ᠦᠨᠳᠦᠰᠦᠲᠡᠨ ᠤ ᠪᠦᠯᠬᠦᠮᠳᠡᠯ ᠤᠨ ᠵᠣᠷᠢᠭ ᠰᠠᠨᠠᠭ᠎ᠠ ᠶᠢ ᠪᠠᠳᠠᠷᠭᠤᠯᠣᠨᠠᠮ
ᠨᠡᠶᠢᠲᠡᠯᠡᠭᠰᠡᠨ ᠴᠠᠭ᠄
2023/11/1
      ᠰᠤᠷᠭᠠᠭᠤᠯᠢ ᠶᠢᠨ ᠦᠨᠳᠦᠰᠦᠲᠡᠨ ᠤ ᠪᠦᠯᠬᠦᠮᠳᠡᠯ  ᠤᠨ ᠡᠭᠦᠳᠦᠨ ᠪᠠᠶᠢᠭᠤᠯᠣᠯᠳᠠ ᠶᠢ ᠤᠯᠠᠮ ᠨᠢᠭᠡ ᠠᠯᠬᠤᠮ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠴᠢᠩᠭᠠᠳᠬᠠᠨ᠂ ᠪᠠᠭᠠᠴᠤᠳ ᠬᠡᠤᠬᠡᠳ ᠤᠨ ᠤᠯᠤᠰ ᠢᠶᠠᠨ ᠬᠠᠶᠢᠷᠠᠯᠠᠬᠤ ᠦᠵᠡᠯ ᠤᠬᠠᠮᠰᠠᠷ ᠢ ᠵᠤᠵᠠᠭᠠᠳᠬᠠᠬᠤ ᠶᠢᠨ ᠲᠥᠯᠥᠭᠡ᠂ ᠨᠢᠬᠡᠳᠣᠭᠡᠷ ᠮᠠᠰᠢᠨ ᠤ ᠨᠢᠬᠡᠳᠣᠭᠡᠷ ᠪᠠᠭ᠎ᠠ ᠰᠣᠷᠭᠠᠭᠤᠯᠢ ᠶᠢᠨ  ᠬᠤᠶᠠᠳᠣᠭᠠᠷ ᠣᠨ ᠤ  ᠭᠤᠷᠪᠠᠳᠤᠭᠠᠷ ᠠᠩᠭᠢ ᠶᠢᠨ ᠬᠡᠰᠡᠭ ᠰᠣᠷᠣᠭᠴᠢᠳ ᠬᠡᠷ ᠪᠦᠯᠢ ᠶᠢᠨ ᠵᠥᠪᠯᠡᠯ ᠪᠠ ᠬᠡᠷ ᠤᠨ ᠠᠬᠠᠮᠠᠳ ᠲᠠᠢ ᠬᠠᠮᠳᠣ ᠨᠡᠶᠢᠭᠡᠮ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠳᠣᠳᠬᠠᠬᠤ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠲᠣᠭᠤᠷᠢᠨ ᠦᠵᠡᠵᠦ ᠰᠤᠷᠤᠯᠴᠠᠪᠠ᠃      ᠲᠤᠰ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠪᠠᠷ ᠳᠠᠮᠵᠢᠭᠤᠯᠤᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠦᠵᠡᠯ ᠰᠠᠨᠠᠭ᠎ᠠ ᠶᠢ ᠰᠤᠷᠤᠭᠴᠢ ᠨᠢᠭᠡᠪᠦᠷᠢ ᠶᠢᠨ ᠰᠡᠳᠬᠢᠯ ᠳᠤ ᠭᠦᠨ ᠦᠨᠳᠦᠰᠦᠯᠡᠵᠦ᠂ ᠰᠣᠷᠣᠭᠴᠢᠳ  ᠢ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢᠨ ᠲᠠᠯ᠎ᠠ ᠪᠠᠷ ᠡᠭᠦᠷᠢᠳᠡ ᠨᠠᠮ  ᠢᠶᠠᠨ ᠳᠠᠭᠠᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠪᠦᠯᠬᠦᠮᠳᠡᠯ ᠨᠢᠭᠡᠳᠦᠯ ᠤᠨ ᠤᠬᠠᠮᠰᠠᠷ ᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠵᠣᠪᠠᠭᠤᠷᠢ ᠶᠢ ᠠᠮᠰᠠᠵᠤ ᠳᠡᠶᠢᠯᠬᠦ᠂ ᠴᠢᠷᠮᠠᠶᠢᠨ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ  ᠶᠢ ᠵᠣᠷᠢᠭᠵᠢᠭᠤᠯᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号