ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠠᠷᠠᠳ ᠲᠤ ᠳᠥᠭᠦᠮ ᠦᠵᠡᠭᠦᠯᠪᠡ
ᠨᠡᠶᠢᠲᠡᠯᠡᠭᠰᠡᠨ ᠴᠠᠭ᠄
2023/10/9
      ᠣᠶᠢᠷ᠎ᠠ ᠳᠤ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠴᠦᠨ ᠭᠤᠸᠠᠩ ᠨᠡᠶᠢᠭᠡᠮ ᠲᠣᠭᠤᠷᠢᠭ ︽ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠠᠷᠠᠳ ᠲᠤ ᠲᠥᠬᠦᠮ  ᠦᠵᠡᠭᠦᠯᠬᠦ︾᠎ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠭᠤᠣᠯᠳᠠᠭᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠤᠳᠠᠭᠠᠨ ᠴᠢᠨᠠᠷᠲᠠᠢ ᠡᠪᠡᠳᠴᠢᠨ ᠢ ᠮᠡᠳᠡᠭᠦᠯᠬᠦ᠂ ᠣᠨᠳᠣᠣ ᠭᠠᠵᠠᠷ ᠲᠤ ᠡᠮᠨᠡᠭᠦᠯᠬᠦ ᠶᠢ ᠳᠠᠩᠰᠠᠯᠠᠭᠤᠯᠬᠤ᠂ ᠡᠯᠧᠺᠲᠷᠣᠨ ᠨᠡᠶᠢᠭᠡᠮ ᠤᠨ ᠳᠠᠭᠠᠳᠬᠠᠯ ᠤᠨ ᠺᠠᠷᠲ ᠭᠤᠶᠤᠴᠢᠯᠠᠨ ᠠᠪᠬᠤ ᠠᠷᠭ᠎ᠠ ᠵᠡᠷᠭᠡ ᠠᠭᠤᠯᠭ᠎ᠠ ᠳᠤ ᠴᠢᠭᠯᠡᠭᠦᠯᠦᠨ ᠲᠠᠶᠢᠯᠤᠮᠵᠢ ᠬᠢᠭᠰᠡᠨ ᠪᠥᠭᠡᠳ ᠰᠠᠭᠤᠭᠠᠯᠢ ᠠᠷᠠᠳ ᠤᠨ ᠭᠠᠷ ᠤᠲᠠᠰᠤᠨ ᠳᠡᠭᠡᠷ᠎ᠡ ᠪᠠᠨ ᠬᠡᠷᠬᠢᠨ ᠪᠡᠶ᠎ᠡ ᠪᠠᠨ ᠳᠠᠭᠠᠭᠠᠵᠤ ᠰᠦᠢᠳᠬᠡᠯ ᠲᠤᠰᠢᠶᠠᠬᠤ ᠶᠢ ᠵᠢᠭᠠᠨ ᠵᠢᠯᠤᠭᠤᠳᠴᠤ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠢᠳᠡᠪᠬᠢᠵᠢᠯ ᠢ ᠳᠠᠶᠢᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号