ᠳ᠋ᠢᠩ ᠺᠠᠢ ︽ᠬᠠᠪᠴᠢᠮᠡᠯ ᠭᠡᠷ ᠪᠠᠶᠢᠰᠢᠩ︾᠎ ᠢ ᠥᠭᠡᠷᠡᠴᠢᠯᠡᠬᠦ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/11/13
      11 ᠰᠠᠷ᠎ᠠ ᠶᠢᠨ 12᠎ ᠤ ᠡᠳᠦᠷ᠂ ᠳ᠋ᠢᠩ ᠺᠠᠢ ︽ᠬᠠᠪᠴᠢᠮᠡᠯ ᠭᠡᠷ ᠪᠠᠶᠢᠰᠢᠩ︾᠎ ᠢ ᠥᠭᠡᠷᠡᠴᠢᠯᠡᠬᠦ ᠠᠵᠢᠯ ᠤᠨ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃       ᠯᠦ ᠵᠢᠩ ᠶᠤᠸᠠᠨ᠂ ᠭᠤᠸᠠᠩ ᠬᠤᠢ ᠬᠤᠶᠠᠳᠤᠭᠠᠷ ᠬᠤᠭᠤᠴᠠᠭ᠎ᠠ᠂ ᠹᠦ᠋ ᠶᠤᠸᠠᠨ ᠨᠡᠶᠢᠭᠡᠮ ᠲᠣᠭᠤᠷᠢᠭ᠂ ᠵᠤᠯ ᠵᠢᠷᠭᠠᠯᠲᠦ ᠵᠠᠮ ᠤᠨ ᠲᠠᠪᠤᠳᠤᠭᠠᠷ ᠬᠥᠷᠰᠢ ᠵᠡᠷᠭᠡᠯᠡᠳᠡᠭᠡ᠂ ᠯᠢᠦ ᠾᠧ ᠴᠧᠩ ᠪᠠᠭ᠎ᠠ ᠲᠣᠭᠤᠷᠢᠭ ᠵᠡᠷᠭᠡ ᠭᠠᠵᠠᠷ ᠲᠤ᠂ ᠳ᠋ᠢᠩ ᠺᠠᠢ ᠥᠭᠡᠷᠡᠴᠢᠯᠡᠯᠲᠡ ᠶᠢᠨ ᠠᠵᠢᠯ ᠤᠨ ᠠᠬᠢᠴᠠ ᠶᠢ ᠨᠠᠷᠢᠨ ᠣᠶᠢᠯᠠᠭᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠠᠰᠠᠭᠤᠨ ᠯᠠᠪᠯᠠᠭᠰᠠᠨ ᠪᠥᠭᠡᠳ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠳᠤ ᠴᠢᠭᠯᠡᠭᠦᠯᠦᠨ ᠲᠤᠬᠠᠢ ᠶᠢᠨ ᠭᠠᠵᠠᠷ ᠲᠤᠨᠢ ᠠᠷᠭ᠎ᠠ ᠬᠡᠮᠵᠢᠶ᠎ᠡ ᠶᠢ ᠰᠤᠳᠤᠯᠵᠤ᠂ ᠰᠢᠢᠳᠪᠦᠷᠢᠯᠡᠬᠦ ᠶᠢ ᠠᠬᠢᠭᠤᠯᠵᠠᠢ᠃ ᠳ᠋ᠢᠩ ᠺᠠᠢ ᠬᠡᠯᠡᠬᠦ ᠳᠡᠭᠡᠨ᠂ ᠣᠯᠠᠨ ᠲᠦᠮᠡᠨ ᠳᠤ ᠴᠢᠩᠭ᠎ᠠ ᠲᠦᠰᠢᠭᠯᠡᠨ ᠠᠵᠢᠯ ᠢᠶᠠᠨ ᠥᠷᠨᠢᠭᠦᠯᠵᠦ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠲᠥᠪᠯᠡᠷᠡᠭᠦᠯᠦᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠣᠯᠠᠨ ᠲᠦᠮᠡᠨ ᠤ ᠬᠠᠮᠵᠢᠯᠴᠠᠭ᠎ᠠ᠂ ᠣᠶᠢᠯᠠᠭᠠᠯᠲᠠ ᠪᠠ ᠳᠡᠮᠵᠢᠯᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠲᠡᠮᠡᠴᠡᠨ ᠣᠯᠬᠤ ᠬᠡᠷᠡᠭᠲᠡᠢ᠃ ᠦᠨᠡᠨᠬᠦ ᠠᠳᠬᠤᠵᠤ ᠪᠣᠳᠠᠲᠠᠢ ᠠᠵᠢᠯᠯᠠᠬᠤ ᠰᠤᠷᠲᠠᠯ ᠢ ᠴᠢᠩᠭᠠᠳᠬᠠᠵᠤ᠂ ᠠᠵᠢᠯ ᠤᠨ ᠠᠬᠢᠴᠠ ᠪᠠᠨ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠰᠢᠯᠵᠢᠯᠲᠡ ᠶᠢᠨ ᠲᠥᠪᠬᠢᠨᠡᠭᠦᠯᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠩ ᠤᠯᠠᠨ ᠤᠯᠠᠨ ᠲᠦᠮᠡᠨ ᠢ ᠡᠷᠲᠡᠬᠡᠨ ᠰᠢᠨ᠎ᠡ ᠣᠷᠣᠨ ᠰᠠᠭᠤᠴᠠ ᠳᠤ ᠨᠡᠭᠦᠯᠭᠡᠵᠦ᠂ ᠳᠤᠯᠠᠭᠠᠬᠠᠨ ᠡᠪᠦᠯ ᠢ ᠥᠩᠭᠡᠷᠡᠭᠦᠯᠬᠦ ᠬᠡᠷᠡᠭᠲᠡᠢ᠃ ︽ᠬᠠᠪᠴᠢᠮᠡᠯ ᠭᠡᠷ ᠪᠠᠶᠢᠰᠢᠩ︾᠎ ᠤᠨ ᠵᠠᠯᠭᠠᠯᠳᠤᠭᠰᠠᠨ ᠣᠷᠣᠨ ᠤ ᠪᠦᠬᠦᠯᠢ ᠴᠣᠭᠴᠠ ᠶᠢᠨ ᠲᠥᠯᠦᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠨᠤᠷᠠᠭᠠᠵᠤ ᠥᠭᠡᠷᠡᠴᠢᠯᠡᠭᠰᠡᠨ ᠤ ᠳᠠᠷᠠᠭᠠᠬᠢ ᠲᠠᠯᠠᠪᠤᠷ ᠭᠠᠵᠠᠷ ᠢ ᠲᠡᠭᠰᠢᠯᠡᠬᠦ᠂ ᠲᠥᠬᠦᠭᠡᠷᠦᠮᠵᠢ ᠶᠢ ᠢᠵᠢ ᠪᠦᠷᠢᠳᠦᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠯᠠᠨ ᠲᠦᠮᠡᠨ ᠤ ᠠᠮᠢᠳᠤᠷᠠᠯ ᠢ ᠨᠠᠩ ᠲᠥᠬᠦᠮ᠂ ᠨᠠᠩ ᠲᠠᠭᠠᠯᠠᠮᠵᠢᠲᠠᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号