠠᠭ᠄
2023/10/30
      10 ᠰᠠᠷ᠎ᠠ ᠶᠢᠨ 27᠎ ᠤ ᠦᠳᠡ ᠶᠢᠨ ᠡᠮᠦᠨ᠎ᠡ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ᠂ ᠲᠤᠭᠤᠷᠢᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠳ᠋ᠢᠩ ᠺᠠᠢ ︽ᠵᠥᠪ ᠣᠨᠣᠪᠴᠢᠲᠠᠢ ᠵᠠᠰᠠᠭ ᠤᠨ ᠠᠵᠢᠯ ᠤᠨ ᠠᠮᠵᠢᠯᠲᠠ ᠶᠢᠨ ᠦᠵᠡᠯᠲᠡ ᠪᠠᠷ ᠠᠵᠢᠯ ᠬᠢᠵᠦ ᠦᠢᠯᠡᠰ ᠪᠣᠰᠬᠠᠬᠤ ᠶᠢ ᠬᠥᠲᠥᠯᠥᠨ ᠳᠠᠭᠠᠭᠤᠯᠵᠤ᠂ ᠨᠠᠮ ᠪᠠ ᠠᠷᠠᠳ ᠲᠦᠮᠡᠨ ᠳᠤ ᠦᠨᠡᠨᠴᠢ ᠨᠠᠶᠢᠳᠠᠪᠤᠷᠢᠲᠠᠢ ᠡᠪ ᠬᠠᠮᠲᠤ ᠨᠠᠮ ᠤᠨ ᠭᠡᠰᠢᠭᠦᠨ ᠪᠣᠯᠬᠤ ᠪᠠᠷ ᠴᠢᠷᠮᠠᠶᠢᠵᠤ᠂ ᠰᠢᠨ᠎ᠡ ᠴᠠᠭ ᠦᠶ᠎ᠡ ᠳᠤ ᠠᠵᠢᠯ ᠤᠨ ᠪᠠᠶᠢᠷᠢ ᠳᠠᠭᠠᠨ ᠣᠰᠣᠯᠳᠠᠬᠤ ᠦᠭᠡᠢ ᠠᠷᠠᠳ ᠲᠦᠮᠡᠨ ᠳᠡᠭᠡᠨ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ᠂ ᠪᠦᠬᠦ ᠲᠤᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠲᠤ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ ᠎ ᠢ ᠡᠷᠭᠢᠯᠡᠪᠡ᠃      ᠳ᠋ᠢᠩ ᠺᠠᠢ᠂ ᠵᠠᠰᠠᠭ ᠤᠨ ᠠᠵᠢᠯ ᠤᠨ ᠪᠦᠲᠦᠮᠵᠢ ᠎ ᠶᠢᠨ ᠲᠤᠬᠠᠢ ᠵᠥᠪ ᠦᠵᠡᠯᠲᠡ ᠎ ᠶᠢ ᠪᠠᠲᠤ ᠪᠤᠶ ᠪᠣᠯᠭᠠᠨ ᠦᠢᠯᠡᠳᠦᠯᠭᠡᠵᠢᠭᠦᠯᠬᠦ ᠪᠣᠯ ᠮᠠᠨ ᠤ ᠨᠠᠮ ᠠᠴᠠ ᠤᠳᠤᠷᠢᠳᠬᠤ ᠺᠠᠳ᠋ᠷᠴᠤᠳ ᠲᠤ ᠲᠠᠯᠪᠢᠭᠰᠠᠭᠠᠷ ᠢᠷᠡᠭᠰᠡᠨ ᠢᠮᠠᠭᠲᠠ ᠎ ᠶᠢᠨ ᠱᠠᠭᠠᠷᠳᠠᠯᠭ᠎ᠠ ᠮᠥᠨ᠃ ᠵᠥᠪ ᠵᠠᠰᠠᠭ ᠤᠨ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ ᠳᠤ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠡᠨᠡᠬᠦ ᠴᠢᠬᠤᠯᠠ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ  ᠪᠠ ᠲᠡᠭᠦᠨ ᠳᠤ ᠲᠤᠤᠱᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠡᠵᠡᠮᠰᠢᠬᠦ ᠬᠡᠷᠡᠭᠲᠡᠢ᠃ ᠵᠠᠰᠠᠭ ᠤᠨ ᠠᠵᠢᠯ ᠤᠨ ᠠᠮᠵᠢᠯᠲᠠ ᠠᠴᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠠᠵᠢᠭᠯᠠᠬᠤ ᠶᠢ ᠪᠠᠷᠢᠮᠲᠠᠯᠠᠵᠤ᠂ ︽ᠵᠠᠰᠠᠭ ᠤᠨ ᠠᠵᠢᠯ ᠤᠨ ᠠᠮᠵᠢᠯᠲᠠ ᠶᠢ ᠬᠡᠨ ᠤ ᠲᠥᠯᠥᠭᠡ ᠪᠤᠢ ᠪᠣᠯᠭᠠᠬᠤ︾ ᠦᠨᠳᠦᠰᠦᠨ ᠵᠣᠭᠰᠣᠯᠲᠠ ᠶᠢ ᠣᠨᠣᠪᠴᠢᠲᠠᠢ ᠡᠵᠡᠮᠰᠢᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠠᠴᠠ ︽ᠬᠡᠨ ᠤ ᠲᠥᠯᠥᠭᠡ ᠪᠠᠶᠢᠬᠤ᠂ ᠬᠡᠨ ᠢ ᠲᠦᠰᠢᠭᠯᠡᠬᠦ᠂ ᠪᠢ ᠬᠡᠨ ᠪᠤᠢ︾ ᠭᠡᠬᠦ ᠭᠦᠨ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠤᠬᠠᠮᠰᠠᠷ ᠠᠴᠠ ᠪᠠᠨ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠠᠵᠢᠯ ᠤᠨ ᠡᠯ᠎ᠡ ᠬᠦᠷᠢᠶᠡᠨ ᠤ ᠪᠦᠬᠦ ᠶᠠᠪᠤᠴᠠ ᠳᠤ ᠲᠤᠤᠱᠯᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃      ᠳ᠋ᠢᠩ ᠺᠠᠢ᠂ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠣᠶ ᠪᠣᠯᠭᠠᠬᠤ ᠪᠠ ᠦᠢᠯᠡᠳᠦᠯᠭᠡᠵᠢᠭᠦᠯᠬᠦ ᠳᠤ ᠡᠷᠬᠡᠪᠰᠢ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠪᠠᠷ ᠣᠷᠣᠰᠢᠨ ᠲᠣᠭᠲᠠᠨᠢᠵᠤ ᠠᠳᠠᠯ ᠦᠢᠯᠡᠰ ᠴᠣᠭᠴᠠᠯᠠᠬᠤ ᠶᠢᠨ ᠦᠨᠳᠦᠰᠦ ᠪᠣᠯᠭᠠᠵᠤ᠂ ᠦᠵᠡᠯ ᠰᠠᠨᠠᠭᠠᠨ ᠤ ᠳᠠᠪᠲᠠᠯᠲᠠ᠂ ᠤᠯᠤᠰ ᠲᠥᠷᠥ ᠶᠢᠨ ᠳᠠᠪᠲᠠᠯᠲᠠ ᠪᠠ ᠦᠢᠯᠡᠳᠦᠯᠭᠡ ᠶᠢᠨ ᠳᠠᠪᠲᠠᠯᠲᠠ ᠶᠢ ᠣᠷᠳᠣ ᠬᠤᠭᠤᠴᠠᠭ᠎ᠠ ᠪᠠᠷ ᠪᠠᠷᠢᠮᠲᠠᠯᠠᠨ ᠴᠢᠩᠭᠠᠳᠬᠠᠵᠤ᠂ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠥᠷᠲᠡᠭ ᠤᠨ ᠦᠵᠡᠯᠲᠡ ᠪᠠᠷ ᠡᠷᠬᠡ ᠶᠢᠨ ᠲᠤᠬᠠᠢ ᠵᠥᠪ ᠦᠵᠡᠯᠲᠡ᠂ ᠠᠵᠢᠯ ᠤᠨ ᠪᠦᠲᠦᠮᠵᠢ ᠶᠢᠨ ᠲᠤᠬᠠᠢ ᠦᠵᠡᠯᠲᠡ᠂ ᠠᠵᠢᠯ ᠦᠢᠯᠡᠰ ᠤᠨ ᠲᠤᠬᠠᠢ ᠦᠵᠡᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ᠃ ᠠᠷᠠᠳ ᠲᠦᠮᠡᠨ ᠳᠤ ᠪᠤᠶᠠᠨ ᠦᠢᠯᠡᠳᠬᠦ ᠶᠢ ᠦᠨᠳᠦᠰᠦᠨ ᠦᠷᠳᠡᠭ ᠤᠨ ᠬᠥᠭᠡᠭᠡᠴᠡᠯᠳᠦᠯ ᠪᠣᠯᠭᠠᠵᠤ᠂ ᠢᠮᠠᠭᠲᠠ ᠠᠷᠠᠳ ᠤᠯᠠᠨ ᠤ ᠬᠠᠨᠤᠮᠵᠢᠲᠠᠢ ᠪᠠᠶᠢᠬᠤ ᠡᠰᠡᠬᠦ ᠪᠠᠷ ᠠᠵᠢᠯ ᠢᠶᠠᠨ ᠬᠡᠮᠵᠢᠬᠦ ᠨᠢᠭᠡᠳᠦᠭᠡᠷ ᠪᠠᠷᠢᠮᠵᠢᠶ᠎ᠠ ᠪᠣᠯᠭᠠᠵᠤ᠂ ᠡᠯ᠎ᠡ ᠵᠦᠢᠯ ᠤᠨ ᠰᠠᠶᠢᠨ ᠶᠠᠪᠤᠳᠠᠯ ᠢ ᠦᠨᠡᠨᠬᠦ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠦᠨᠡᠨᠬᠦ ᠪᠣᠳᠠᠲᠠᠢ ᠬᠢᠬᠦ ᠶᠢ ᠪᠠᠲᠤᠯᠠᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠬᠥᠭᠵᠢᠯᠲᠡ  ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠣᠳᠣᠬᠠᠨ ᠤ ᠪᠠ ᠠᠯᠤᠰ ᠬᠡᠳᠦ ᠶᠢ ᠬᠠᠮᠲᠤ ᠳᠤᠨᠢ ᠬᠠᠷᠠᠭᠠᠯᠵᠠᠵᠤ᠂ ᠵᠢᠮ᠎ᠡ ᠶᠣᠰᠣ  ᠪᠠ ᠪᠤᠰᠤᠳᠴᠢ ᠪᠣᠳᠠᠲᠤ ᠪᠠᠶᠢᠳᠠᠯ ᠢ ᠵᠢᠷᠤᠮᠯᠠᠬᠤ ᠬᠡᠷᠡᠭᠲᠡᠢ ᠭᠡᠵᠤ ᠱᠠᠭᠠᠡᠳᠠᠭᠰᠠᠨ ᠪᠠᠶᠢᠨ᠎ᠠ᠃      ᠳ᠋ᠢᠩ ᠺᠠᠢ᠂ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠣᠶ ᠪᠣᠯᠭᠠᠬᠤ ᠪᠠ ᠦᠢᠯᠡᠳᠦᠯᠭᠡᠵᠢᠭᠦᠯᠬᠦ ᠳᠤ ᠡᠷᠬᠡᠪᠰᠢ ︽ᠲᠡᠮᠡᠴᠡᠬᠦ︾ ᠵᠣᠷᠢᠭ ᠰᠠᠨᠠᠭ᠎ᠠ᠂ ︽ᠪᠣᠳᠠᠲᠠᠢ︾ ᠡᠷᠴᠢ ᠵᠣᠷᠢᠭ᠂ ︽ᠵᠣᠷᠢᠭᠲᠠᠢ︾ ᠬᠠᠷᠢᠭᠤᠴᠠᠯᠭ᠎ᠠ ᠡᠭᠦᠷᠭᠡᠯᠡᠵᠦ᠂ ᠲᠣᠭᠲᠠᠭᠰᠠᠨ ᠲᠡᠮᠡᠴᠡᠯ ᠤᠨ ᠬᠠᠷᠠᠯᠲᠠ ᠪᠠᠨ ᠲᠣᠭᠲᠠᠭᠠᠵᠤ᠂ ︽ᠰᠢᠢᠳᠪᠦᠷᠢᠯᠡᠬᠦ︾ ᠰᠡᠳᠬᠢᠬᠦᠢ ᠶᠢ ᠪᠠᠲᠤ ᠪᠠᠬᠢ ᠪᠣᠶ ᠪᠣᠯᠭᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠴᠢᠳᠠᠮᠠᠭᠠᠢ ᠪᠠᠷ ᠠᠵᠢᠯ ᠶᠠᠪᠤᠳᠠᠯ ᠬᠢᠬᠦ ᠬᠡᠷᠡᠭᠲᠡᠢ᠃  ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ︽ᠡᠷᠲᠡ︾᠎ ᠶᠢ ᠲᠡᠷᠢᠭᠦᠨ ᠳᠤ ᠲᠠᠯᠪᠢᠬᠤ᠂ ︽ᠲᠦᠷᠭᠡᠨ︾᠎ ᠢ ᠲᠡᠷᠢᠭᠦᠨ ᠳᠤ ᠲᠠᠯᠪᠢᠬᠤ᠂ ︽ᠦᠷ᠎ᠡ ᠪᠦᠲᠦᠮᠵᠢ︾᠎ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠰᠠᠭᠤᠳᠠᠯ ᠳᠤ ᠰᠢᠭᠤᠳ ᠬᠠᠨᠳᠤᠬᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠰᠢᠨ᠎ᠡ ᠶᠢ ᠡᠭᠦᠳᠦᠨ ᠰᠢᠪᠲᠤᠯᠤᠯᠲᠠ ᠬᠢᠬᠦ ᠲᠠᠯ᠎ᠠ ᠪᠠᠷ ᠡᠭᠦᠷᠭᠡᠯᠡᠨ ᠠᠵᠢᠯᠯᠠᠵᠤ᠂ ᠰᠤᠷᠤᠯᠴᠠᠨ ᠰᠡᠳᠬᠢᠬᠦ᠂ ᠨᠢᠭᠡᠳᠦᠯᠲᠡᠢ ᠲᠥᠯᠥᠪᠵᠢᠭᠦᠯᠦᠨ ᠲᠥᠯᠥᠪᠵᠢᠭᠦᠯᠬᠦ ᠪᠠ ᠬᠠᠤᠯᠢ ᠶᠣᠰᠣᠭᠠᠷ ᠠᠵᠢᠯᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠤᠨ ᠪᠠᠶᠢᠷᠢ ᠳᠡᠭᠡᠷ᠎ᠡ ᠪᠠᠨ ᠰᠢᠯᠭᠠᠯᠲᠠ ᠶᠢ ᠳᠠᠭᠠᠭᠠᠵᠤ ᠳᠡᠶᠢᠯᠬᠦ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠤ ᠴᠢᠬᠤᠯᠠᠴᠢᠯᠠᠭᠰᠠᠨ ᠪᠠᠶᠢᠨ᠎ᠠ᠃      ᠲᠤᠭᠤᠷᠢᠭ ᠤᠨ ᠲᠦᠷᠪᠡᠨ ᠢᠵᠢ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠦᠢᠯᠡᠰ ᠤᠨ ᠨᠢᠭᠡᠴᠡ᠂ ᠡᠯ᠎ᠡ ᠠᠷᠠᠳ ᠤᠨ ᠪᠦᠯᠬᠦᠮ ᠤᠨ ᠭᠤᠣᠯ ᠨᠥᠬᠦᠳ᠂ ᠳ᠋ᠦᠩ ᠳ᠋ᠡ ᠭᠧᠦ ᠲᠣᠰᠬᠤᠨ ᠤ ︽ᠬᠤᠶᠠᠷ ᠵᠥᠪᠯᠡᠯ︾᠎ ᠤᠨ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠪᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号