ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠮᠦ ᠠᠵᠢᠯ ᠶᠠᠪᠤᠳᠠᠯ ᠤᠨ ᠲᠡᠮᠲᠡᠭᠯᠡᠯ ︵2023 ᠣᠨ ᠤ 7 ᠰᠠᠷ᠎ᠠ ᠶᠢᠨ 1 ᠤ ᠡᠳᠦᠷ — 7 ᠰᠠᠷ᠎ᠠ ᠶᠢᠨ 31 ᠤ ᠡᠳᠦᠷ︶
ᠨᠡᠶᠢᠲᠡᠯᠡᠭᠰᠡᠨ ᠴᠠᠭ᠄
2023/11/15
      7 ᠰᠠᠷ᠎ᠠ ᠶᠢᠨ 5 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 ᠳ᠋ᠤᠭᠠᠷ ᠳᠠᠪᠬᠤᠷᠯᠢᠭ ᠤᠨ 1 ᠳ᠋ᠦ᠋ᠭᠡᠷ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 13 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠳᠡᠭᠡᠷ᠎ᠡ ᠬᠠᠭᠠᠰ ᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠦ᠂ ᠵᠡᠭᠦᠨ ᠬᠡᠰᠡᠭ ᠤᠨ ᠭᠠᠵᠠᠷ ᠣᠷᠣᠨ ᠤ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ 202 ᠳᠤᠮᠳᠠᠳᠤ ᠪᠠᠭ᠎ᠠ ᠰᠤᠷᠭᠠᠭᠤᠯᠢ ᠶᠢ ᠥᠭᠡᠷᠡᠴᠢᠯᠡᠨ ᠳᠡᠰ ᠳᠡᠪᠰᠢᠭᠦᠯᠬᠦ ᠢᠨᠵᠧᠨᠧᠷᠢᠩ ᠢ ᠰᠤᠳᠤᠯᠵᠤ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ 2023 ᠣᠨ ᠳᠤ ᠢᠯᠡ ᠪᠠᠷ ᠪᠠᠭᠰᠢ ᠡᠯᠰᠡᠬᠦ᠂ ︽ᠴᠢᠩᠱᠠᠨ ᠲᠣᠭᠤᠷᠢᠭ ᠤᠨ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠴᠡᠴᠡᠷᠯᠢᠭ᠂ ᠬᠤᠲᠠ ᠶᠢᠨ ᠶᠠᠪᠤᠳᠠᠯ ᠢ ᠨᠢᠭᠡ ᠴᠣᠭᠴᠠᠵᠢᠭᠤᠯᠬᠤ ᠵᠠᠬ᠎ᠠ ᠳᠡᠯᠭᠡᠭᠦᠷ ᠤᠨ ᠠᠵᠢᠯᠯᠠᠭᠠᠨ ᠢ ᠰᠢᠯᠭᠠᠨ ᠬᠢᠨᠠᠬᠤ ᠠᠷᠭ᠎ᠠ︾᠂ ᠰᠢᠨ᠎ᠡ ᠪᠠᠷ ᠨᠡᠮᠡᠭᠳᠡᠭᠦᠯᠬᠦ ᠲᠥᠷᠥᠯ ᠵᠦᠢᠯ ᠬᠢᠭᠡᠳ ᠵᠠᠷᠤᠳᠠᠯ ᠢ ᠲᠥᠰᠥᠭᠡᠯᠡᠨ ᠪᠤᠳᠤᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ᠂ ︽ᠪᠤᠭᠤᠲᠤ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠵᠢᠴᠢ ᠲᠡᠷᠢᠭᠦᠨ ᠤ ᠮᠠᠲ᠋ᠧᠷᠢᠶᠠᠯ ᠢ ᠬᠠᠮᠵᠢᠯᠴᠠᠨ ᠰᠢᠨ᠎ᠡ ᠶᠢ ᠡᠭᠦᠳᠬᠦ ᠲᠥᠪ ᠢ ᠬᠠᠮᠲᠤᠪᠠᠷ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠬᠦ ᠵᠥᠪᠯᠡᠯᠴᠡᠭᠡᠷ︾᠂ ᠰᠢᠨᠵᠢᠯᠡᠬᠦ ᠤᠬᠠᠭᠠᠨᠴᠢ ᠵᠠᠮ ᠤᠨ ᠬᠡᠷᠡᠭ ᠡᠷᠬᠢᠯᠡᠬᠦ ᠭᠠᠵᠠᠷ ᠤᠨ  ᠤᠭᠲᠤᠯᠭ᠎ᠠ ᠬᠤᠶᠠᠳᠤᠭᠠᠷ ᠨᠡᠶᠢᠭᠡᠮ ᠲᠣᠭᠤᠷᠢᠭ ᠤᠨ ᠵᠢᠵᠢᠭ ᠬᠠᠭᠤᠴᠢᠨ ᠲᠣᠭᠤᠷᠢᠭ ᠢ ᠥᠭᠡᠷᠡᠴᠢᠯᠡᠬᠦ ᠵᠡᠷᠭᠡ ᠬᠤᠯᠪᠣᠭᠳᠠᠯ ᠪᠦᠬᠦᠢ ᠵᠦᠢᠯᠡᠰ ᠤᠳ ᠢ ᠰᠤᠳᠤᠯᠵᠠᠢ᠃       7 ᠰᠠᠷ᠎ᠠ ᠶᠢᠨ 7 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 ᠳ᠋ᠤᠭᠠᠷ ᠳᠠᠪᠬᠤᠷᠯᠢᠭ ᠤᠨ 1 ᠳ᠋ᠦ᠋ᠭᠡᠷ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 14 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠴᠢᠩᠱᠠᠨ ᠲᠣᠭᠤᠷᠢᠭ ᠤᠨ ᠤᠯᠤᠰ ᠤᠨ ᠥᠮᠴᠢᠯᠡᠯ ᠤᠨ ᠺᠣᠮᠫᠠᠨᠢ ᠶᠢᠨ ᠡᠳ᠋ ᠬᠥᠷᠥᠩᠭᠡ ᠶᠢ ᠬᠤᠪᠢᠶᠠᠷᠢᠯᠠᠨ ᠰᠢᠯᠵᠢᠭᠦᠯᠬᠦ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠠᠢ᠃       7 ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠺᠢᠨᠤᠴᠢᠳ ᠤᠨ ᠨᠡᠶᠢᠭᠡᠮᠯᠢᠭ ᠠᠴᠠ ᠳᠡᠮᠵᠢᠭᠰᠡᠨ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠦᠢᠯᠡᠳᠬᠦᠨ᠂ ᠰᠢᠩ ᠱᠧᠩ ᠪᠠᠯᠭᠠᠰᠤᠨ ᠤ ᠨᠠᠮ ᠤᠨ ᠬᠤᠷᠢᠶ᠎ᠠ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠴᠢᠩᠱᠠᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠠᠮᠲᠤᠷᠠᠨ ᠦᠢᠯᠡᠳᠦᠭᠰᠡᠨ ᠣᠬᠤᠷ ᠺᠢᠨᠣ᠋ ︽ᠠ ᠹᠦ᠋︾ ᠳ᠋ᠦᠩ ᠳ᠋ᠡ ᠱᠠᠨ ᠠᠮᠠᠷᠠᠯᠲᠠ ᠶᠢᠨ ᠲᠣᠰᠬᠤᠨ ᠳᠤ ᠮᠠᠰᠢᠨ ᠨᠡᠭᠡᠭᠡᠬᠦ ᠶᠣᠰᠣᠯᠠᠯ ᠶᠠᠪᠤᠭᠤᠯᠪᠠ᠃ ︽ᠠ ᠹᠦ᠋︾ ᠪᠣᠯ ᠪᠤᠭᠤᠲᠤ ᠬᠤᠲᠠ ᠶᠢᠨ ᠠᠩᠬᠠᠳᠠᠭᠴᠢ ᠺᠠᠷᠲ᠋ᠣᠨ ᠵᠢᠷᠤᠭ ᠦᠢᠯᠡᠳᠬᠦ ᠪᠠ ᠪᠣᠳᠠᠲᠤ ᠦᠵᠡᠮᠵᠢ ᠰᠡᠭᠦᠳᠡᠷᠯᠡᠬᠦ ᠶᠢ ᠤᠶᠠᠯᠳᠤᠭᠤᠯᠤᠭᠰᠠᠨ ᠶᠡᠷᠦᠩᠬᠡᠶᠢᠯᠡᠭᠰᠡᠨ ᠬᠡᠯᠪᠡᠷᠢ ᠶᠢᠨ ᠬᠥᠩᠭᠡᠨ ᠰᠢᠨᠵᠢᠯᠡᠬᠦ ᠤᠬᠠᠭᠠᠨ ᠤ ᠬᠡᠢ ᠪᠣᠳᠣᠯ ᠤᠨ ᠤᠷᠠᠨ ᠰᠠᠶᠢᠬᠠᠨ ᠤ ᠺᠢᠨᠣ᠋ ᠪᠣᠯᠣᠨ᠎ᠠ᠃       7 ᠰᠠᠷ᠎ᠠ ᠶᠢᠨ 12 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠠᠤᠯᠢ ᠪᠠᠷ ᠵᠠᠰᠠᠬᠤ ᠶᠢ ᠰᠢᠯᠢᠳᠡᠭᠵᠢᠭᠦᠯᠬᠦ ᠡᠵᠡᠩᠨᠡᠯᠲᠡ ᠶᠢᠨ ᠣᠷᠴᠢᠨ ᠲᠣᠭᠤᠷᠢᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠴᠢᠩᠱᠠᠨ ᠲᠣᠭᠤᠷᠢᠭ ᠤᠨ ᠬᠤᠲᠠ ᠶᠢᠨ ᠠᠷᠠᠳ ᠤᠨ ᠶᠡᠭᠡ ᠲᠢᠩᠬᠢᠮ ᠳᠤ ᠫᠠᠶᠢᠰᠠ ᠡᠯᠭᠦᠪᠡ᠃ ᠲᠥᠪ ᠲᠤ ︽ᠨᠢᠭᠡ ᠴᠣᠩᠬᠤᠪᠴᠢ᠂ ᠲᠠᠪᠤᠨ ᠲᠥᠪ᠂ ᠨᠢᠭᠡ ᠲᠠᠪᠴᠠᠩ︾ ᠭᠠᠷᠭᠠᠵᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ︽ᠰᠢᠭᠤᠳ ᠭᠦᠢᠴᠡᠳᠬᠡᠬᠦ + ᠡᠷᠭᠢᠯᠳᠦᠭᠦᠯᠦᠨ ᠭᠦᠢᠴᠡᠳᠬᠡᠬᠦ︾ ᠦᠢᠯᠡᠴᠢᠯᠡᠭᠡᠨ ᠤ ᠵᠠᠭᠪᠤᠷ ᠢ ᠬᠡᠷᠡᠭᠯᠡᠨ᠂ ᠠᠵᠤ ᠠᠬᠤᠶᠢᠯᠠᠯ ᠳᠤ 57 ᠵᠦᠢᠯ ᠤᠨ ᠨᠢᠭᠡ ᠥᠷᠲᠡᠭᠡᠨ ᠤ ᠮᠠᠶ᠋ᠢᠭ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠭᠤᠶᠤᠴᠢᠯᠠᠨ ᠭᠦᠢᠴᠡᠳᠬᠡᠬᠦ ᠠᠷᠭ᠎ᠠ ᠵᠠᠮ ᠢ ᠬᠠᠩᠭᠠᠨ᠎ᠠ᠃       7 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠨᠡᠷᠡᠰ  ᠤᠨ ᠨᠡᠶᠢᠲᠡᠯᠡᠯ︾  ᠢ ᠨᠡᠶᠢᠲᠡᠯᠡᠵᠦ᠂ ᠨᠡᠶᠢᠲᠡ 9 ᠭᠠᠵᠠᠷ ᠣᠷᠣᠨ ᠢ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠰᠠᠭᠤᠷᠢᠨ ᠭᠠᠵᠠᠷ ᠢᠶᠠᠷ ᠵᠥᠪᠰᠢᠶᠡᠷᠡᠭᠦᠯᠵᠦ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ  ᠵᠢᠭᠰᠠᠭᠠᠭᠳᠠᠵᠠᠢ᠃       7 ᠰᠠᠷ᠎ᠠ ᠶᠢᠨ 20 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 ᠳ᠋ᠤᠭᠠᠷ ᠳᠠᠪᠬᠤᠷᠯᠢᠭ ᠤᠨ 1 ᠳ᠋ᠦ᠋ᠭᠡᠷ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 15 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠴᠢᠩᠱᠠᠨ ᠲᠣᠭᠤᠷᠢᠭ ᠤᠨ 2023 ᠣᠨ ᠤ ᠳᠡᠭᠡᠷ᠎ᠡ ᠬᠠᠭᠠᠰ ᠵᠢᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠶᠢᠳᠠᠯ᠂ ᠴᠢᠩᠱᠠᠨ ᠲᠣᠭᠤᠷᠢᠭ ᠤᠨ 2023 ᠣᠨ ᠤ ᠳᠡᠭᠡᠷ᠎ᠡ ᠬᠠᠭᠠᠰ ᠵᠢᠯ ᠤᠨ ᠢᠳᠡᠭᠡᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠴᠢᠩᠱᠠᠨ ᠲᠣᠭᠤᠷᠢᠭ ᠤᠨ ᠪᠡᠶ᠎ᠡ ᠶᠢᠨ ᠭᠠᠳᠠᠨᠠᠬᠢ ᠴᠡᠴᠡᠷᠬᠢᠯᠡᠯ ᠢ ᠠᠷᠢᠯᠭᠠᠬᠤ ᠠᠦ᠋ᠲ᠋ᠤ᠋ ᠬᠡᠮᠵᠢᠭᠦᠷᠯᠢᠭ AED ᠨᠡᠶᠢᠲᠡ ᠶᠢᠨ ᠠᠰᠠᠷᠠᠮᠵᠢ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ᠂ ︽ᠴᠢᠩᠱᠠᠨ ᠲᠣᠭᠤᠷᠢᠭ ᠤᠨ ᠨᠡᠷ᠎ᠡ ᠬᠦᠨᠳᠦᠲᠦ ᠬᠤᠲᠠ ᠶᠢᠨ ᠠᠷᠠᠳ ᠤᠨ ᠴᠣᠯᠠ ᠣᠯᠭᠤᠬᠤ ᠠᠷᠭ᠎ᠠ︾ ᠪᠠ ︽ᠠᠩᠬᠠᠳᠤᠭᠠᠷ ᠬᠤᠭᠤᠴᠠᠭᠠᠨ ᠤ ᠴᠢᠩᠱᠠᠨ ᠲᠣᠭᠤᠷᠢᠭ ᠤᠨ  ︿ᠨᠡᠷ᠎ᠡ ᠬᠦᠨᠳᠦᠲᠦ ᠬᠤᠲᠠ ᠶᠢᠨ ᠠᠷᠠᠳ﹀ ᠤᠨ ᠴᠣᠯᠠ ᠣᠯᠭᠤᠬᠤ ᠲᠤᠬᠠᠢ ᠬᠡᠷᠡᠭᠵᠢᠭᠦᠯᠬᠦ ᠲᠥᠰᠥᠯ︾ ᠢ ᠰᠤᠳᠤᠯᠵᠤ᠂ ᠲᠤᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠺᠣᠮᠫᠠᠨᠢ ᠳᠤ ᠡᠷᠬᠡ ᠣᠯᠭᠤᠨ ᠨᠠᠶᠢᠳᠠᠵᠤ ᠪᠠᠶᠢᠭᠠᠳ ᠪᠤᠭᠤᠲᠤ ᠶᠢᠨ ᠶᠣᠣ ᠶᠤᠸᠠᠨ ᠰᠢᠨ᠎ᠡ ᠮᠠᠲ᠋ᠧᠷᠢᠶᠠᠯ ᠤᠨ ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠪᠤᠭᠤᠲᠤ ᠶᠢᠨ ᠤᠰᠤᠲᠥ᠋ᠷᠥᠭᠴᠢ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ 10 ᠲᠦᠮᠡᠨ ᠲᠣᠨ/d ᠤᠰᠤᠨ ᠤ ᠡᠬᠢ ᠪᠠᠶᠠᠯᠢᠭ ᠤᠨ ᠬᠠᠩᠭᠠᠯᠭ᠎ᠠ ᠶᠢ ᠰᠢᠢᠳᠪᠦᠷᠢᠯᠡᠬᠦ ᠲᠥᠪ ᠤᠨ ᠲᠥᠷᠥᠯ ᠵᠦᠢᠯ ᠤᠨ ᠬᠤᠯᠪᠣᠭᠳᠠᠯ ᠪᠦᠬᠦᠢ ᠵᠦᠢᠯᠡᠰ ᠢ ᠰᠤᠳᠤᠯᠵᠠᠢ᠃       7 ᠰᠠᠷ᠎ᠠ ᠶᠢᠨ 25 ᠤ ᠡᠳᠦᠷ᠂ ︽ᠳᠤᠯᠠᠭᠠᠨ ᠭᠡᠷ ᠤᠨ ᠠᠵᠢᠯᠯᠠᠭ᠎ᠠ︾ ᠶᠢᠨ ᠲᠥᠷᠥᠯ ᠵᠦᠢᠯ ᠵᠢᠴᠢ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠵᠢᠱᠢᠶ᠎ᠡ ᠦᠵᠡᠭᠦᠯᠬᠦ ᠴᠢᠨᠠᠷᠲᠠᠢ ᠬᠤᠲᠠ ᠶᠢᠨ ᠵᠣᠴᠢᠨ ᠤ ᠲᠢᠩᠬᠢᠮ ᠤᠨ ᠡᠵᠡᠩᠨᠡᠯᠲᠡ ᠶᠢᠨ ᠶᠣᠰᠣᠯᠠᠯ ᠡᠬᠢᠯᠡᠪᠡ᠃ ᠲᠣᠰ ᠲᠥᠷᠥᠯ ᠵᠦᠢᠯ ᠪᠣᠯ ᠵᠠᠰᠠᠭ ᠤᠨ ᠣᠷᠳᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠤᠳᠠᠯᠳᠤᠨ ᠠᠪᠬᠤ ︽ᠰᠡᠳᠬᠢᠯ ᠤᠨ ᠲᠥᠯᠥᠪᠯᠡᠭᠡ︾ ᠶᠢᠨ ᠲᠥᠷᠥᠯ ᠵᠦᠢᠯ ᠤᠨ ᠰᠠᠭᠤᠷᠢᠨ ᠳᠡᠭᠡᠷ᠎ᠡ ᠳᠠᠬᠢᠨ ᠤᠷᠲᠤᠳᠬᠠᠬᠤ ᠪᠠ ᠲᠠᠰ ᠳᠡᠪᠰᠢᠭᠦᠯᠵᠦ᠂ ᠦᠢᠯᠡᠴᠢᠯᠡᠭᠡᠨ ᠤ ᠬᠡᠪᠴᠢᠶ᠎ᠡ ᠶᠢ ᠴᠢᠩᠱᠠᠨ ᠲᠣᠭᠤᠷᠢᠭ ᠤᠨ ᠡᠷᠦᠬᠡ ᠠᠮᠠ ᠶᠢᠨ ᠲᠠᠩᠰᠠ ᠶᠢᠨ 60 ᠨᠠᠰᠤ ᠬᠦᠷᠲᠡᠯ᠎ᠡ ᠤᠷᠲᠤᠳᠬᠠᠵᠤ᠂ ᠭᠡᠷ ᠲᠡᠭᠡᠨ ᠬᠤᠴᠣᠷᠤᠭᠰᠠᠨ ᠨᠠᠰᠤᠲᠠᠨ ᠪᠠ ᠨᠠᠰᠤᠨ ᠤ ᠠᠮᠠᠷᠠᠯᠲᠠ ᠪᠠᠨ ᠠᠪᠤᠭᠰᠠᠨ ᠨᠠᠮ ᠤᠨ ᠭᠡᠰᠢᠭᠦᠨ ᠰᠠᠶᠢᠨ  ᠳᠤᠷᠠᠴᠤᠤᠯ 4000 ᠰᠢᠬᠠᠮ ᠬᠥᠮᠥᠨ ᠢ ᠬᠠᠮᠤᠷᠤᠭᠤᠯᠵᠤ ᠪᠣᠯᠣᠨ᠎ᠠ᠃       7 ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠲᠦᠷᠦᠭᠦᠸ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠨᠡᠷᠡᠰ ᠢ ᠨᠡᠶᠢᠲᠡᠯᠡᠵᠦ᠂ ᠴᠢᠩᠱᠠᠨ ᠲᠣᠭᠤᠷᠢᠭ ᠤᠨ ᠰᠢᠩ ᠱᠧᠩ ᠪᠠᠯᠭᠠᠰᠤᠨ ᠤ ᠳ᠋ᠦᠩ ᠳ᠋ᠡ ᠭᠧᠦ ᠲᠣᠰᠬᠤᠨ ᠲᠦᠷᠦᠭᠦᠸ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ ᠳᠤ ᠰᠣᠩᠭᠤᠭᠳᠠᠪᠠ᠃       7 ᠰᠠᠷ᠎ᠠ ᠶᠢᠨ 31 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 ᠳ᠋ᠤᠭᠠᠷ ᠳᠠᠪᠬᠤᠷᠯᠢᠭ ᠤᠨ 1 ᠳ᠋ᠦ᠋ᠭᠡᠷ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 16 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠴᠢᠩᠱᠠᠨ ᠲᠣᠭᠤᠷᠢᠭ ᠤᠨ ︽ᠨᠡᠷ᠎ᠡ ᠬᠦᠨᠳᠦᠲᠦ ᠬᠤᠳᠠ ᠶᠢᠨ ᠠᠷᠠᠳ︾ ᠢ ᠰᠢᠯᠭᠠᠷᠠᠭᠤᠯᠬᠤ ᠬᠠᠮᠢᠶ᠎ᠠ ᠪᠦᠬᠦᠢ ᠶᠠᠪᠤᠳᠠᠯ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号