ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠮᠤ ᠠᠵᠢᠯ ᠶᠠᠪᠤᠳᠠᠯ ᠤᠨ ᠲᠡᠮᠲᠡᠭᠯᠡᠯ ︵2023 ᠣᠨ ᠤ 6 ᠰᠠᠷ᠎ᠠ ᠶᠢᠨ 1 ᠤ ᠡᠳᠦᠷ — 6 ᠰᠠᠷ᠎ᠠ ᠶᠢᠨ 30 ᠤ ᠡᠳᠦᠷ︶
ᠨᠡᠶᠢᠲᠡᠯᠡᠭᠰᠡᠨ ᠴᠠᠭ᠄
2023/11/15
      6 ᠰᠠᠷ᠎ᠠ ᠶᠢᠨ 7 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 ᠳ᠋ᠤᠭᠠᠷ ᠳᠠᠪᠬᠤᠷᠯᠢᠭ ᠤᠨ 1 ᠳ᠋ᠦ᠋ᠭᠡᠷ ᠨᠣᠮᠧᠷᠲᠤ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠤᠰᠤᠨ ᠤ ᠡᠬᠢ ᠪᠠᠶᠠᠯᠢᠭ ᠢ ᠰᠢᠢᠳᠪᠦᠷᠢᠯᠡᠬᠦ ᠲᠥᠪ ᠤᠨ ᠪᠦᠲᠦᠭᠡᠨ ᠪᠠᠶᠢᠭᠤᠯᠤᠯᠲᠠ᠂ ᠶᠦᠩ ᠾᠧ ᠶᠣᠣ ᠵᠠᠮ ᠤᠨ ᠭᠠᠳᠠᠷᠭᠤ ᠶᠢ ᠰᠡᠷᠭᠦᠭᠡᠨ ᠲᠡᠭᠦᠯᠳᠡᠷᠵᠢᠭᠦᠯᠬᠦ ᠢᠨᠵᠧᠨᠧᠷᠢᠩ᠂ ᠵᠤᠤ ᠵᠢᠶᠠ ᠶᠢᠩ ᠤᠨ ᠹᠧᠢ ᠳ᠋ᠢ ᠭᠠᠵᠠᠷ ᠤᠨ ᠤᠰᠤ ᠬᠠᠩᠭᠠᠬᠤ ᠥᠭᠡᠷᠡᠴᠢᠯᠡᠯᠲᠡ ᠶᠢᠨ ᠢᠨᠵᠧᠨᠧᠷᠢᠩ᠂ ᠬᠤᠶᠠᠳᠤᠭᠠᠷ ᠨᠡᠭᠡᠯᠡᠭᠡᠢ ᠶᠢᠨ ᠲᠣᠭᠤᠷᠢᠭ ᠤᠨ ᠨᠢᠭᠡᠨᠲᠡ ᠪᠠᠶᠢᠭ᠎ᠠ ᠰᠠᠭᠤᠭᠠᠯᠢ ᠠᠷᠠᠳ ᠤᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠬᠦᠴᠦᠷᠬᠡᠭᠵᠢᠯ ᠵᠠᠮ 1# ᠬᠥᠷᠰᠢ ᠵᠡᠷᠭᠡᠯᠡᠳᠡᠭᠡ ᠶᠢᠨ ᠭᠡᠷ ᠤᠨ ᠭᠠᠳᠠᠷᠭᠤ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠦᠷᠦᠯ ᠵᠦᠢᠯ᠂ ᠴᠢᠩᠱᠠᠨ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠳᠤᠮᠳᠠ ᠪᠠ 2023 ᠣᠨ ᠤ ᠠᠵᠢᠯ ᠤᠨ ᠭᠤᠣᠯᠳᠠᠯᠭ᠎ᠠ ᠵᠡᠷᠭᠡ ᠬᠤᠯᠪᠣᠭᠳᠠᠯ ᠪᠦᠬᠦᠢ ᠶᠠᠪᠤᠳᠠᠯ ᠤᠳ ᠢ ᠰᠤᠳᠤᠯᠵᠠᠢ᠃       6 ᠰᠠᠷ᠎ᠠ ᠶᠢᠨ 13 ᠤ ᠡᠳᠦᠷ᠂ ᠰᠢᠨ ᠰᠢᠶᠠᠩ ᠱᠢ ᠴᠧᠩ ᠲᠥᠪ ᠤᠨ ᠲᠣᠭᠤᠭᠠᠨ ᠭᠡᠷ ᠤᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠴᠢᠩᠱᠠᠨ ᠲᠣᠭᠤᠷᠢᠭ ᠲᠤ ᠭᠠᠷ ᠤᠨ ᠥᠰᠥᠭ ᠵᠢᠷᠤᠪᠠ᠃ ᠲᠥᠷᠥᠯ ᠵᠦᠢᠯ ᠢ ᠹᠧᠢ ᠳ᠋ᠡ ᠭᠠᠵᠠᠷ ᠬᠥᠷᠥᠩᠭᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ  ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠲᠥᠯᠥᠪᠯᠡᠭᠡ ᠪᠠᠷ ᠨᠡᠶᠢᠲᠡ 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠤᠨ ᠦᠢᠯᠡᠳᠬᠦᠨ ᠤ ᠥᠷᠲᠡᠭ ᠨᠢ 15 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠶᠢᠯᠡᠭᠰᠡᠨ ᠭᠠᠶᠢᠯᠢ ᠶᠢᠨ ᠣᠷᠣᠯᠭ᠎ᠠ ᠨᠢ 1.2 ︱ 1.5 ᠳ᠋ᠦᠩᠰᠢᠭᠤᠷ ᠲᠥᠭᠦᠷᠢᠭ ᠲᠤ ᠭᠦᠷᠦᠨ᠎ᠡ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ︽ᠪᠥᠬᠦ ᠤᠯᠤᠰ ᠤᠨ ᠬᠠᠮᠤᠭ ᠤᠨ ᠲᠣᠮᠣ ᠲᠥᠪ ᠲᠣᠭᠤᠭᠠᠨ ᠭᠡᠷ︾ ᠪᠣᠯᠬᠤ ᠶᠢᠨ ᠬᠠᠮᠲᠤ ᠪᠠᠰᠠ ︽ᠪᠥᠬᠦ ᠤᠯᠤᠰ ᠤᠨ ᠪᠠᠷᠢᠮᠵᠢᠶ᠎ᠠ ᠪᠠᠷ ᠬᠠᠮᠤᠭ ᠤᠨ ᠥᠨᠳᠥᠷ᠂ ᠲᠥᠬᠦᠭᠡᠷᠦᠮᠵᠢ ᠪᠠᠷ ᠬᠠᠮᠤᠭ ᠤᠨ ᠲᠡᠷᠢᠭᠦᠨ ᠤ ᠲᠥᠪ ᠲᠣᠭᠤᠭᠠᠨ ᠭᠡᠷ︾ ᠪᠣᠯᠵᠤ᠂ ᠵᠢᠯ ᠪᠦᠷᠢ ᠶᠢᠨ ᠲᠠᠷᠢᠶᠠᠯᠠᠩ ᠤᠨ ᠪᠦᠲᠦᠭᠡᠭᠳᠡᠬᠦᠨ ᠤ ᠣᠷᠣᠭᠤᠯᠵᠤ ᠭᠠᠷᠭᠠᠬᠤ ᠬᠡᠮᠵᠢᠶ᠎ᠡ 6 ᠲᠦᠮᠡᠨ ᠲᠣᠨ ᠳᠤ ᠬᠦᠷᠬᠦ ᠪᠣᠯᠣᠨ᠎ᠠ᠃       6 ᠰᠠᠷ᠎ᠠ ᠶᠢᠨ 13 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 ᠳ᠋ᠤᠭᠠᠷ ᠳᠠᠪᠬᠤᠷᠯᠢᠭ ᠤᠨ 1 ᠳ᠋ᠦ᠋ᠭᠡᠷ ᠨᠣᠮᠧᠷᠲᠤ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 11 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠪᠤᠭᠤᠲᠤ ᠶᠢᠨ ᠵᠢᠩ ᠤᠣ ︵ᠭᠤᠷᠪᠠᠳᠤᠭᠠᠷ ᠬᠤᠭᠤᠴᠠᠭ᠎ᠠ︶ ᠶᠢᠨ 20GW  ᠶᠢᠨ ᠳᠠᠩ ᠲᠡᠯᠡᠰᠲᠦ᠂ ᠬᠡᠷᠴᠢᠮᠡᠯ ᠤᠨ ᠲᠦᠷᠦᠯ ᠵᠦᠢᠯ ᠳᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠤᠰᠬᠠᠢ ᠪᠡᠯᠡ ᠮᠥᠩᠭᠦ ᠭᠤᠶᠤᠴᠢᠯᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ᠃       6 ᠰᠠᠷ᠎ᠠ ᠶᠢᠨ 15 ᠤ ᠡᠳᠦᠷ᠂ ᠵᠢᠦ ᠰᠢᠩ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠭᠤᠳᠠᠮ ᠲᠠᠯᠠᠪᠠᠢ ᠵᠢᠩᠬᠢᠨᠢ ᠪᠠᠷ ᠠᠵᠢᠯ ᠢᠶᠠᠨ ᠡᠬᠢᠯᠡᠭᠦᠯᠵᠦ᠂ ᠪᠤᠭᠤᠲᠤ ᠶᠢᠨ ᠠᠩᠬᠠᠳᠠᠭᠴᠢ ᠲᠣᠮᠣ ᠬᠡᠯᠪᠡᠷᠢ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠮ ᠳᠡᠯᠭᠡᠨ ᠪᠣᠷᠣᠯᠠᠭᠤᠯᠬᠤ ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠣᠷᠣᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠬᠤᠭᠤᠰᠤᠨ ᠢ ᠨᠥᠬᠦᠪᠦᠷᠢᠯᠡᠵᠡᠢ᠃       6 ᠰᠠᠷ᠎ᠠ ᠶᠢᠨ 23 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 ᠳ᠋ᠤᠭᠠᠷ ᠳᠠᠪᠬᠤᠷᠯᠢᠭ ᠤᠨ 1 ᠳ᠋ᠦ᠋ᠭᠡᠷ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ  ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ  ᠶᠢᠨ ᠶᠠᠪᠤᠳᠠᠯ ᠤᠨ ᠬᠤᠷᠢᠶᠠᠨ  ᠠᠴᠠ ᠨᠡᠶᠢᠲᠡᠯᠡᠭᠰᠡᠨ ᠲᠤᠭ᠎ᠠ ᠪᠦᠷᠢᠳᠬᠡᠯ  ᠢ ᠬᠠᠭᠤᠷᠮᠠᠭ ᠢᠶᠠᠷ ᠵᠣᠬᠢᠶᠠᠬᠤ ᠲᠤᠬᠠᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠵᠢᠴᠢ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ  ᠢ ᠤᠯᠠᠮᠵᠢᠯᠠᠪᠠ︔ ᠮᠢᠩ ᠳ᠋ᠡ ᠢ ᠶᠤᠸᠠᠨ ᠲᠣᠭᠤᠷᠢᠭ ᠤᠨ ᠥᠮᠴᠢᠯᠡᠯ ᠤᠨ ᠡᠷᠬᠡ ᠶᠢᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠵᠠᠰᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠤᠩ ᠶᠤᠸᠠᠨ ᠨᠣᠭᠤᠭᠠᠨ ᠡᠨᠧᠷᠭᠢ ᠶᠢᠨ ᠭᠡᠷᠡᠯ ᠸᠣᠯᠲ ᠤᠨ ᠠᠵᠤ ᠦᠢᠯᠡᠰ ᠤᠨ ᠨᠢᠭᠡ ᠴᠣᠭᠴᠠᠵᠢᠭᠰᠠᠨ ᠲᠥᠷᠥᠯ ᠵᠦᠢᠯ ᠤᠨ ᠭᠡᠷ᠎ᠡ ᠲᠣᠭᠲᠠᠬᠤ  ᠶᠢ ᠰᠤᠳᠤᠯᠵᠤ᠂ ᠴᠢᠩᠱᠠᠨ ᠲᠣᠭᠤᠷᠢᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠲᠥᠰᠥᠪ᠂ ᠹᠧᠢ ᠳ᠋ᠡ ᠭᠠᠵᠠᠷ ᠰᠢᠷᠣᠢ ᠶᠢᠨ ᠬᠥᠷᠥᠩᠭᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠰᠢᠨ ᠰᠢᠶᠠᠩ ᠱᠢ ᠴᠧᠩ ᠲᠥᠪ ᠤᠨ ᠲᠣᠭᠤᠭᠠᠨ ᠭᠡᠷ ᠤᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠬᠠᠮᠲᠤᠷᠠᠯᠴᠠᠭᠠᠨ ᠤ ᠬᠡᠯᠡᠯᠴᠡᠭᠡᠷ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠥᠪ ︵ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠣᠮᠣ ᠠᠰᠠᠷ︶ ᠤᠨ ᠥᠮᠴᠢᠯᠡᠯ ᠤᠨ ᠡᠷᠬᠡ ᠶᠢᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠵᠠᠰᠠᠬᠤ᠂ ᠴᠢᠩᠱᠠᠨ ᠲᠣᠭᠤᠷᠢᠭ ᠤᠨ ︽ᠭᠤᠷᠪᠠᠨ ᠬᠠᠩᠭᠠᠯᠭ᠎ᠠ ᠨᠢᠭᠡ ᠦᠢᠯᠡᠰ︾᠂ ᠵᠢᠵᠢᠭ ᠬᠠᠭᠤᠴᠢᠨ ᠲᠣᠭᠤᠷᠢᠭ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ︽ᠡᠷᠬᠢᠨ ᠬᠠᠷᠠᠬᠤ︾ ᠬᠡᠷᠡᠭᠵᠢᠭᠦᠯᠬᠦ ᠲᠥᠰᠥᠯ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠤᠳ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号