ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ᠂ ᠶᠣᠰᠣ | ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ | ᠰᠤᠷᠤᠭᠴᠢᠳ ᠤᠨ ᠦᠨᠳᠦᠰᠦᠲᠡᠨ ᠤ ᠪᠦᠯᠬᠦᠮᠳᠡᠯ ᠢ ᠤᠬᠠᠮᠰᠠᠷ ᠠᠴᠠ ᠪᠠᠨ ᠬᠠᠮᠠᠭᠠᠯᠠᠬᠤ ᠶᠢ ᠠᠬᠢᠭᠤᠯᠵᠤ᠂ | ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠤ ᠢᠷᠠᠭᠤ ᠠᠯᠳᠠᠷᠲᠤ ᠰᠡᠳᠬᠢᠯᠭᠡ ᠪᠠ ᠵᠣᠬᠢᠶᠠᠨ | ᠪᠠᠶᠢᠭᠤᠯᠤᠯᠲᠠ ᠶᠢᠨ ᠬᠠᠷᠢᠶᠠᠯᠠᠭᠳᠠᠬᠤ ᠰᠡᠳᠬᠢᠯᠭᠡ ᠶᠢ ᠦᠨᠡᠨ ᠬᠦ ᠴᠢᠩᠭᠠᠳᠬᠠᠵᠤ᠂ ᠪᠠᠭᠠᠴᠤᠳ ᠬᠡᠦᠬᠡᠳ ᠢ | ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠣᠳᠬᠠᠬᠤ ᠶᠢᠨ ᠲᠥᠯᠥᠭᠡ᠂ ᠨᠢᠭᠡᠳᠦᠭᠡᠷ ᠮᠠᠰᠢᠨ ᠤ ᠲᠠᠪᠣᠳᠣᠭᠠᠷ ᠪᠠᠭ᠎ᠠ ᠰᠣᠷᠭᠠᠭᠤᠯᠢ ᠶᠢᠨ ᠲᠠᠪᠣᠳᠣᠭᠠᠷ ᠣᠨ ᠤ | ᠬᠢᠨ ︽ᠦᠨᠳᠦᠰᠦᠲᠡᠨ ᠤ ᠪᠥᠯᠬᠦᠮᠳᠡᠯ ᠨᠢᠭᠡ ᠭᠡᠷ ᠪᠦᠯᠢ ᠶᠢᠨ ᠭᠥᠮᠥᠨ ᠮᠡᠲᠦ ᠳᠣᠲᠣᠨᠣ︾ ᠭᠤᠤᠯ ᠰᠡᠳᠦᠪᠲᠦ | ᠠᠩᠭᠢ ᠶᠢᠨ ᠬᠤᠷᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠠᠩᠭᠢ ᠶᠢᠨ ᠬᠤᠷᠠᠯ ᠳᠤ᠂ ᠪᠠᠭᠰᠢ ᠨᠠᠷ ᠰᠢᠰᠲ᠋ᠧᠮ ᠲᠠᠢ ᠲᠠᠶᠢᠯᠪᠤᠷᠢᠯᠠᠬᠤ᠂ ᠸᠢᠳᠢᠣ᠋ ᠦᠵᠡᠬᠦ᠂ ᠳᠠᠭᠤᠤ ᠬᠥᠭᠵᠢᠮ | ᠰᠣᠨᠢᠷᠬᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠢ ᠳᠠᠭᠠᠭᠤᠯᠤᠨ ᠥᠨᠢ ᠤᠳᠠᠭᠠᠨ ᠤᠯᠠᠮᠵᠢᠯᠠᠯ ᠲᠠᠢ᠂ | ᠥᠷᠭᠡᠨ ᠳᠡᠯᠭᠡᠷ ᠭᠦᠨ ᠭᠦᠨᠵᠡᠭᠡᠶ ᠳᠤᠮᠳᠠᠳᠤ ᠶᠢᠨ ᠰᠣᠶᠣᠯ ᠢ ᠣᠶᠢᠯᠠᠭᠠᠭᠤᠯᠵᠤ᠂ ᠦᠨᠳᠦᠰᠦᠲᠡᠨ ᠨᠦᠭᠦᠳ ᠤᠨ | ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠠᠴᠠ ᠬᠠᠮᠲᠤ ᠪᠠᠷ ᠴᠢᠨᠡᠭᠡᠯᠢᠭᠵᠢᠬᠦ ᠰᠢᠨ᠎ᠡ ᠴᠠᠭ ᠦᠶ᠎ᠡ᠂ ᠰᠢᠨ᠎ᠡ ᠡᠭᠦᠷᠭᠡ | ᠬᠠᠷᠢᠭᠤᠴᠠᠯᠭ᠎ᠠ ᠳᠤ ᠬᠦᠷᠲᠡᠯ᠎ᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠣᠳᠬᠠᠬᠤ ᠶᠢ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠲᠠᠢ ᠦᠨᠡᠨ ᠬᠦ | ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠡᠨᠡ ᠬᠦ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠤᠯ ᠰᠢᠵᠢᠮ ᠢ ᠰᠣᠷᠣᠭᠴᠢ ᠨᠢᠭᠡᠪᠦᠷᠢ ᠶᠢᠨ | ᠰᠡᠳᠬᠢᠯ ᠳᠤ ᠭᠦᠨ ᠬᠠᠳᠠᠩᠰᠢᠭᠤᠯᠪᠠ᠃ |