︽︿ᠨᠠᠮ ᠤᠨ ᠪᠠᠶᠢᠭᠤᠯᠤᠯᠲᠠ ᠶᠢᠨ ᠬᠠᠮᠲᠤᠷᠠᠯ ᠤᠨ ᠬᠦᠴᠦᠨ﹀᠎ ᠢ ᠨᠢᠭᠲᠠᠷᠠᠭᠤᠯᠵᠤ    ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠨᠡᠮᠡᠷᠢᠯᠡᠨ᠎ᠡ︾
ᠨᠡᠶᠢᠲᠡᠯᠡᠭᠰᠡᠨ ᠴᠠᠭ᠄
2023/11/2
      C:\Users\Administrator\Desktop\2023.11.2青山区科学路街道办事处党工委副书记(主持街道党工委全面工作) 张斌\qsq_2023821112418_副本.jpg
      ᠰᠤᠷᠪᠤᠯᠵᠢᠯᠠᠭᠰᠠᠨ ᠭᠤᠣᠯ ᠰᠡᠳᠦᠪ᠄ ︽︿ᠨᠠᠮ ᠤᠨ ᠪᠠᠶᠢᠭᠤᠯᠤᠯᠲᠠ ᠶᠢᠨ ᠬᠠᠮᠲᠤᠷᠠᠯ ᠤᠨ ᠬᠦᠴᠦᠨ﹀᠎ ᠢ ᠨᠢᠭᠲᠠᠷᠠᠭᠤᠯᠵᠤ     ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠨᠡᠮᠡᠷᠢᠯᠡᠨ᠎ᠡ︾       ᠰᠤᠷᠪᠤᠯᠵᠢᠯᠠᠭᠰᠠᠨ ᠴᠠᠭ᠄ 2023 ᠣᠨ ᠤ 9 ᠰᠠᠷ᠎ᠠ ᠶᠢᠨ 19᠎ ᠤ ᠡᠳᠦᠷ       ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ︵ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ︶       ᠵᠠᠩ ᠪᠢᠨ       ᠰᠤᠷᠪᠤᠯᠵᠢᠯᠠᠭᠰᠠᠨ ᠠᠬᠤᠢ ᠪᠠᠶᠢᠳᠠᠯ᠄ ᠣᠶᠢᠷ᠎ᠠ ᠶᠢᠨ ᠵᠢᠯ ᠤᠳ ᠲᠤ᠂ ᠠᠮᠤᠷ ᠲᠦᠪᠰᠢᠨ ᠲᠣᠭᠲᠠᠭᠤᠨ ᠪᠠᠶᠢᠳᠠᠯ᠂ ᠬᠤᠲᠠ ᠶᠢᠨ ᠰᠢᠨᠡᠴᠢᠯᠡᠯᠲᠡ ᠬᠢᠭᠡᠳ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠣᠯᠠᠨ ᠳᠠᠪᠬᠤᠷ ᠡᠭᠦᠷᠭᠡ ᠳᠠᠪᠬᠤᠴᠠᠭᠰᠠᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠰᠢᠨᠵᠢᠯᠡᠬᠦ ᠤᠬᠠᠭᠠᠨᠴᠢ ᠵᠡᠭᠡᠯᠢ ᠭᠤᠳᠤᠮᠵᠢ ᠶᠢᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠠ ᠬᠥᠭᠵᠢᠯᠲᠡ ᠶᠢ ᠬᠥᠲᠥᠯᠥᠨ ᠳᠠᠭᠠᠭᠤᠯᠬᠤ ᠪᠠᠷ ᠭᠤᠣᠯ ᠱᠤᠭᠤᠮ ᠪᠣᠯᠭᠠᠵᠤ᠂ ᠲᠣᠣᠷᠵᠢᠯ ᠢ ᠪᠣᠳᠠᠲᠠᠶᠢᠵᠢᠭᠤᠯᠬᠤ ᠪᠠᠷ ᠭᠠᠷᠳᠠᠬᠤ ᠴᠡᠭ ᠪᠣᠯᠭᠠᠵᠤ᠂ ᠨᠠᠷᠢᠯᠢᠭᠵᠢᠭᠤᠯᠤᠨ ᠵᠠᠰᠠᠬᠤ ᠶᠢ ᠠᠬᠢᠭᠤᠯᠤᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠮᠲᠤ ᠪᠠᠷ ᠪᠠᠶᠢᠭᠤᠯᠤᠨ ᠬᠠᠮᠲᠤ ᠪᠠᠷ ᠵᠠᠰᠠᠬᠤ ᠶᠢ ᠪᠠᠷᠢᠮᠲᠠᠯᠠᠵᠤ᠂ ᠵᠠᠰᠠᠯᠲᠠ ᠶᠢᠨ ᠦᠢᠯᠡᠳᠦᠯ ᠴᠢᠳᠠᠪᠤᠷᠢ ᠪᠠ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃       【ᠬᠥᠲᠥᠯᠥᠭᠴᠢ】       ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠶᠢᠨ ᠦᠨᠳᠦᠰᠦᠨ ᠪᠠᠶᠢᠳᠠᠯ  ᠵᠢᠴᠢ ᠣᠨᠴᠠᠯᠢᠭ ᠢ ᠲᠠᠨᠢᠯᠴᠠᠭᠤᠯᠤᠨ᠎ᠠ ᠤᠤ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ    ᠵᠠᠩ ᠪᠢᠨ】       ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠨᠢ ᠪᠤᠭᠤᠲᠤ ᠬᠤᠲᠠ ᠶᠢᠨ ᠬᠠᠮᠤᠭ ᠤᠨ ᠬᠥᠭᠵᠢᠶᠡᠨ ᠨᠠᠷᠭᠢᠶᠠᠨ ᠲᠠᠢ ᠬᠤᠳᠠᠯᠳᠤᠭᠠᠨ ᠤ ᠲᠥᠪ ᠲᠤ ᠪᠠᠶᠢᠷᠢᠯᠠᠵᠤ᠂ ᠰᠠᠭᠤᠭᠠᠯᠢ ᠠᠷᠠᠳ ᠤᠨ ᠲᠣᠭᠤᠷᠢᠭ ᠨᠢᠭᠲᠠ᠂ ᠬᠥᠮᠥᠨ ᠠᠮᠠ ᠣᠯᠠᠨ ᠪᠠᠶᠢᠳᠠᠭ᠃ 7 ᠨᠡᠶᠢᠭᠡᠮ ᠲᠣᠭᠤᠷᠢᠭ ᠤᠨ 8 ᠰᠠᠭᠤᠭᠠᠯᠢ ᠠᠷᠠᠳ ᠤᠨ ᠵᠥᠪᠯᠡᠯ ᠢ ᠬᠠᠷᠢᠶᠠᠯᠠᠵᠤ᠂ 3.8 ᠲᠦᠮᠡᠨ ᠡᠷᠦᠬᠡ ᠨᠡᠶᠢᠲᠡ 6.03 ᠲᠦᠮᠡᠨ ᠰᠠᠭᠤᠭᠠᠯᠢ ᠠᠷᠠᠳ᠂ 76 ᠰᠠᠭᠤᠭᠠᠯᠢ ᠠᠷᠠᠳ ᠤᠨ ᠲᠣᠭᠤᠷᠢᠭ ᠪᠤᠢ᠃ ᠡᠭᠦᠨ ᠳᠤ ᠠᠳᠠᠯ ᠠᠬᠤᠢ ᠶᠢᠨ ᠵᠢᠵᠢᠭ ᠲᠣᠭᠤᠷᠢᠭ 54 ᠪᠣᠶ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠣᠣᠷ᠎ᠠ 7 ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ 78 ᠰᠦᠯᠵᠢᠶᠡᠨ ᠤ ᠨᠠᠮ ᠤᠨ ᠡᠭᠦᠷ᠂ 10 ︽ᠬᠤᠶᠠᠷ ᠰᠢᠨ᠎ᠡ︾ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ 3348 ᠬᠥᠮᠥᠨ ᠪᠣᠶ᠃ ᠵᠡᠭᠡᠯᠢ ᠭᠤᠳᠤᠮᠵᠢ ᠶᠢᠨ ᠬᠠᠷᠢᠶᠠᠨ ᠳᠠᠬᠢ ᠵᠢᠵᠢᠭ ᠲᠣᠭᠤᠷᠢᠭ ᠤᠨ ᠵᠥᠷᠢᠶ᠎ᠡ ᠨᠡᠯᠢᠶᠡᠳ ᠶᠡᠭᠡ᠂ ᠰᠢᠨ᠎ᠡ ᠪᠠᠷ ᠪᠠᠶᠢᠭᠤᠯᠤᠭᠰᠠᠨ ᠥᠨᠳᠥᠷ ᠳᠠᠪᠬᠤᠷᠭᠠᠲᠦ ᠠᠰᠠᠷ ᠤᠨ ᠵᠧᠩ ᠰᠢᠶᠠᠩ᠂ ᠸᠠᠨ ᠳ᠋ᠠ ᠨᠡᠶᠢᠭᠡᠮ ᠲᠤᠭᠤᠷᠢᠭ ᠪᠠᠶᠢᠨ᠎ᠠ᠂ ᠡᠭᠦᠨ ᠤ ᠬᠠᠮᠲᠤ ᠪᠠᠰᠠ ᠨᠡᠯᠢᠶᠡᠳ ᠬᠠᠭᠤᠴᠢᠷᠠᠭᠰᠠᠨ ᠨᠡᠬᠡᠮᠡᠯ᠂ ᠤᠭᠲᠤᠯᠭ᠎ᠠ ᠪᠠᠭ᠎ᠠ ᠲᠣᠭᠤᠷᠢᠭ᠂ ᠪᠠᠰᠠ ᠰᠠᠭᠤᠭᠠᠯᠢ ᠠᠷᠠᠳ ᠬᠤᠳᠠᠯᠳᠤᠭᠠᠴᠢᠨ ᠡᠷᠦᠬᠡ ᠬᠤᠯᠢᠯᠳᠤᠨ ᠰᠠᠭᠤᠷᠢᠰᠢᠭᠰᠠᠨ ᠬᠤᠳᠠᠯᠳᠤᠭ᠎ᠠ ᠪᠠ ᠣᠷᠣᠨ ᠰᠠᠭᠤᠴᠠ ᠶᠢ ᠨᠢᠭᠡ ᠴᠣᠭᠴᠠᠵᠢᠭᠤᠯᠤᠭᠰᠠᠨ ᠵᠢᠦ ᠰᠢᠩ᠂ ᠸᠠᠩ ᠯᠦᠩ ᠨᠡᠶᠢᠲᠡ ᠶᠢᠨ ᠰᠠᠭᠤᠴᠠ ᠪᠠᠶᠢᠵᠤ᠂ ᠰᠠᠭᠤᠭᠠᠯᠢ ᠠᠷᠠᠳ ᠤᠨ ᠪᠦᠲᠦᠴᠡ ᠶᠢ ᠤᠯᠠᠨ ᠡᠰᠢᠵᠢᠭᠦᠯᠵᠦ᠂ ᠦᠢᠯᠡᠴᠢᠯᠡᠭᠡᠨ ᠤ ᠬᠡᠷᠡᠭᠴᠡᠭᠡ ᠤᠯᠠᠨ ᠶᠠᠩᠵᠤ᠂ ᠡᠯ᠎ᠡ ᠵᠦᠢᠯ ᠤᠨ ᠠᠰᠢᠭ ᠲᠤᠰᠠ᠂ ᠵᠥᠷᠢᠴᠡᠯ ᠰᠤᠯᠪᠢᠴᠠᠭᠰᠠᠨ᠂ ᠨᠠᠷᠢᠨ ᠪᠤᠳᠤᠯᠢᠶᠠᠨᠲᠠᠢ ᠵᠠᠰᠠᠯᠲᠠ ᠶᠢᠨ ᠬᠦᠴᠢᠷ ᠠᠰᠠᠭᠤᠳᠠᠯ ᠤᠨ ᠡᠮᠦᠨ᠎ᠡ᠂ ᠪᠢᠳᠡ ᠨᠠᠮ ᠤᠨ ᠪᠠᠶᠢᠭᠤᠯᠤᠯᠲᠠ ᠪᠠᠷ ᠤᠯᠠᠨ ᠡᠰᠢᠴᠢᠯᠡᠨ ᠬᠠᠮᠲᠤᠪᠠᠷ ᠵᠠᠰᠠᠬᠤ ᠶᠢ ᠬᠥᠲᠥᠯᠥᠨ ᠳᠠᠭᠠᠭᠤᠯᠬᠤ ᠠᠷᠭ᠎ᠠ ᠶᠢ ᠰᠦᠪᠡᠭᠴᠢᠯᠡᠵᠦ ᠪᠠᠶᠢᠭᠠᠳ ᠦᠨᠳᠦᠰᠦᠨ ᠱᠠᠲᠤᠨ ᠤ ᠵᠠᠰᠠᠯᠲᠠ ᠶᠢ ᠶᠠᠪᠤᠭᠳᠠᠭᠤᠯᠵᠠᠢ᠃       【ᠬᠥᠲᠥᠯᠥᠭᠴᠢ】       ᠨᠡᠶᠢᠭᠡᠮ ᠲᠣᠭᠤᠷᠢᠭ ᠤᠨ ᠵᠠᠰᠠᠯᠲᠠ ᠶᠢᠨ ᠲᠠᠯ᠎ᠠ ᠪᠠᠷ ᠶᠠᠮᠠᠷ ᠶᠠᠮᠠᠷ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠶᠢᠬᠤ ᠪᠤᠢ︖       【ᠰᠤᠷᠪᠤᠯᠵᠢᠯᠠᠭ᠎ᠠ ᠬᠦᠯᠢᠶᠡᠭᠰᠡᠨ ᠵᠣᠴᠢᠨ    ᠵᠠᠩ ᠪᠢᠨ】        ᠡᠨᠡ ᠵᠢᠯ ᠠᠴᠠ ᠨᠠᠰᠢ᠂ ᠰᠢᠨᠵᠢᠯᠡᠬᠦ ᠤᠬᠠᠭᠠᠨᠴᠢ ᠵᠡᠭᠡᠯᠢ ᠭᠤᠳᠤᠮᠵᠢ ᠶᠢᠨ ᠬᠢᠨ ᠤᠯᠠᠨ ᠲᠦᠮᠡᠨ ᠤ ᠬᠡᠷᠡᠭᠴᠡᠭᠡ ᠪᠠ ᠦᠨᠳᠦᠰᠦᠨ ᠱᠠᠲᠤᠨ ᠤ ᠵᠠᠰᠠᠯᠲᠠ ᠶᠢᠨ ᠪᠣᠳᠠᠲᠠᠢ ᠪᠠᠶᠢᠳᠠᠯ ᠠᠴᠠ ᠡᠭᠦᠰᠬᠦ ᠶᠢ ᠪᠠᠷᠢᠮᠲᠠᠯᠠᠵᠤ᠂ ᠢᠯᠡ ᠠᠴᠢᠶᠠᠯᠠᠪᠤᠷᠢ᠂ ᠨᠠᠷᠢᠨ ᠤᠨᠤᠪᠴᠢᠲᠠᠢ ᠦᠢᠯᠡᠴᠢᠯᠡᠬᠦ᠂ ᠢᠯᠡ ᠲᠣᠳᠣ ᠣᠨᠴᠠᠯᠢᠭ ᠢᠶᠠᠷ ᠢᠶᠠᠨ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠴᠢᠳᠠᠪᠤᠷᠢ ᠪᠠ ᠵᠠᠰᠠᠯᠲᠠ ᠶᠢᠨ ᠲᠦᠪᠰᠢᠨ ᠤ ᠲᠠᠬᠢᠨ ᠳᠡᠭᠡᠭᠰᠢᠯᠡᠬᠦ ᠶᠢ ᠪᠦᠬᠦ ᠲᠠᠯ᠎ᠠ ᠪᠠᠷ ᠠᠬᠢᠭᠤᠯᠵᠠᠢ᠃       ᠨᠢᠭᠡ ᠳᠤ᠂ ᠰᠢᠰᠲ᠋ᠧᠮ ᠢ ᠨᠢᠭᠲᠠ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠤᠳᠠᠰᠤ ᠶᠢ ᠰᠢᠯᠤᠭᠤᠳᠬᠠᠨ᠎ᠠ᠃ ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠲᠡᠩᠭᠡᠯᠢᠭ︾᠎ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ᠂ ᠵᠠᠰᠠᠯᠲᠠ᠂ ᠦᠢᠯᠡᠴᠢᠯᠡᠭᠡᠨ ᠤ ︽ᠭᠤᠷᠪᠠᠨ ᠲᠣᠣᠷ ᠤᠨ ᠨᠡᠶᠢᠯᠡᠯ︾᠎ ᠳᠤ ᠰᠠᠭᠤᠷᠢᠯᠠᠵᠤ᠂ ︽ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ︱ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︱ ᠲᠤᠤᠷᠴᠢᠯᠠᠯ ᠤᠨ ᠨᠠᠮ ᠤᠨ ᠡᠭᠦᠷ ︱ ᠰᠠᠭᠤᠭᠠᠯᠢ ᠠᠷᠠᠳ ᠤᠨ ᠠᠰᠠᠷ ᠤᠨ ᠨᠠᠮ ᠤᠨ ᠳᠤᠭᠤᠶᠢᠯᠠᠩ︾᠎ ᠤᠨ ᠲᠦᠷᠪᠡᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ 32 ᠲᠤᠤᠷᠴᠢᠯᠠᠯ  ᠤᠨ ᠳᠠᠷᠤᠭ᠎ᠠ ᠶᠢ ᠰᠣᠩᠭᠤᠨ ᠤᠷᠢᠵᠤ᠂ ᠬᠠᠷᠢᠶ᠎ᠠ ᠣᠷᠣᠨ ᠤ ᠠᠬᠠᠮᠠᠳ ᠨᠠᠮ ᠤᠨ ᠭᠡᠰᠢᠭᠦᠨ᠂ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠢ ︽ᠦᠨᠳᠦᠰᠦᠨ ᠰᠢᠰᠲ᠋ᠧᠮ ᠤᠨ ᠬᠦᠴᠦᠨ︾᠎ ᠳᠤ ᠣᠷᠣᠭᠤᠯᠤᠨ ᠬᠠᠮᠲᠤᠪᠠᠷ ᠪᠣᠶᠢᠵᠢᠭᠤᠯᠵᠤ᠂ 263 ᠲᠤᠰᠢᠶᠠᠯ ᠬᠠᠪᠰᠤᠷᠭᠠᠭᠰᠠᠨ ᠲᠤᠤᠷᠴᠢᠯᠠᠯ  ᠤᠨ ᠠᠵᠢᠯᠲᠠᠨ ᠢ ᠪᠣᠶᠢᠵᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠨᠢᠭᠲᠠ ᠴᠢᠩᠭ᠎ᠠ ᠪᠣᠯᠭᠠᠵᠤ᠂ ᠨᠠᠮ ᠤᠨ ᠭᠡᠰᠢᠭᠦᠨ ᠤ ᠤᠯᠠᠨ ᠲᠦᠮᠡᠨ ᠲᠠᠢ ᠬᠠᠷᠢᠯᠴᠠᠬᠤ ᠰᠠᠭᠤᠷᠢ ᠶᠢ ᠪᠠᠲᠤᠳᠬᠠᠪᠠ᠃       ᠬᠤᠶᠠᠷ ᠲᠤ᠂ ᠡᠬᠢ ᠪᠠᠶᠠᠯᠢᠭ ᠢ ᠲᠥᠪᠯᠡᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠶᠠᠰᠤ ᠰᠢᠷᠪᠦᠰᠦ ᠶᠢ ᠴᠢᠩᠭᠠᠷᠠᠭᠤᠯᠤᠨ᠎ᠠ᠃ ᠰᠠᠭᠤᠭᠠᠯᠢ ᠠᠷᠠᠳ᠂ ᠠᠵᠤ ᠠᠬᠤᠶᠢᠯᠠᠯ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠬᠠᠷᠢᠶ᠎ᠠ ᠣᠷᠣᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠭᠦᠨ ᠠᠭᠤᠳᠠᠯᠵᠤ᠂ ᠨᠠᠮ ᠤᠨ ᠪᠠᠶᠢᠭᠤᠯᠤᠯᠲᠠ ᠶᠢᠨ ︽ᠪᠢᠴᠢᠯ ᠪᠣᠳᠠᠲᠤ ᠶᠠᠪᠤᠳᠠᠯ︾ ᠠᠷᠠᠳ ᠲᠦᠮᠡᠨ ᠳᠤ ᠦᠢᠯᠡᠴᠢᠯᠡᠬᠦ ᠲᠥᠷᠥᠯ ᠵᠦᠢᠯ ᠳᠤ ᠲᠦᠰᠢᠭᠯᠡᠵᠦ᠂ ᠰᠢᠨᠵᠢᠯᠡᠬᠦ ᠤᠬᠠᠭᠠᠨᠴᠢ ᠪᠠᠷ ᠰᠡᠳᠦᠪ ᠰᠣᠩᠭᠤᠬᠤ᠂ ᠬᠠᠷᠢᠶ᠎ᠠ ᠣᠷᠣᠨ ᠤ ᠳᠣᠲᠣᠷᠠᠬᠢ ᠡᠯ᠎ᠡ ᠰᠢᠰᠲ᠋ᠧᠮ᠂ ᠡᠯ᠎ᠡ ᠬᠦᠷᠢᠶ᠎ᠡ᠂ ᠡᠯ᠎ᠡ ᠬᠠᠮᠲᠤᠯᠢᠭ ᠢ ᠳᠠᠰᠤᠷᠠᠯᠳᠠ ᠦᠭᠡᠢ ᠬᠤᠯᠪᠣᠵᠤ᠂ ᠲᠣᠣᠷ ᠤᠨ ᠵᠠᠰᠠᠯᠲᠠ ᠶᠢ ᠳᠡᠭᠡᠭᠰᠢᠯᠡᠭᠦᠯᠬᠦ᠂ ᠬᠤᠳᠠᠯᠳᠤᠭᠠᠨ ᠤ ᠲᠣᠭᠤᠷᠢᠭ ᠤᠨ ᠴᠢᠳᠠᠪᠤᠷᠢ ᠶᠢ ᠨᠡᠮᠡᠭᠳᠡᠭᠦᠯᠬᠦ᠂ ᠵᠡᠭᠡᠯᠢ ᠲᠣᠭᠤᠷᠢᠭ ᠤᠨ ᠵᠠᠭᠪᠤᠷ ᠢ ᠴᠢᠳᠠᠮᠠᠭᠠᠢ ᠪᠠᠷ ᠵᠠᠰᠠᠬᠤ᠂ ᠨᠡᠶᠢᠭᠡᠮ ᠲᠣᠭᠤᠷᠢᠭ ᠤᠨ ᠰᠣᠶᠣᠯ ᠢᠷᠭᠡᠨᠰᠢᠯ ᠤᠨ ᠬᠠᠯᠠᠮᠵᠢᠯᠠᠯ ᠪᠠ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠮᠥᠰ ᠲᠤ ᠦᠢᠯᠡᠴᠢᠯᠡᠬᠦ ᠵᠡᠷᠭᠡ 9 ᠳᠦᠷᠦᠯ ᠵᠦᠢᠯ ᠢ ᠪᠦᠷᠢᠯᠳᠦᠭᠦᠯᠵᠦ᠂ ︽ᠳᠦᠷᠦᠯ ᠵᠦᠢᠯ ᠤᠨ ᠨᠠᠷᠢᠨ ᠳᠠᠩᠰᠠ︾᠂ ︽ᠲᠣᠪᠶᠤᠭ ᠤᠨ ᠮᠠᠶ᠋ᠢᠭ ᠤᠨ ᠦᠢᠯᠡᠴᠢᠯᠡᠭᠡ︾ ᠠᠷᠭ᠎ᠠ ᠪᠠᠷ ︽ᠶᠡᠭᠡ ᠨᠠᠮ ᠤᠨ ᠪᠠᠶᠢᠭᠤᠯᠤᠯᠲᠠ︾᠎ ᠶᠢᠨ ᠴᠢᠳᠠᠪᠤᠷᠢ ᠶᠢ ︽ᠪᠢᠴᠢᠯ ᠵᠠᠰᠠᠯᠲᠠ︾ ᠪᠣᠯᠭᠠᠵᠤ᠂ ᠡᠭᠦᠨ ᠤ ᠤᠯᠠᠮ ᠠᠴᠠ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠬᠦ ᠶᠢ ᠠᠬᠢᠭᠤᠯᠪᠠ᠃       ᠭᠤᠷᠪᠠ ᠳᠤ᠂ ᠬᠠᠮᠲᠤᠪᠠᠷ ᠵᠥᠪᠳᠡᠯᠴᠡᠨ ᠬᠠᠮᠲᠤᠪᠠᠷ ᠵᠠᠰᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ᠎ᠡ᠃ ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠶᠢᠨ ᠬᠢᠨ ᠨᠠᠮ ᠤᠨ ᠪᠠᠶᠢᠭᠤᠯᠤᠯᠲᠠ ᠶᠢᠨ ᠬᠡᠯᠬᠢᠶ᠎ᠡ ᠪᠠᠷ ᠦᠢᠯᠡᠴᠢᠯᠡᠭᠡᠨ ᠤ ᠬᠡᠯᠬᠢᠶ᠎ᠡ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠤᠬᠠᠭᠤᠯᠭ᠎ᠠ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ᠂ ᠰᠡᠯᠡᠭᠦᠴᠡᠨ ᠠᠮᠠᠷᠠᠬᠤ᠂ ᠠᠷᠠᠳ ᠤᠨ ᠰᠠᠨᠠᠭ᠎ᠠ ᠶᠢ ᠴᠤᠭᠯᠠᠭᠤᠯᠬᠤ᠂ ᠦᠨᠳᠦᠰᠦᠨ ᠱᠠᠲᠤᠨ ᠤ ᠬᠡᠷᠡᠭ ᠵᠥᠪᠯᠡᠬᠦ ᠶᠢ ᠨᠢᠭᠡ ᠴᠣᠭᠴᠠᠵᠢᠭᠤᠯᠤᠭᠰᠠᠨ ᠨᠠᠮ ᠤᠯᠠᠨ ᠲᠦᠮᠡᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠰᠢᠨ᠎ᠡ ᠪᠠᠷ ᠪᠠᠶᠢᠭᠤᠯᠵᠤ᠂ ᠨᠡᠶᠢᠳᠬᠡᠵᠦ᠂ ᠲᠡᠰ ᠳᠡᠪᠰᠢᠭᠦᠯᠪᠡ᠃ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠵᠣᠯᠭᠠᠭᠤᠯᠵᠤ᠂ ︽ᠤᠴᠢᠷ  ᠳᠤᠬᠢᠶᠠᠯᠳᠤᠪᠠᠯ ᠲᠠ ᠬᠡᠯᠡ︾᠂ ︽ᠬᠤᠪᠢᠰᠬᠠᠯᠲᠤ ᠵᠣᠭᠤᠭ ᠤᠨ ᠪᠦᠯᠬᠦᠮ︾ ᠵᠡᠷᠭᠡ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠴᠦ᠂ ᠬᠠᠮᠲᠤᠪᠠᠷ ᠵᠥᠪᠳᠡᠯᠴᠡᠨ ᠬᠠᠮᠲᠤᠪᠠᠷ ᠵᠠᠰᠠᠬᠤ ᠰᠠᠶᠢᠨ ᠰᠠᠶᠢᠬᠠᠨ ᠲᠣᠭᠲᠠᠴᠠ ᠪᠠᠷ ᠳᠠᠮᠵᠢᠭᠤᠯᠵᠤ᠂ ᠰᠠᠭᠤᠭᠠᠯᠢ ᠠᠷᠠᠳ ᠤᠨ ᠬᠠᠮᠲᠤ ᠶᠢᠨ ᠴᠣᠭᠴᠠ ᠶᠢᠨ ᠤᠬᠠᠮᠰᠠᠷ ᠢ  ᠪᠤᠶᠢᠵᠢᠭᠤᠯᠪᠠ᠃       【ᠬᠥᠲᠥᠯᠥᠭᠴᠢ】       ᠡᠲᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ ᠰᠢᠨᠵᠢᠯᠡᠬᠦ ᠤᠬᠠᠭᠠᠨᠴᠢ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢᠨ ᠲᠠᠯ᠎ᠠ ᠪᠠᠷ ᠶᠠᠮᠠᠷ ᠶᠠᠮᠠᠷ ᠳᠡᠭᠡᠭᠰᠢᠯᠡᠯᠲᠡ ᠲᠠᠢ ᠪᠣᠯᠤᠭᠰᠠᠨ ᠪᠣᠶ︖       【ᠰᠤᠷᠪᠤᠯᠵᠢᠯᠠᠭ᠎ᠠ ᠬᠦᠯᠢᠶᠡᠭᠰᠡᠨ ᠵᠣᠴᠢᠨ    ᠵᠠᠩ ᠪᠢᠨ】        ᠪᠢᠳᠡ ︽ᠲᠥᠷᠥᠯ ᠵᠦᠢᠯ ᠤᠨ ᠨᠠᠷᠢᠨ ᠲᠠᠩᠰᠠ︾ ︽ᠲᠣᠪᠶᠤᠭ ᠤᠨ ᠮᠠᠶ᠋ᠢᠭ ᠤᠨ ᠦᠢᠯᠡᠴᠢᠯᠡᠭᠡ︾ ᠵᠡᠷᠭᠡ ᠠᠵᠢᠯᠯᠠᠭ᠎ᠠ ᠪᠠᠷ ᠦᠨᠳᠦᠰᠦᠨ ᠱᠠᠲᠤᠨ ᠳᠤ ᠦᠢᠯᠡᠴᠢᠯᠡᠬᠦ ᠪᠠ ᠣᠯᠠᠨ ᠲᠦᠮᠡᠨ ᠳᠤ ᠦᠢᠯᠡᠴᠢᠯᠡᠬᠦ ︽ᠬᠠᠩᠭᠠᠯᠭ᠎ᠠ ᠶᠢᠨ ᠲᠠᠯ᠎ᠠ︾᠎ ᠶᠢ ᠴᠢᠩᠭᠠᠳᠬᠠᠵᠤ᠂ ᠥᠩᠭᠡᠷᠡᠭᠰᠡᠨ ᠤ ᠰᠠᠭᠤᠭᠠᠯᠢ ᠠᠷᠠᠳ ᠲᠤ ᠬᠠᠩᠭᠠᠵᠤ ᠪᠠᠶᠢᠭᠰᠠᠨ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠪᠦᠳᠦᠭᠦᠯᠢᠭ ᠮᠠᠶ᠋ᠢᠭ ᠤᠨ ᠦᠢᠯᠡᠴᠢᠯᠡᠭᠡ ᠶᠢ ᠨᠠᠷᠢᠯᠢᠭ ᠤᠨᠤᠪᠴᠢᠲᠠᠢ᠂ ᠨᠠᠷᠢᠯᠢᠭ ᠦᠢᠯᠡᠴᠢᠯᠡᠭᠡ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠪᠥᠬᠦ ᠣᠷᠣᠨ ᠪᠦᠰᠡ ᠪᠠᠷ ᠴᠤᠭᠯᠠᠭᠤᠯᠤᠨ ᠬᠠᠮᠤᠷᠬᠤ᠂ ᠪᠥᠬᠦ ᠶᠠᠪᠤᠴᠠ ᠶᠢᠨ ᠲᠤᠭ᠎ᠠ ᠪᠠᠷᠢᠮᠲᠠ ᠶᠢ ᠵᠠᠳᠠᠯᠬᠤ᠂ ᠪᠥᠬᠦ ᠡᠳᠦᠷ ᠢᠶᠠᠷ ᠴᠠᠭ ᠲᠤᠬᠠᠢ ᠎ ᠳᠤᠨᠢ ᠳᠠᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ︽ᠪᠢᠴᠢᠯ ᠣᠷᠴᠢᠯ︾᠎ ᠢ ᠰᠠᠭᠠᠳ ᠦᠭᠡᠢ ᠨᠡᠪᠲᠡᠷᠡᠭᠦᠯᠪᠡ᠃ ᠵᠡᠭᠡᠯᠢ ᠭᠤᠳᠤᠮᠵᠢ ᠶᠢᠨ ᠬᠢᠨ ᠬᠠᠷᠢᠶ᠎ᠠ ᠣᠷᠣᠨ ᠤ ᠪᠠᠨ ᠡᠯ᠎ᠡ ᠬᠦᠷᠢᠶᠡᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠤᠯᠪᠣᠬᠤ ︽ᠲᠡᠩᠭᠡᠯᠢᠭ︾᠎ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠬᠤᠯᠪᠤᠭᠠᠯᠠᠨ ᠪᠠᠶᠢᠭᠤᠯᠵᠤ ᠬᠠᠮᠲᠤᠪᠠᠷ ᠪᠠᠶᠢᠭᠤᠯᠬᠤ ᠪᠠᠷ ᠳᠠᠮᠵᠢᠭᠤᠯᠵᠤ᠂ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠵᠠᠰᠠᠯᠲᠠ ᠎ ᠨᠢ ︽ᠭᠠᠭᠴᠠᠭᠠᠷ ᠲᠡᠮᠡᠴᠡᠬᠦ︾᠎ ᠠᠴᠠ ︽ᠬᠦᠴᠦ ᠪᠠᠨ ᠬᠠᠮᠲᠤᠳᠬᠠᠬᠤ︾ ᠲᠡᠰᠢ ᠰᠢᠯᠵᠢᠵᠦ᠂ ᠡᠬᠢ ᠪᠠᠶᠠᠯᠢᠭ ᠢ ᠨᠡᠶᠢᠳᠭᠡᠬᠦ ᠪᠠ ᠬᠦᠴᠦᠨ ᠢ ᠨᠢᠭᠡᠳᠦᠯᠲᠡᠢ ᠲᠥᠯᠥᠪᠵᠢᠭᠦᠯᠬᠦ ᠶᠢ ᠨᠡᠯᠢᠶᠡᠳ ᠰᠠᠶᠢᠨ ᠪᠡᠶᠡᠯᠡᠭᠦᠯᠵᠦ᠂ ᠡᠯ᠎ᠡ ᠬᠦᠷᠢᠶᠡᠨ ᠤ ᠨᠠᠮ ᠤᠨ ᠵᠣᠬᠢᠶᠠᠨ ᠪᠠᠶᠢᠭᠤᠯᠤᠯᠲᠠ ᠴᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠳᠤᠮᠳᠠ ᠲᠤᠰ ᠪᠡᠶ᠎ᠡ ᠶᠢᠨ ᠵᠣᠬᠢᠶᠠᠨ ᠪᠠᠶᠢᠭᠤᠯᠬᠤ ᠬᠦᠴᠦᠨ ᠢᠶᠠᠨ ᠪᠦᠲᠦᠮᠵᠢᠲᠡᠢ ᠳᠡᠭᠡᠭᠰᠢᠯᠡᠭᠦᠯᠦᠭᠰᠡᠨ ᠪᠠᠶᠢᠨ᠎ᠠ᠃       【ᠬᠥᠲᠥᠯᠥᠭᠴᠢ】       ᠲᠠᠷᠠᠭᠠᠴᠢ ᠶᠢᠨ ᠠᠯᠬᠤᠮ ᠳᠤ᠂ ᠰᠢᠨᠵᠢᠯᠡᠬᠦ ᠤᠬᠠᠭᠠᠨᠴᠢ ᠵᠡᠭᠡᠯᠢ ᠭᠤᠳᠤᠮᠵᠢ ᠶᠢᠨ ᠶᠡᠷᠦᠩᠬᠡᠢ ᠠᠵᠢᠯ ᠤᠨ ᠰᠡᠳᠬᠢᠮᠵᠢ ᠨᠢ ᠶᠠᠭᠤ ᠪᠣᠶ︖       【ᠰᠤᠷᠪᠤᠯᠵᠢᠯᠠᠭ᠎ᠠ ᠬᠦᠯᠢᠶᠡᠭᠰᠡᠨ ᠵᠣᠴᠢᠨ    ᠵᠠᠩ ᠪᠢᠨ】        ᠨᠢᠭᠡ ᠳᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢᠶᠠᠷ ᠰᠠᠭᠤᠷᠢ ᠪᠣᠯᠭᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠠᠭᠤᠭᠠᠯᠢ ᠠᠷᠠᠳ ᠤᠨ ᠲᠣᠭᠤᠷᠢᠭ ᠤᠨ ᠴᠢᠳᠠᠪᠬᠢ ᠶᠢ ᠳᠡᠭᠡᠭᠰᠢᠯᠡᠭᠦᠯᠵᠦ᠂ ᠨᠢᠭᠡ ᠨᠡᠶᠢᠭᠡᠮ  ᠲᠤᠭᠤᠷᠢᠭ ᠨᠢᠭᠡ ᠤᠨᠴᠠᠯᠢᠭ ᠲᠠᠢ ᠪᠠᠶᠢᠬᠤ ᠶᠢ ᠪᠤᠢ ᠪᠣᠯᠭᠠᠵᠤ᠂ ︽ᠨᠡᠶᠢᠭᠡᠮ ᠲᠣᠭᠤᠷᠢᠭ ᠤᠨ ᠲᠦᠷᠦᠯ ᠲᠡᠮᠳᠡᠭᠵᠢᠭᠦᠯᠬᠦ᠂ ᠪᠠᠭ᠎ᠠ ᠲᠣᠭᠤᠷᠢᠭ ᠤᠨ ᠣᠨᠴᠠᠯᠢᠭᠵᠢᠭᠤᠯᠬᠤ᠂ ᠦᠢᠯᠡᠴᠢᠯᠡᠭᠡ ᠶᠢ ᠨᠠᠷᠢᠯᠢᠭᠵᠢᠭᠤᠯᠬᠤ︾᠎ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠣᠷᠣᠯᠠᠨ ᠬᠠᠮᠢᠶᠠᠷᠬᠤ ᠶᠢ ᠠᠳᠠᠯ ᠠᠬᠤᠢ ᠶᠢᠨ ᠲᠤᠰᠬᠠᠶᠢᠵᠢᠭᠰᠠᠨ ᠦᠢᠯᠡᠴᠢᠯᠡᠭᠡ ᠲᠡᠰᠢ ᠰᠢᠯᠵᠢᠭᠦᠯᠬᠦ ᠶᠢ ᠲᠦᠷᠭᠡᠨ ᠠᠬᠢᠭᠤᠯᠵᠤ᠂ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠤᠨ ᠥᠭᠡᠷᠡᠴᠢᠯᠡᠯᠲᠡ ᠶᠢ ᠦᠨᠡᠨᠬᠦ ᠠᠷᠠᠳ ᠤᠯᠠᠨ ᠤ ᠰᠡᠳᠬᠢᠯ ᠳᠤ  ᠤᠷᠤᠭᠤᠯᠤᠨ᠎ᠠ᠃ ᠬᠤᠶᠠᠷ ᠲᠤ᠂ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠢᠶᠠᠷ ᠲᠠᠪᠴᠠᠩ ᠪᠣᠯᠭᠠᠵᠤ᠂ ᠴᠢᠩᠱᠠᠨ ᠲᠣᠭᠤᠷᠢᠭ ᠤᠨ ︽ᠬᠤᠶᠠᠷ ᠰᠢᠨ᠎ᠡ︾ ᠨᠠᠮ ᠤᠨ ᠠᠵᠢᠯᠯᠠᠬᠤ ᠬᠤᠷᠢᠶ᠎ᠠ ᠶᠢᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠢ ᠳᠠᠭᠠᠭᠠᠴᠢᠯᠠᠨ ᠪᠠᠶᠢᠭᠤᠯᠵᠤ᠂ ᠵᠧᠩ ᠰᠢᠶᠠᠩ ᠬᠤᠸᠠ ᠯᠢᠶᠠᠨ ᠬᠤᠳᠠᠯᠳᠤᠭᠠᠨ ᠤ ᠵᠡᠭᠡᠯᠢ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠢ ᠰᠢᠨ᠎ᠡ ᠪᠠᠷ ᠪᠠᠶᠢᠭᠤᠯᠵᠤ᠂ ᠵᠢᠦ ᠰᠢᠩ ᠲᠣᠭᠠᠴᠢᠯᠠᠭᠰᠠᠨ ᠬᠤᠳᠠᠯᠳᠤᠭᠠᠨ ᠤ ᠶᠠᠪᠤᠳᠠᠯ ᠤᠨ ᠲᠣᠭᠤᠷᠢᠭ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠢ ᠲᠡᠰ ᠳᠡᠪᠰᠢᠭᠦᠯᠵᠦ᠂ ᠸᠠᠨ ᠳ᠋ᠠ ᠤᠯᠠᠭᠠᠨ ᠤᠯᠠᠭ᠎ᠠ ᠦᠷᠳᠡᠭᠡ ᠶᠢ ᠪᠠᠬᠢᠵᠢᠭᠦᠯᠦᠨ ᠳᠡᠭᠡᠭᠰᠢᠯᠡᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠬᠠᠷᠢᠶ᠎ᠠ ᠣᠷᠣᠨ ᠤ ᠡᠯ᠎ᠡ ᠲᠦᠷᠦᠯ ᠤᠨ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠢ ᠬᠤᠯᠪᠣᠵᠤ᠂ ᠬᠢᠯᠠᠰ ᠴᠡᠭ ᠲᠣᠪᠣᠶᠢᠮ᠎ᠠ ᠣᠷᠣᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠤᠨ ᠵᠢᠱᠢᠶ᠎ᠡ ᠦᠵᠡᠭᠦᠯᠬᠦ ᠪᠦᠰᠡ ᠶᠢ ᠪᠦᠷᠢᠯᠳᠦᠭᠦᠯᠦᠨ᠎ᠡ᠃ ᠭᠤᠷᠪᠠ ᠳᠤ᠂ ᠠᠷᠠᠳ ᠲᠦᠮᠡᠨ ᠳᠤ ᠦᠢᠯᠡᠴᠢᠯᠡᠬᠦ ᠪᠠᠷ ᠭᠤᠣᠯᠳᠠᠯᠭ᠎ᠠ ᠪᠣᠯᠭᠠᠵᠤ᠂ ᠤᠮᠠᠷᠠᠲᠤ ᠬᠢᠯᠢ ᠶᠢᠨ ᠬᠤᠪᠢᠰᠬᠠᠯ ᠤᠨ ᠲᠣᠣᠷᠵᠢᠯ ᠤᠨ ᠵᠠᠰᠠᠯᠲᠠ ᠶᠢᠨ ᠠᠵᠢᠯ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭᠠᠨ ᠤ ᠶᠠᠪᠤᠳᠠᠯ ᠤᠨ ᠠᠰᠠᠷ᠂ ᠬᠤᠳᠠᠯᠳᠤᠭᠠᠨ ᠤ ᠬᠦᠷᠢᠶᠡᠨ ᠤ ᠵᠠᠬ᠎ᠠ ᠳᠡᠯᠭᠡᠭᠦᠷ ᠵᠡᠷᠭᠡ ᠲᠤᠰᠬᠠᠢ ᠬᠠᠷᠢᠶᠠᠯᠠᠭᠳᠠᠬᠤ ᠲᠣᠣᠷᠵᠢᠯ ᠤᠨ ᠪᠠᠶᠢᠷᠢᠯᠠᠭᠤᠯᠤᠯᠲᠠ ᠶᠢ ᠠᠬᠢᠭᠤᠯᠵᠤ᠂ ᠬᠦᠴᠦᠨ ᠢ ᠲᠠᠶᠢᠴᠢᠯᠠᠨ ᠲᠤᠰᠢᠶᠠᠯ ᠬᠠᠪᠰᠤᠷᠭᠠᠭᠰᠠᠨ ᠲᠣᠣᠷᠵᠢᠯ ᠤᠨ ᠠᠵᠢᠯᠲᠠᠨ ᠢ ᠢᠳᠡᠪᠬᠢᠲᠡᠢ ᠰᠣᠩᠭᠤᠨ ᠤᠷᠢᠵᠤ᠂ ᠰᠡᠳᠬᠢᠯ ᠢ ᠳᠤᠯᠠᠭᠠᠴᠠᠭᠤᠯᠬᠤ ᠰᠠᠯᠪᠤᠷᠢ ᠪᠠᠭ᠎ᠠ ᠠᠩᠭᠢ  ᠪᠠ ᠠᠵᠢᠯ ᠳᠤ ᠪᠠᠶᠢᠭ᠎ᠠ ᠨᠠᠮ ᠤᠨ ᠭᠡᠰᠢᠭᠦᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠦᠬᠦ ᠠᠷᠠᠳ ᠢᠶᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠬᠤ ᠠᠵᠢᠯ ᠤᠨ ᠪᠠᠶᠢᠷᠢᠰᠢᠯ ᠢ ᠪᠠᠶᠢᠭᠤᠯᠤᠨ᠎ᠠ᠃ ᠳᠥᠷᠪᠡ ᠳᠤ᠂ ᠣᠷᠣᠨ ᠪᠦᠰᠡ ᠶᠢᠨ ᠡᠬᠢ ᠪᠠᠶᠠᠯᠢᠭ ᠢᠶᠠᠷ ᠬᠠᠮᠲᠤᠷᠠᠯ ᠬᠦᠴᠦᠨ ᠪᠣᠯᠭᠠᠵᠤ᠂ ᠬᠠᠷᠢᠶ᠎ᠠ ᠣᠷᠣᠨ ᠤ ᠡᠯ᠎ᠡ ᠲᠦᠷᠦᠯ ᠤᠨ ᠡᠬᠢ ᠪᠠᠶᠠᠯᠢᠭ ᠢ ᠠᠮᠢᠳᠤᠯᠢᠭᠵᠢᠭᠤᠯᠵᠤ᠂ ᠬᠤᠯᠪᠤᠭᠠᠯᠠᠨ ᠬᠥᠳᠡᠯᠦᠯᠴᠡᠬᠦ ᠡᠬᠢ ᠪᠠᠶᠠᠯᠢᠭ ᠤᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠵᠦ᠂ ᠮᠥᠩᠭᠦᠨ ᠭᠦᠢᠯᠭᠡᠭᠡᠨ ᠤ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠠᠷᠢᠶ᠎ᠠ ᠣᠷᠣᠨ ᠤ ᠠᠵᠤ ᠠᠬᠤᠶᠢᠯᠠᠯ ᠳᠤ ᠨᠡᠩ ᠤᠯᠠᠨ ᠠᠰᠢᠭᠲᠠᠢ ᠬᠥᠭᠵᠢᠯᠲᠡ ᠶᠢᠨ ᠲᠦᠷᠦ ᠶᠢᠨ ᠪᠣᠳᠣᠯᠭ᠎ᠠ ᠪᠠ ᠳᠡᠮᠵᠢᠯᠭᠡ ᠶᠢ ᠲᠡᠮᠡᠴᠡᠨ ᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号