ᠴᠢᠩᠱᠠᠨ ᠲᠣᠭᠤᠷᠢᠭ ᠤᠨ ︽ᠬᠠᠤᠯᠢᠴᠢ ᠬᠥᠳᠡᠭᠡ ᠲᠣᠰᠬᠤᠨ ᠳᠤ ᠤᠷᠤᠵᠤ︾  ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/10/31
      ᠨᠢᠭᠡ ᠳᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠦᠪ ᠢ ᠪᠠᠶᠢᠭᠤᠯᠤᠨ᠎ᠠ᠃ ᠲᠣᠭᠤᠷᠢᠭ ᠤᠨ ᠱᠠᠲᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ 1᠂ ᠵᠡᠭᠡᠯᠢ ᠭᠤᠳᠤᠮᠵᠢ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ 10᠂ ᠲᠤᠨᠤᠭ ᠲᠦᠭᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ 1᠂ ᠨᠡᠶᠢᠭᠡᠮ ᠲᠣᠭᠤᠷᠢᠭ ︵ᠲᠣᠰᠬᠤᠨ︶᠎ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠰᠤᠭ 77 ᠪᠠᠶᠢᠭᠤᠯᠵᠤ᠂ ᠣᠲᠣ ᠪᠣᠯᠲᠠᠯ᠎ᠠ᠂ ᠰᠦᠯᠵᠢᠶᠡᠨ ᠭᠠᠳᠠᠨ᠎ᠠ ᠲᠣᠰᠬᠤᠨ ᠳᠤ ᠣᠷᠣᠵᠤ ᠰᠠᠭᠤᠬᠤ ᠠᠵᠢᠯᠯᠠᠭ᠎ᠠ ᠶᠢ 50 ᠭᠠᠷᠤᠢ ᠤᠳᠠᠭ᠎ᠠ ᠥᠷᠨᠢᠭᠦᠯᠵᠦ᠂ ᠰᠦᠯᠵᠢᠶᠡᠨ ᠳᠡᠭᠡᠷ᠎ᠡ ᠤᠬᠠᠭᠤᠯᠬᠤ ᠠᠵᠢᠯᠯᠠᠭ᠎ᠠ ᠶᠢ 300 ᠭᠠᠷᠤᠢ ᠤᠳᠠᠭ᠎ᠠ ᠥᠷᠨᠢᠭᠦᠯᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠲᠠᠰ ᠬᠤᠪᠢᠶᠠᠨ ᠲᠣᠬᠢᠷᠠᠭᠤᠯᠵᠤ᠂ ᠪᠥᠬᠦ ᠲᠠᠯ᠎ᠠ ᠪᠠᠷ ᠳᠣᠷᠣᠭᠰᠢ ᠪᠠᠭᠤᠯᠭᠠᠬᠤ ᠶᠢ ᠪᠡᠶᠡᠯᠡᠭᠦᠯᠪᠡ᠃       ᠬᠤᠶᠠᠷ ᠲᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠣᠣᠷ ᠢ ᠨᠢᠭᠲᠠ ᠰᠦᠯᠵᠢᠨ᠎ᠡ᠃ 77 ᠬᠠᠤᠯᠢᠴᠢ ᠶᠢ ᠰᠣᠩᠭᠤᠨ ᠤᠷᠢᠵᠤ ᠨᠡᠶᠢᠭᠡᠮ ᠲᠣᠭᠤᠷᠢᠭ ︵ᠲᠣᠰᠬᠤᠨ︶᠎ ᠤᠨ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠢᠶᠠᠯ ᠢ ᠡᠭᠦᠷᠭᠡᠯᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠲᠣᠭᠤᠷᠢᠭ ︵ᠲᠣᠰᠬᠤᠨ︶᠎ ᠎ ᠲᠤ ᠬᠦᠷᠴᠦ ᠬᠠᠤᠯᠢ ᠴᠠᠭᠠᠵᠠ ᠶᠢᠨ ᠲᠤᠰᠬᠠᠢ ᠰᠡᠳᠦᠪᠲᠦ ᠲᠠᠶᠢᠯᠤᠮᠵᠢ ᠬᠢᠯᠭᠡᠵᠦ᠂ ᠬᠠᠤᠯᠢ ᠴᠠᠭᠠᠵᠠ ᠶᠢᠨ ᠵᠥᠪᠯᠡᠯᠭᠡ ᠬᠠᠩᠭᠠᠪᠠ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠤᠰᠬᠠᠢ ᠵᠢᠷᠭᠢᠶ᠎ᠡ ᠶᠢ ᠳᠠᠩᠰᠠᠯᠠᠭᠤᠯᠵᠤ᠂ ᠪᠦᠬᠦ ᠲᠤᠭᠤᠷᠢᠭ ᠤᠨ 654 ᠰᠦᠯᠵᠢᠶᠡᠨ ᠤ ᠪᠦᠯᠦᠭᠯᠡᠯ ᠢ ᠪᠦᠷᠬᠦᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠵᠢᠵᠢᠭ ᠸᠢᠳᠢᠤ᠋᠂ ᠨᠡᠶᠢᠲᠡᠯᠢᠭ ᠬᠡᠷᠡᠭ ᠤᠨ ᠵᠢᠱᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠳᠠᠮᠵᠢᠭᠤᠯᠵᠤ᠂ ᠬᠠᠤᠯᠢᠴᠢ ᠠᠴᠠ ᠰᠦᠯᠵᠢᠶᠡᠨ ᠳᠡᠭᠡᠷ᠎ᠡ ᠠᠰᠠᠭᠤᠨ ᠯᠠᠪᠯᠠᠵᠤ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠨᠡᠶᠢᠭᠡᠮ ᠤᠨ ᠵᠠᠰᠠᠯᠲᠠ ᠶᠢᠨ ᠰᠠᠭᠤᠷᠢ ᠬᠡᠰᠡᠭ ᠲᠤ ᠬᠦᠷᠭᠡᠪᠡ᠃       ᠭᠤᠷᠪᠠ ᠳᠤ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠨ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠭ᠎ᠠ︾᠎ ᠶᠢ ᠥᠷᠨᠢᠭᠦᠯᠵᠦ᠂ ᠠᠵᠤ ᠠᠬᠤᠶᠢᠯᠠᠯ ᠤᠨ ᠦᠷᠭᠦᠯᠵᠢᠯᠡᠨ ᠣᠷᠣᠰᠢᠵᠤ ᠪᠠᠶᠢᠭ᠎ᠠ ᠬᠠᠤᠯᠢ ᠴᠠᠭᠠᠵᠠ ᠶᠢᠨ ᠠᠶᠤᠯ ᠲᠦᠭᠰᠢᠭᠦᠷᠢ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠠᠵᠢᠯᠴᠢᠨ ᠬᠡᠷᠡᠭᠯᠡᠬᠦ ᠬᠠᠤᠯᠢ ᠴᠠᠭᠠᠵᠠ ᠶᠢᠨ ᠠᠶᠤᠯ ᠲᠦᠭᠰᠢᠭᠦᠷᠢ᠂ ᠺᠣᠮᠫᠠᠨᠢ ᠶᠢᠨ ᠡᠵᠡᠩᠨᠡᠯᠲᠡ ᠶᠢᠨ ᠬᠠᠤᠯᠢ ᠴᠠᠭᠠᠵᠠ ᠶᠢᠨ ᠠᠶᠤᠯ ᠲᠦᠭᠰᠢᠭᠦᠷᠢ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ︽ᠪᠠᠶᠢᠴᠠᠭᠠᠨ ᠣᠨᠣᠰᠢᠯᠠᠬᠤ︾᠎ ᠶᠢᠨ ᠲᠣᠭᠤᠷᠢᠨ ᠳᠤ᠂ ᠤᠳᠤ ᠪᠣᠯᠲᠠᠯ᠎ᠠ ᠬᠠᠤᠯᠢᠴᠢ ᠶᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ 20 ᠭᠠᠷᠤᠢ ᠤᠳᠠᠭ᠎ᠠ ᠥᠷᠨᠢᠭᠦᠯᠪᠡ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号