ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ‌ᠠᠬᠢᠭᠤᠯᠵᠣ ᠪᠠᠶᠢᠭ᠎ᠠ ᠨᠢ
ᠨᠡᠶᠢᠲᠡᠯᠡᠭᠰᠡᠨ ᠴᠠᠭ᠄
2023/11/1
      ᠤᠢᠢᠷ᠎ᠠ ᠶᠢᠨ ᠵᠢᠯ ᠠᠴᠠ᠂ ᠴᠢᠩ ᠹᠦ᠋ ᠪᠠᠯᠭᠠᠰᠤ ᠶᠢᠨ ᠸᠠᠨ ᠵᠢᠶᠦ᠋ᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠭᠤᠣᠯ  ᠰᠢᠵᠢᠮ ᠪᠣᠯᠤᠨ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠣ᠂ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ︽ᠤᠯᠠᠭᠠᠨ ᠠᠨᠠᠷ ᠤᠨ ᠭᠡᠷ ᠣᠷᠣᠨ︾᠎ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠠᠷᠠᠳ ᠲᠦᠮᠡᠨ ᠳᠤ ᠦᠢᠯᠡᠴᠢᠯᠡᠬᠦ ᠪᠠᠨ ᠴᠢᠩᠭᠠᠳᠬᠠᠵᠣ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠦᠨᠳᠦᠰᠦᠲᠡᠨ ᠤ ᠬᠠᠶᠢᠷ᠎ᠠ ᠰᠡᠳᠬᠢᠯᠭᠡ ᠶᠢᠨ ᠰᠣᠯᠢᠯᠴᠠᠭ᠎ᠠ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠥᠪᠯᠡᠯᠭᠡ ᠥᠭᠬᠦ ᠵᠡᠷᠭᠡ ᠣᠯᠠᠨ ᠵᠦᠢᠯ ᠤᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ︽ᠤᠯᠠᠭᠠᠨ ᠠᠨᠠᠷ ᠤᠨ ᠭᠡᠷ ᠣᠷᠣᠨ︾᠎ ᠢ ᠪᠠᠶᠢᠭᠤᠯᠵᠤ᠂ ︽ᠭᠤᠷᠪᠠᠨᠵᠢᠭᠤᠯᠬᠤ︾ ᠣᠷᠣᠨ ᠪᠦᠰᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠵᠠᠭᠪᠤᠷ ᠤᠨ ᠰᠢᠨ᠎ᠡ ᠶᠢ ᠡᠭᠦᠳᠴᠦ᠂ ︽ᠭᠡᠷ ᠪᠥᠯᠢ︾᠎ ᠪᠠᠷ ᠰᠡᠳᠬᠢᠯ ᠢ ᠳᠤᠯᠠᠭᠠᠴᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ  ᠶᠢ ᠠᠬᠢᠭᠤᠯᠵᠣ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ ᠤᠨ ᠦᠵᠡᠯ ᠤᠬᠠᠮᠰᠠᠷ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠨᠡᠮᠡᠭᠳᠡᠭᠦᠯᠵᠦ᠂ ᠦᠨᠳᠦᠰᠦᠲᠡᠨ ᠤ ᠳᠠᠪᠰᠢᠯᠲᠠ ᠶᠢᠨ ᠴᠡᠴᠡᠭ ᠢ ᠭᠠᠵᠠᠷ ᠪᠣᠯᠭᠠᠨ ᠳᠤ ᠲᠡᠯᠭᠡᠷᠡᠭᠦᠯᠪᠠ᠃      ᠬᠤᠶᠢᠰᠢᠳᠠ᠂ ᠸᠠᠨ ᠵᠢᠶᠦ᠋ᠨ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠵᠠᠮ ᠨᠡᠭᠡᠭᠡᠨ ᠡᠷᠡᠯᠬᠡᠭᠯᠡᠨ ᠤᠷᠤᠭᠰᠢᠯᠠᠵᠤ᠂ ᠢᠷᠠᠭᠤ ᠠᠯᠳᠠᠷ ᠢᠶᠠᠨ ᠨᠠᠨᠳᠢᠩᠨᠠᠨ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠢ ᠶᠡᠭᠡ ᠪᠠᠷ ᠪᠠᠳᠠᠷᠠᠭᠤᠯᠵᠤ᠂ ᠬᠠᠷᠢᠶ᠎ᠡ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ  ᠴᠣᠭᠴᠠᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号