| | | | | ᠰᠤᠷᠪᠤᠯᠵᠢᠯᠠᠭᠰᠠᠨ ᠭᠤᠣᠯ ᠰᠡᠳᠦᠪ᠄ ︽︿ᠨᠠᠮ ᠤᠨ ᠪᠠᠶᠢᠭᠤᠯᠤᠯᠲᠠ ᠶᠢᠨ ᠬᠠᠮᠲᠤᠷᠠᠯ ᠤᠨ ᠬᠦᠴᠦᠨ﹀ ᠢ | ᠨᠢᠭᠲᠠᠷᠠᠭᠤᠯᠵᠤ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠨᠡᠮᠡᠷᠢᠯᠡᠨ᠎ᠡ︾ | ᠰᠤᠷᠪᠤᠯᠵᠢᠯᠠᠭᠰᠠᠨ ᠴᠠᠭ᠄ 2023 ᠣᠨ ᠤ 9 ᠰᠠᠷ᠎ᠠ ᠶᠢᠨ 19 ᠤ ᠡᠳᠦᠷ | ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠰᠢᠨᠵᠢᠯᠡᠬᠦ ᠤᠬᠠᠭᠠᠨᠴᠢ ᠵᠠᠮ ᠤᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ︵ᠵᠡᠭᠡᠯᠢ | ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ︶ ᠵᠠᠩ ᠪᠢᠨ | ᠰᠤᠷᠪᠤᠯᠵᠢᠯᠠᠭᠰᠠᠨ ᠠᠬᠤᠢ ᠪᠠᠶᠢᠳᠠᠯ᠄ ᠣᠶᠢᠷ᠎ᠠ ᠶᠢᠨ ᠵᠢᠯ ᠤᠳ ᠲᠤ᠂ ᠠᠮᠤᠷ ᠲᠦᠪᠰᠢᠨ ᠲᠣᠭᠲᠠᠭᠤᠨ ᠪᠠᠶᠢᠳᠠᠯ᠂ | ᠬᠤᠲᠠ ᠶᠢᠨ ᠰᠢᠨᠡᠴᠢᠯᠡᠯᠲᠡ ᠬᠢᠭᠡᠳ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠣᠯᠠᠨ ᠳᠠᠪᠬᠤᠷ ᠡᠭᠦᠷᠭᠡ | ᠳᠠᠪᠬᠤᠴᠠᠭᠰᠠᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠰᠢᠨᠵᠢᠯᠡᠬᠦ ᠤᠬᠠᠭᠠᠨᠴᠢ ᠵᠡᠭᠡᠯᠢ | ᠭᠤᠳᠤᠮᠵᠢ ᠶᠢᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠵᠠᠰᠠᠯᠲᠠ ᠪᠠ ᠬᠥᠭᠵᠢᠯᠲᠡ ᠶᠢ ᠬᠥᠲᠥᠯᠥᠨ ᠳᠠᠭᠠᠭᠤᠯᠬᠤ ᠪᠠᠷ ᠭᠤᠣᠯ ᠱᠤᠭᠤᠮ ᠪᠣᠯᠭᠠᠵᠤ᠂ | ᠲᠣᠣᠷᠵᠢᠯ ᠢ ᠪᠣᠳᠠᠲᠠᠶᠢᠵᠢᠭᠤᠯᠬᠤ ᠪᠠᠷ ᠭᠠᠷᠳᠠᠬᠤ ᠴᠡᠭ ᠪᠣᠯᠭᠠᠵᠤ᠂ ᠨᠠᠷᠢᠯᠢᠭᠵᠢᠭᠤᠯᠤᠨ ᠵᠠᠰᠠᠬᠤ ᠶᠢ ᠠᠬᠢᠭᠤᠯᠤᠨ᠂ | ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠮᠲᠤ ᠪᠠᠷ ᠪᠠᠶᠢᠭᠤᠯᠤᠨ ᠬᠠᠮᠲᠤ ᠪᠠᠷ ᠵᠠᠰᠠᠬᠤ ᠶᠢ | ᠪᠠᠷᠢᠮᠲᠠᠯᠠᠵᠤ᠂ ᠵᠠᠰᠠᠯᠲᠠ ᠶᠢᠨ ᠦᠢᠯᠡᠳᠦᠯ ᠴᠢᠳᠠᠪᠤᠷᠢ ᠪᠠ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠪᠡ᠃ | 【ᠬᠥᠲᠥᠯᠥᠭᠴᠢ】 | ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠶᠢᠨ ᠦᠨᠳᠦᠰᠦᠨ ᠪᠠᠶᠢᠳᠠᠯ ᠵᠢᠴᠢ ᠣᠨᠴᠠᠯᠢᠭ ᠢ | ᠲᠠᠨᠢᠯᠴᠠᠭᠤᠯᠤᠨ᠎ᠠ ᠤᠤ︖ | 【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠵᠠᠩ ᠪᠢᠨ】 | ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠨᠢ ᠪᠤᠭᠤᠲᠤ ᠬᠤᠲᠠ ᠶᠢᠨ ᠬᠠᠮᠤᠭ ᠤᠨ ᠬᠥᠭᠵᠢᠶᠡᠨ | ᠨᠠᠷᠭᠢᠶᠠᠨ ᠲᠠᠢ ᠬᠤᠳᠠᠯᠳᠤᠭᠠᠨ ᠤ ᠲᠥᠪ ᠲᠤ ᠪᠠᠶᠢᠷᠢᠯᠠᠵᠤ᠂ ᠰᠠᠭᠤᠭᠠᠯᠢ ᠠᠷᠠᠳ ᠤᠨ ᠲᠣᠭᠤᠷᠢᠭ ᠨᠢᠭᠲᠠ᠂ ᠬᠥᠮᠥᠨ | ᠠᠮᠠ ᠣᠯᠠᠨ ᠪᠠᠶᠢᠳᠠᠭ᠃ 7 ᠨᠡᠶᠢᠭᠡᠮ ᠲᠣᠭᠤᠷᠢᠭ ᠤᠨ 8 ᠰᠠᠭᠤᠭᠠᠯᠢ ᠠᠷᠠᠳ ᠤᠨ ᠵᠥᠪᠯᠡᠯ ᠢ ᠬᠠᠷᠢᠶᠠᠯᠠᠵᠤ᠂ 3.8 | ᠲᠦᠮᠡᠨ ᠡᠷᠦᠬᠡ ᠨᠡᠶᠢᠲᠡ 6.03 ᠲᠦᠮᠡᠨ ᠰᠠᠭᠤᠭᠠᠯᠢ ᠠᠷᠠᠳ᠂ 76 ᠰᠠᠭᠤᠭᠠᠯᠢ ᠠᠷᠠᠳ ᠤᠨ ᠲᠣᠭᠤᠷᠢᠭ ᠪᠤᠢ᠃ | ᠡᠭᠦᠨ ᠳᠤ ᠠᠳᠠᠯ ᠠᠬᠤᠢ ᠶᠢᠨ ᠵᠢᠵᠢᠭ ᠲᠣᠭᠤᠷᠢᠭ 54 ᠪᠣᠶ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶ᠎ᠠ ᠶᠢᠨ ᠳᠣᠣᠷ᠎ᠠ 7 ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ 78 ᠰᠦᠯᠵᠢᠶᠡᠨ ᠤ ᠨᠠᠮ ᠤᠨ ᠡᠭᠦᠷ᠂ 10 | ︽ᠬᠤᠶᠠᠷ ᠰᠢᠨ᠎ᠡ︾ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ 3348 ᠬᠥᠮᠥᠨ ᠪᠣᠶ᠃ ᠵᠡᠭᠡᠯᠢ | ᠭᠤᠳᠤᠮᠵᠢ ᠶᠢᠨ ᠬᠠᠷᠢᠶᠠᠨ ᠳᠠᠬᠢ ᠵᠢᠵᠢᠭ ᠲᠣᠭᠤᠷᠢᠭ ᠤᠨ ᠵᠥᠷᠢᠶ᠎ᠡ ᠨᠡᠯᠢᠶᠡᠳ ᠶᠡᠭᠡ᠂ ᠰᠢᠨ᠎ᠡ ᠪᠠᠷ ᠪᠠᠶᠢᠭᠤᠯᠤᠭᠰᠠᠨ | ᠥᠨᠳᠥᠷ ᠳᠠᠪᠬᠤᠷᠭᠠᠲᠦ ᠠᠰᠠᠷ ᠤᠨ ᠵᠧᠩ ᠰᠢᠶᠠᠩ᠂ ᠸᠠᠨ ᠳ᠋ᠠ ᠨᠡᠶᠢᠭᠡᠮ ᠲᠤᠭᠤᠷᠢᠭ ᠪᠠᠶᠢᠨ᠎ᠠ᠂ ᠡᠭᠦᠨ ᠤ ᠬᠠᠮᠲᠤ | ᠪᠠᠰᠠ ᠨᠡᠯᠢᠶᠡᠳ ᠬᠠᠭᠤᠴᠢᠷᠠᠭᠰᠠᠨ ᠨᠡᠬᠡᠮᠡᠯ᠂ ᠤᠭᠲᠤᠯᠭ᠎ᠠ ᠪᠠᠭ᠎ᠠ ᠲᠣᠭᠤᠷᠢᠭ᠂ ᠪᠠᠰᠠ ᠰᠠᠭᠤᠭᠠᠯᠢ ᠠᠷᠠᠳ | ᠬᠤᠳᠠᠯᠳᠤᠭᠠᠴᠢᠨ ᠡᠷᠦᠬᠡ ᠬᠤᠯᠢᠯᠳᠤᠨ ᠰᠠᠭᠤᠷᠢᠰᠢᠭᠰᠠᠨ ᠬᠤᠳᠠᠯᠳᠤᠭ᠎ᠠ ᠪᠠ ᠣᠷᠣᠨ ᠰᠠᠭᠤᠴᠠ ᠶᠢ ᠨᠢᠭᠡ | ᠴᠣᠭᠴᠠᠵᠢᠭᠤᠯᠤᠭᠰᠠᠨ ᠵᠢᠦ ᠰᠢᠩ᠂ ᠸᠠᠩ ᠯᠦᠩ ᠨᠡᠶᠢᠲᠡ ᠶᠢᠨ ᠰᠠᠭᠤᠴᠠ ᠪᠠᠶᠢᠵᠤ᠂ ᠰᠠᠭᠤᠭᠠᠯᠢ ᠠᠷᠠᠳ ᠤᠨ | ᠪᠦᠲᠦᠴᠡ ᠶᠢ ᠤᠯᠠᠨ ᠡᠰᠢᠵᠢᠭᠦᠯᠵᠦ᠂ ᠦᠢᠯᠡᠴᠢᠯᠡᠭᠡᠨ ᠤ ᠬᠡᠷᠡᠭᠴᠡᠭᠡ ᠤᠯᠠᠨ ᠶᠠᠩᠵᠤ᠂ ᠡᠯ᠎ᠡ ᠵᠦᠢᠯ ᠤᠨ ᠠᠰᠢᠭ | ᠲᠤᠰᠠ᠂ ᠵᠥᠷᠢᠴᠡᠯ ᠰᠤᠯᠪᠢᠴᠠᠭᠰᠠᠨ᠂ ᠨᠠᠷᠢᠨ ᠪᠤᠳᠤᠯᠢᠶᠠᠨᠲᠠᠢ ᠵᠠᠰᠠᠯᠲᠠ ᠶᠢᠨ ᠬᠦᠴᠢᠷ ᠠᠰᠠᠭᠤᠳᠠᠯ ᠤᠨ ᠡᠮᠦᠨ᠎ᠡ᠂ | ᠪᠢᠳᠡ ᠨᠠᠮ ᠤᠨ ᠪᠠᠶᠢᠭᠤᠯᠤᠯᠲᠠ ᠪᠠᠷ ᠤᠯᠠᠨ ᠡᠰᠢᠴᠢᠯᠡᠨ ᠬᠠᠮᠲᠤᠪᠠᠷ ᠵᠠᠰᠠᠬᠤ ᠶᠢ ᠬᠥᠲᠥᠯᠥᠨ ᠳᠠᠭᠠᠭᠤᠯᠬᠤ | ᠠᠷᠭ᠎ᠠ ᠶᠢ ᠰᠦᠪᠡᠭᠴᠢᠯᠡᠵᠦ ᠪᠠᠶᠢᠭᠠᠳ ᠦᠨᠳᠦᠰᠦᠨ ᠱᠠᠲᠤᠨ ᠤ ᠵᠠᠰᠠᠯᠲᠠ ᠶᠢ ᠶᠠᠪᠤᠭᠳᠠᠭᠤᠯᠵᠠᠢ᠃ | 【ᠬᠥᠲᠥᠯᠥᠭᠴᠢ】 | ᠨᠡᠶᠢᠭᠡᠮ ᠲᠣᠭᠤᠷᠢᠭ ᠤᠨ ᠵᠠᠰᠠᠯᠲᠠ ᠶᠢᠨ ᠲᠠᠯ᠎ᠠ ᠪᠠᠷ ᠶᠠᠮᠠᠷ ᠶᠠᠮᠠᠷ ᠰᠢᠨ᠎ᠡ ᠶᠢ ᠡᠭᠦᠳᠬᠦ ᠠᠷᠭ᠎ᠠ ᠬᠡᠮᠵᠢᠶ᠎ᠡ | ᠪᠠᠶᠢᠬᠤ ᠪᠤᠢ︖ | 【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠵᠠᠩ ᠪᠢᠨ】 | ᠡᠨᠡ ᠵᠢᠯ ᠠᠴᠠ ᠨᠠᠰᠢ᠂ ᠰᠢᠨᠵᠢᠯᠡᠬᠦ ᠤᠬᠠᠭᠠᠨᠴᠢ ᠵᠡᠭᠡᠯᠢ ᠭᠤᠳᠤᠮᠵᠢ ᠶᠢᠨ ᠬᠢᠨ ᠤᠯᠠᠨ ᠲᠦᠮᠡᠨ ᠤ ᠬᠡᠷᠡᠭᠴᠡᠭᠡ | ᠪᠠ ᠦᠨᠳᠦᠰᠦᠨ ᠱᠠᠲᠤᠨ ᠤ ᠵᠠᠰᠠᠯᠲᠠ ᠶᠢᠨ ᠪᠣᠳᠠᠲᠠᠢ ᠪᠠᠶᠢᠳᠠᠯ ᠠᠴᠠ ᠡᠭᠦᠰᠬᠦ ᠶᠢ ᠪᠠᠷᠢᠮᠲᠠᠯᠠᠵᠤ᠂ ᠢᠯᠡ | ᠠᠴᠢᠶᠠᠯᠠᠪᠤᠷᠢ᠂ ᠨᠠᠷᠢᠨ ᠤᠨᠤᠪᠴᠢᠲᠠᠢ ᠦᠢᠯᠡᠴᠢᠯᠡᠬᠦ᠂ ᠢᠯᠡ ᠲᠣᠳᠣ ᠣᠨᠴᠠᠯᠢᠭ ᠢᠶᠠᠷ ᠢᠶᠠᠨ ᠨᠠᠮ ᠤᠨ | ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠴᠢᠳᠠᠪᠤᠷᠢ ᠪᠠ ᠵᠠᠰᠠᠯᠲᠠ ᠶᠢᠨ | ᠲᠦᠪᠰᠢᠨ ᠤ ᠲᠠᠬᠢᠨ ᠳᠡᠭᠡᠭᠰᠢᠯᠡᠬᠦ ᠶᠢ ᠪᠦᠬᠦ ᠲᠠᠯ᠎ᠠ ᠪᠠᠷ ᠠᠬᠢᠭᠤᠯᠵᠠᠢ᠃ | ᠨᠢᠭᠡ ᠳᠤ᠂ ᠰᠢᠰᠲ᠋ᠧᠮ ᠢ ᠨᠢᠭᠲᠠ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠤᠳᠠᠰᠤ ᠶᠢ | ᠰᠢᠯᠤᠭᠤᠳᠬᠠᠨ᠎ᠠ᠃ ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ︽ᠲᠡᠩᠭᠡᠯᠢᠭ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ᠂ | ᠵᠠᠰᠠᠯᠲᠠ᠂ ᠦᠢᠯᠡᠴᠢᠯᠡᠭᠡᠨ ᠤ ︽ᠭᠤᠷᠪᠠᠨ ᠲᠣᠣᠷ ᠤᠨ ᠨᠡᠶᠢᠯᠡᠯ︾ ᠳᠤ ᠰᠠᠭᠤᠷᠢᠯᠠᠵᠤ᠂ ︽ᠵᠡᠭᠡᠯᠢ ᠭᠤᠳᠤᠮᠵᠢ ᠶᠢᠨ | ᠨᠠᠮ ᠤᠨ ᠠᠵᠢᠯᠯᠠᠬᠤ ᠬᠤᠷᠢᠶ᠎ᠠ ︱ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︱ ᠲᠤᠤᠷᠴᠢᠯᠠᠯ ᠤᠨ ᠨᠠᠮ ᠤᠨ | ᠡᠭᠦᠷ ︱ ᠰᠠᠭᠤᠭᠠᠯᠢ ᠠᠷᠠᠳ ᠤᠨ ᠠᠰᠠᠷ ᠤᠨ ᠨᠠᠮ ᠤᠨ ᠳᠤᠭᠤᠶᠢᠯᠠᠩ︾ ᠤᠨ ᠲᠦᠷᠪᠡᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ 32 ᠲᠤᠤᠷᠴᠢᠯᠠᠯ ᠤᠨ ᠳᠠᠷᠤᠭ᠎ᠠ ᠶᠢ ᠰᠣᠩᠭᠤᠨ ᠤᠷᠢᠵᠤ᠂ ᠬᠠᠷᠢᠶ᠎ᠠ | ᠣᠷᠣᠨ ᠤ ᠠᠬᠠᠮᠠᠳ ᠨᠠᠮ ᠤᠨ ᠭᠡᠰᠢᠭᠦᠨ᠂ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠠᠵᠢᠯ ᠣᠯᠭᠤᠯᠲᠠ ᠶᠢᠨ | ᠬᠠᠮᠲᠤᠯᠢᠭ ᠢ ︽ᠦᠨᠳᠦᠰᠦᠨ ᠰᠢᠰᠲ᠋ᠧᠮ ᠤᠨ ᠬᠦᠴᠦᠨ︾ ᠳᠤ ᠣᠷᠣᠭᠤᠯᠤᠨ ᠬᠠᠮᠲᠤᠪᠠᠷ ᠪᠣᠶᠢᠵᠢᠭᠤᠯᠵᠤ᠂ 263 | ᠲᠤᠰᠢᠶᠠᠯ ᠬᠠᠪᠰᠤᠷᠭᠠᠭᠰᠠᠨ ᠲᠤᠤᠷᠴᠢᠯᠠᠯ ᠤᠨ ᠠᠵᠢᠯᠲᠠᠨ ᠢ ᠪᠣᠶᠢᠵᠢᠭᠤᠯᠵᠤ᠂ ᠦᠨᠳᠦᠰᠦᠨ ᠱᠠᠲᠤᠨ ᠤ | ᠵᠠᠰᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠨᠢᠭᠲᠠ ᠴᠢᠩᠭ᠎ᠠ ᠪᠣᠯᠭᠠᠵᠤ᠂ ᠨᠠᠮ ᠤᠨ ᠭᠡᠰᠢᠭᠦᠨ ᠤ | ᠤᠯᠠᠨ ᠲᠦᠮᠡᠨ ᠲᠠᠢ ᠬᠠᠷᠢᠯᠴᠠᠬᠤ ᠰᠠᠭᠤᠷᠢ ᠶᠢ ᠪᠠᠲᠤᠳᠬᠠᠪᠠ᠃ | ᠬᠤᠶᠠᠷ ᠲᠤ᠂ ᠡᠬᠢ ᠪᠠᠶᠠᠯᠢᠭ ᠢ ᠲᠥᠪᠯᠡᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠶᠠᠰᠤ | ᠰᠢᠷᠪᠦᠰᠦ ᠶᠢ ᠴᠢᠩᠭᠠᠷᠠᠭᠤᠯᠤᠨ᠎ᠠ᠃ ᠰᠠᠭᠤᠭᠠᠯᠢ ᠠᠷᠠᠳ᠂ ᠠᠵᠤ ᠠᠬᠤᠶᠢᠯᠠᠯ ᠤᠨ ᠪᠣᠳᠠᠲᠤ ᠬᠡᠷᠡᠭᠴᠡᠭᠡ | ᠱᠠᠭᠠᠷᠳᠠᠯᠭ᠎ᠠ ᠳᠤ ᠰᠠᠭᠤᠷᠢᠯᠠᠨ᠂ ᠬᠠᠷᠢᠶ᠎ᠠ ᠣᠷᠣᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠭᠦᠨ ᠠᠭᠤᠳᠠᠯᠵᠤ᠂ | ᠨᠠᠮ ᠤᠨ ᠪᠠᠶᠢᠭᠤᠯᠤᠯᠲᠠ ᠶᠢᠨ ︽ᠪᠢᠴᠢᠯ ᠪᠣᠳᠠᠲᠤ ᠶᠠᠪᠤᠳᠠᠯ︾ ᠠᠷᠠᠳ ᠲᠦᠮᠡᠨ ᠳᠤ ᠦᠢᠯᠡᠴᠢᠯᠡᠬᠦ ᠲᠥᠷᠥᠯ ᠵᠦᠢᠯ ᠳᠤ | ᠲᠦᠰᠢᠭᠯᠡᠵᠦ᠂ ᠰᠢᠨᠵᠢᠯᠡᠬᠦ ᠤᠬᠠᠭᠠᠨᠴᠢ ᠪᠠᠷ ᠰᠡᠳᠦᠪ ᠰᠣᠩᠭᠤᠬᠤ᠂ ᠬᠠᠷᠢᠶ᠎ᠠ ᠣᠷᠣᠨ ᠤ ᠳᠣᠲᠣᠷᠠᠬᠢ ᠡᠯ᠎ᠡ ᠰᠢᠰᠲ᠋ᠧᠮ᠂ | ᠡᠯ᠎ᠡ ᠬᠦᠷᠢᠶ᠎ᠡ᠂ ᠡᠯ᠎ᠡ ᠬᠠᠮᠲᠤᠯᠢᠭ ᠢ ᠳᠠᠰᠤᠷᠠᠯᠳᠠ ᠦᠭᠡᠢ ᠬᠤᠯᠪᠣᠵᠤ᠂ ᠲᠣᠣᠷ ᠤᠨ ᠵᠠᠰᠠᠯᠲᠠ ᠶᠢ ᠳᠡᠭᠡᠭᠰᠢᠯᠡᠭᠦᠯᠬᠦ᠂ | ᠬᠤᠳᠠᠯᠳᠤᠭᠠᠨ ᠤ ᠲᠣᠭᠤᠷᠢᠭ ᠤᠨ ᠴᠢᠳᠠᠪᠤᠷᠢ ᠶᠢ ᠨᠡᠮᠡᠭᠳᠡᠭᠦᠯᠬᠦ᠂ ᠵᠡᠭᠡᠯᠢ ᠲᠣᠭᠤᠷᠢᠭ ᠤᠨ ᠵᠠᠭᠪᠤᠷ ᠢ ᠴᠢᠳᠠᠮᠠᠭᠠᠢ ᠪᠠᠷ | ᠵᠠᠰᠠᠬᠤ᠂ ᠨᠡᠶᠢᠭᠡᠮ ᠲᠣᠭᠤᠷᠢᠭ ᠤᠨ ᠰᠣᠶᠣᠯ ᠢᠷᠭᠡᠨᠰᠢᠯ ᠤᠨ ᠬᠠᠯᠠᠮᠵᠢᠯᠠᠯ ᠪᠠ ᠰᠢᠨ᠎ᠡ ᠡᠵᠡᠩᠨᠡᠯᠲᠡ ᠶᠢᠨ ᠬᠡᠯᠪᠡᠷᠢ ᠶᠢᠨ | ᠬᠥᠮᠥᠰ ᠲᠤ ᠦᠢᠯᠡᠴᠢᠯᠡᠬᠦ ᠵᠡᠷᠭᠡ 9 ᠳᠦᠷᠦᠯ ᠵᠦᠢᠯ ᠢ ᠪᠦᠷᠢᠯᠳᠦᠭᠦᠯᠵᠦ᠂ ︽ᠳᠦᠷᠦᠯ ᠵᠦᠢᠯ ᠤᠨ ᠨᠠᠷᠢᠨ ᠳᠠᠩᠰᠠ︾᠂ | ︽ᠲᠣᠪᠶᠤᠭ ᠤᠨ ᠮᠠᠶ᠋ᠢᠭ ᠤᠨ ᠦᠢᠯᠡᠴᠢᠯᠡᠭᠡ︾ ᠠᠷᠭ᠎ᠠ ᠪᠠᠷ ︽ᠶᠡᠭᠡ ᠨᠠᠮ ᠤᠨ ᠪᠠᠶᠢᠭᠤᠯᠤᠯᠲᠠ︾ ᠶᠢᠨ ᠴᠢᠳᠠᠪᠤᠷᠢ ᠶᠢ | ︽ᠪᠢᠴᠢᠯ ᠵᠠᠰᠠᠯᠲᠠ︾ ᠪᠣᠯᠭᠠᠵᠤ᠂ ᠡᠭᠦᠨ ᠤ ᠤᠯᠠᠮ ᠠᠴᠠ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ | ᠵᠠᠰᠠᠯᠲᠠ ᠶᠢ ᠬᠥᠲᠥᠯᠥᠨ ᠳᠠᠭᠠᠭᠤᠯᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠬᠦ ᠶᠢ ᠠᠬᠢᠭᠤᠯᠪᠠ᠃ | ᠭᠤᠷᠪᠠ ᠳᠤ᠂ ᠬᠠᠮᠲᠤᠪᠠᠷ ᠵᠥᠪᠳᠡᠯᠴᠡᠨ ᠬᠠᠮᠲᠤᠪᠠᠷ ᠵᠠᠰᠠᠵᠤ᠂ ᠦᠨᠳᠦᠰᠦᠨ ᠱᠠᠲᠤᠨ ᠤ ᠵᠠᠰᠠᠯᠲᠠ ᠶᠢᠨ | ᠬᠦᠷᠢᠶ᠎ᠡ ᠬᠡᠪᠴᠢᠶ᠎ᠡ ᠶᠢ ᠥᠷᠭᠡᠳᠬᠡᠨ᠎ᠡ᠃ ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠶᠢᠨ ᠬᠢᠨ ᠨᠠᠮ ᠤᠨ | ᠪᠠᠶᠢᠭᠤᠯᠤᠯᠲᠠ ᠶᠢᠨ ᠬᠡᠯᠬᠢᠶ᠎ᠡ ᠪᠠᠷ ᠦᠢᠯᠡᠴᠢᠯᠡᠭᠡᠨ ᠤ ᠬᠡᠯᠬᠢᠶ᠎ᠡ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠨᠠᠮ ᠤᠨ | ᠪᠠᠶᠢᠭᠤᠯᠤᠯᠲᠠ ᠶᠢᠨ ᠤᠬᠠᠭᠤᠯᠭ᠎ᠠ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ᠂ ᠰᠡᠯᠡᠭᠦᠴᠡᠨ ᠠᠮᠠᠷᠠᠬᠤ᠂ | ᠠᠷᠠᠳ ᠤᠨ ᠰᠠᠨᠠᠭ᠎ᠠ ᠶᠢ ᠴᠤᠭᠯᠠᠭᠤᠯᠬᠤ᠂ ᠦᠨᠳᠦᠰᠦᠨ ᠱᠠᠲᠤᠨ ᠤ ᠬᠡᠷᠡᠭ ᠵᠥᠪᠯᠡᠬᠦ ᠶᠢ ᠨᠢᠭᠡ ᠴᠣᠭᠴᠠᠵᠢᠭᠤᠯᠤᠭᠰᠠᠨ | ᠨᠠᠮ ᠤᠯᠠᠨ ᠲᠦᠮᠡᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠰᠢᠨ᠎ᠡ ᠪᠠᠷ ᠪᠠᠶᠢᠭᠤᠯᠵᠤ᠂ ᠨᠡᠶᠢᠳᠬᠡᠵᠦ᠂ ᠲᠡᠰ | ᠳᠡᠪᠰᠢᠭᠦᠯᠪᠡ᠃ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠵᠣᠯᠭᠠᠭᠤᠯᠵᠤ᠂ ︽ᠤᠴᠢᠷ | ᠳᠤᠬᠢᠶᠠᠯᠳᠤᠪᠠᠯ ᠲᠠ ᠬᠡᠯᠡ︾᠂ ︽ᠬᠤᠪᠢᠰᠬᠠᠯᠲᠤ ᠵᠣᠭᠤᠭ ᠤᠨ ᠪᠦᠯᠬᠦᠮ︾ ᠵᠡᠷᠭᠡ ᠨᠠᠮ ᠤᠨ ᠪᠠᠶᠢᠭᠤᠯᠤᠯᠲᠠ ᠶᠢᠨ | ᠲᠦᠷᠦᠯ ᠲᠡᠮᠳᠡᠭ ᠢ ᠡᠭᠦᠳᠴᠦ᠂ ᠬᠠᠮᠲᠤᠪᠠᠷ ᠵᠥᠪᠳᠡᠯᠴᠡᠨ ᠬᠠᠮᠲᠤᠪᠠᠷ ᠵᠠᠰᠠᠬᠤ ᠰᠠᠶᠢᠨ ᠰᠠᠶᠢᠬᠠᠨ ᠲᠣᠭᠲᠠᠴᠠ ᠪᠠᠷ | ᠳᠠᠮᠵᠢᠭᠤᠯᠵᠤ᠂ ᠰᠠᠭᠤᠭᠠᠯᠢ ᠠᠷᠠᠳ ᠤᠨ ᠬᠠᠮᠲᠤ ᠶᠢᠨ ᠴᠣᠭᠴᠠ ᠶᠢᠨ ᠤᠬᠠᠮᠰᠠᠷ ᠢ ᠪᠤᠶᠢᠵᠢᠭᠤᠯᠪᠠ᠃ | 【ᠬᠥᠲᠥᠯᠥᠭᠴᠢ】 | ᠡᠲᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ ᠰᠢᠨᠵᠢᠯᠡᠬᠦ ᠤᠬᠠᠭᠠᠨᠴᠢ ᠵᠡᠭᠡᠯᠢ ᠭᠤᠳᠤᠮᠵᠢ ᠶᠢᠨ ᠦᠨᠳᠦᠰᠦᠨ | ᠱᠠᠲᠤᠨ ᠤ ᠵᠠᠰᠠᠯᠲᠠ ᠶᠢᠨ ᠴᠢᠳᠠᠪᠤᠷᠢ ᠶᠢᠨ ᠲᠠᠯ᠎ᠠ ᠪᠠᠷ ᠶᠠᠮᠠᠷ ᠶᠠᠮᠠᠷ ᠳᠡᠭᠡᠭᠰᠢᠯᠡᠯᠲᠡ ᠲᠠᠢ ᠪᠣᠯᠤᠭᠰᠠᠨ ᠪᠣᠶ︖ | 【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠵᠠᠩ ᠪᠢᠨ】 | ᠪᠢᠳᠡ ︽ᠲᠥᠷᠥᠯ ᠵᠦᠢᠯ ᠤᠨ ᠨᠠᠷᠢᠨ ᠲᠠᠩᠰᠠ︾ ︽ᠲᠣᠪᠶᠤᠭ ᠤᠨ ᠮᠠᠶ᠋ᠢᠭ ᠤᠨ ᠦᠢᠯᠡᠴᠢᠯᠡᠭᠡ︾ ᠵᠡᠷᠭᠡ | ᠠᠵᠢᠯᠯᠠᠭ᠎ᠠ ᠪᠠᠷ ᠦᠨᠳᠦᠰᠦᠨ ᠱᠠᠲᠤᠨ ᠳᠤ ᠦᠢᠯᠡᠴᠢᠯᠡᠬᠦ ᠪᠠ ᠣᠯᠠᠨ ᠲᠦᠮᠡᠨ ᠳᠤ ᠦᠢᠯᠡᠴᠢᠯᠡᠬᠦ ︽ᠬᠠᠩᠭᠠᠯᠭ᠎ᠠ ᠶᠢᠨ | ᠲᠠᠯ᠎ᠠ︾ ᠶᠢ ᠴᠢᠩᠭᠠᠳᠬᠠᠵᠤ᠂ ᠥᠩᠭᠡᠷᠡᠭᠰᠡᠨ ᠤ ᠰᠠᠭᠤᠭᠠᠯᠢ ᠠᠷᠠᠳ ᠲᠤ ᠬᠠᠩᠭᠠᠵᠤ ᠪᠠᠶᠢᠭᠰᠠᠨ ᠲᠦᠭᠡᠮᠡᠯ | ᠬᠠᠷᠠᠭᠠᠯᠵᠠᠯ ᠤᠨ ᠴᠢᠨᠠᠷᠲᠠᠢ᠂ ᠪᠦᠳᠦᠭᠦᠯᠢᠭ ᠮᠠᠶ᠋ᠢᠭ ᠤᠨ ᠦᠢᠯᠡᠴᠢᠯᠡᠭᠡ ᠶᠢ ᠨᠠᠷᠢᠯᠢᠭ ᠤᠨᠤᠪᠴᠢᠲᠠᠢ᠂ ᠨᠠᠷᠢᠯᠢᠭ | ᠦᠢᠯᠡᠴᠢᠯᠡᠭᠡ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠪᠥᠬᠦ ᠣᠷᠣᠨ ᠪᠦᠰᠡ ᠪᠠᠷ | ᠴᠤᠭᠯᠠᠭᠤᠯᠤᠨ ᠬᠠᠮᠤᠷᠬᠤ᠂ ᠪᠥᠬᠦ ᠶᠠᠪᠤᠴᠠ ᠶᠢᠨ ᠲᠤᠭ᠎ᠠ ᠪᠠᠷᠢᠮᠲᠠ ᠶᠢ ᠵᠠᠳᠠᠯᠬᠤ᠂ ᠪᠥᠬᠦ ᠡᠳᠦᠷ ᠢᠶᠠᠷ ᠴᠠᠭ ᠲᠤᠬᠠᠢ | ᠳᠤᠨᠢ ᠳᠠᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ︽ᠪᠢᠴᠢᠯ ᠣᠷᠴᠢᠯ︾ ᠢ ᠰᠠᠭᠠᠳ ᠦᠭᠡᠢ ᠨᠡᠪᠲᠡᠷᠡᠭᠦᠯᠪᠡ᠃ | ᠵᠡᠭᠡᠯᠢ ᠭᠤᠳᠤᠮᠵᠢ ᠶᠢᠨ ᠬᠢᠨ ᠬᠠᠷᠢᠶ᠎ᠠ ᠣᠷᠣᠨ ᠤ ᠪᠠᠨ ᠡᠯ᠎ᠡ ᠬᠦᠷᠢᠶᠡᠨ ᠤ ᠨᠠᠮ ᠤᠨ ᠵᠣᠬᠢᠶᠠᠨ ᠪᠠᠶᠢᠭᠤᠯᠤᠯᠲᠠ ᠶᠢ | ᠬᠤᠯᠪᠣᠬᠤ ︽ᠲᠡᠩᠭᠡᠯᠢᠭ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠬᠤᠯᠪᠤᠭᠠᠯᠠᠨ | ᠪᠠᠶᠢᠭᠤᠯᠵᠤ ᠬᠠᠮᠲᠤᠪᠠᠷ ᠪᠠᠶᠢᠭᠤᠯᠬᠤ ᠪᠠᠷ ᠳᠠᠮᠵᠢᠭᠤᠯᠵᠤ᠂ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠵᠠᠰᠠᠯᠲᠠ | ᠨᠢ ︽ᠭᠠᠭᠴᠠᠭᠠᠷ ᠲᠡᠮᠡᠴᠡᠬᠦ︾ ᠠᠴᠠ ︽ᠬᠦᠴᠦ ᠪᠠᠨ ᠬᠠᠮᠲᠤᠳᠬᠠᠬᠤ︾ ᠲᠡᠰᠢ ᠰᠢᠯᠵᠢᠵᠦ᠂ ᠡᠬᠢ ᠪᠠᠶᠠᠯᠢᠭ ᠢ ᠨᠡᠶᠢᠳᠭᠡᠬᠦ | ᠪᠠ ᠬᠦᠴᠦᠨ ᠢ ᠨᠢᠭᠡᠳᠦᠯᠲᠡᠢ ᠲᠥᠯᠥᠪᠵᠢᠭᠦᠯᠬᠦ ᠶᠢ ᠨᠡᠯᠢᠶᠡᠳ ᠰᠠᠶᠢᠨ ᠪᠡᠶᠡᠯᠡᠭᠦᠯᠵᠦ᠂ ᠡᠯ᠎ᠡ ᠬᠦᠷᠢᠶᠡᠨ ᠤ ᠨᠠᠮ ᠤᠨ | ᠵᠣᠬᠢᠶᠠᠨ ᠪᠠᠶᠢᠭᠤᠯᠤᠯᠲᠠ ᠴᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠬᠠᠮᠲᠤᠪᠠᠷ ᠪᠠᠶᠢᠭᠤᠯᠵᠤ | ᠬᠠᠮᠲᠤᠪᠠᠷ ᠡᠳ᠋ᠯᠡᠬᠦ ᠳᠤᠮᠳᠠ ᠲᠤᠰ ᠪᠡᠶ᠎ᠡ ᠶᠢᠨ ᠵᠣᠬᠢᠶᠠᠨ ᠪᠠᠶᠢᠭᠤᠯᠬᠤ ᠬᠦᠴᠦᠨ ᠢᠶᠠᠨ ᠪᠦᠲᠦᠮᠵᠢᠲᠡᠢ | ᠳᠡᠭᠡᠭᠰᠢᠯᠡᠭᠦᠯᠦᠭᠰᠡᠨ ᠪᠠᠶᠢᠨ᠎ᠠ᠃ | 【ᠬᠥᠲᠥᠯᠥᠭᠴᠢ】 | ᠲᠠᠷᠠᠭᠠᠴᠢ ᠶᠢᠨ ᠠᠯᠬᠤᠮ ᠳᠤ᠂ ᠰᠢᠨᠵᠢᠯᠡᠬᠦ ᠤᠬᠠᠭᠠᠨᠴᠢ ᠵᠡᠭᠡᠯᠢ ᠭᠤᠳᠤᠮᠵᠢ ᠶᠢᠨ ᠶᠡᠷᠦᠩᠬᠡᠢ ᠠᠵᠢᠯ ᠤᠨ | ᠰᠡᠳᠬᠢᠮᠵᠢ ᠨᠢ ᠶᠠᠭᠤ ᠪᠣᠶ︖ | 【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠵᠠᠩ ᠪᠢᠨ】 | ᠨᠢᠭᠡ ᠳᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢᠶᠠᠷ ᠰᠠᠭᠤᠷᠢ ᠪᠣᠯᠭᠠᠵᠤ᠂ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠰᠠᠭᠤᠭᠠᠯᠢ ᠠᠷᠠᠳ ᠤᠨ ᠲᠣᠭᠤᠷᠢᠭ ᠤᠨ ᠴᠢᠳᠠᠪᠬᠢ ᠶᠢ ᠳᠡᠭᠡᠭᠰᠢᠯᠡᠭᠦᠯᠵᠦ᠂ ᠨᠢᠭᠡ | ᠨᠡᠶᠢᠭᠡᠮ ᠲᠤᠭᠤᠷᠢᠭ ᠨᠢᠭᠡ ᠤᠨᠴᠠᠯᠢᠭ ᠲᠠᠢ ᠪᠠᠶᠢᠬᠤ ᠶᠢ ᠪᠤᠢ ᠪᠣᠯᠭᠠᠵᠤ᠂ ︽ᠨᠡᠶᠢᠭᠡᠮ ᠲᠣᠭᠤᠷᠢᠭ ᠤᠨ ᠲᠦᠷᠦᠯ | ᠲᠡᠮᠳᠡᠭᠵᠢᠭᠦᠯᠬᠦ᠂ ᠪᠠᠭ᠎ᠠ ᠲᠣᠭᠤᠷᠢᠭ ᠤᠨ ᠣᠨᠴᠠᠯᠢᠭᠵᠢᠭᠤᠯᠬᠤ᠂ ᠦᠢᠯᠡᠴᠢᠯᠡᠭᠡ ᠶᠢ ᠨᠠᠷᠢᠯᠢᠭᠵᠢᠭᠤᠯᠬᠤ︾ ᠶᠢ | ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠣᠷᠣᠯᠠᠨ ᠬᠠᠮᠢᠶᠠᠷᠬᠤ ᠶᠢ ᠠᠳᠠᠯ ᠠᠬᠤᠢ ᠶᠢᠨ ᠲᠤᠰᠬᠠᠶᠢᠵᠢᠭᠰᠠᠨ | ᠦᠢᠯᠡᠴᠢᠯᠡᠭᠡ ᠲᠡᠰᠢ ᠰᠢᠯᠵᠢᠭᠦᠯᠬᠦ ᠶᠢ ᠲᠦᠷᠭᠡᠨ ᠠᠬᠢᠭᠤᠯᠵᠤ᠂ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠤᠨ | ᠥᠭᠡᠷᠡᠴᠢᠯᠡᠯᠲᠡ ᠶᠢ ᠦᠨᠡᠨᠬᠦ ᠠᠷᠠᠳ ᠤᠯᠠᠨ ᠤ ᠰᠡᠳᠬᠢᠯ ᠳᠤ ᠤᠷᠤᠭᠤᠯᠤᠨ᠎ᠠ᠃ ᠬᠤᠶᠠᠷ ᠲᠤ᠂ ᠨᠠᠮ ᠤᠨ | ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠢᠶᠠᠷ ᠲᠠᠪᠴᠠᠩ ᠪᠣᠯᠭᠠᠵᠤ᠂ ᠴᠢᠩᠱᠠᠨ ᠲᠣᠭᠤᠷᠢᠭ ᠤᠨ ︽ᠬᠤᠶᠠᠷ ᠰᠢᠨ᠎ᠡ︾ | ᠨᠠᠮ ᠤᠨ ᠠᠵᠢᠯᠯᠠᠬᠤ ᠬᠤᠷᠢᠶ᠎ᠠ ᠶᠢᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠢ ᠳᠠᠭᠠᠭᠠᠴᠢᠯᠠᠨ | ᠪᠠᠶᠢᠭᠤᠯᠵᠤ᠂ ᠵᠧᠩ ᠰᠢᠶᠠᠩ ᠬᠤᠸᠠ ᠯᠢᠶᠠᠨ ᠬᠤᠳᠠᠯᠳᠤᠭᠠᠨ ᠤ ᠵᠡᠭᠡᠯᠢ ᠲᠣᠭᠤᠷᠢᠭ ᠤᠨ ᠨᠠᠮ ᠤᠨ | ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠢ ᠰᠢᠨ᠎ᠡ ᠪᠠᠷ ᠪᠠᠶᠢᠭᠤᠯᠵᠤ᠂ ᠵᠢᠦ ᠰᠢᠩ ᠲᠣᠭᠠᠴᠢᠯᠠᠭᠰᠠᠨ | ᠬᠤᠳᠠᠯᠳᠤᠭᠠᠨ ᠤ ᠶᠠᠪᠤᠳᠠᠯ ᠤᠨ ᠲᠣᠭᠤᠷᠢᠭ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠢ ᠲᠡᠰ | ᠳᠡᠪᠰᠢᠭᠦᠯᠵᠦ᠂ ᠸᠠᠨ ᠳ᠋ᠠ ᠤᠯᠠᠭᠠᠨ ᠤᠯᠠᠭ᠎ᠠ ᠦᠷᠳᠡᠭᠡ ᠶᠢ ᠪᠠᠬᠢᠵᠢᠭᠦᠯᠦᠨ ᠳᠡᠭᠡᠭᠰᠢᠯᠡᠭᠦᠯᠵᠦ᠂ ᠴᠡᠭ ᠢᠶᠠᠷ ᠨᠡᠶᠢᠳᠡᠮ ᠢ | ᠳᠠᠶᠢᠴᠢᠯᠠᠨ ᠬᠠᠷᠢᠶ᠎ᠠ ᠣᠷᠣᠨ ᠤ ᠡᠯ᠎ᠡ ᠲᠦᠷᠦᠯ ᠤᠨ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠢ | ᠬᠤᠯᠪᠣᠵᠤ᠂ ᠬᠢᠯᠠᠰ ᠴᠡᠭ ᠲᠣᠪᠣᠶᠢᠮ᠎ᠠ ᠣᠷᠣᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ | ᠭᠠᠵᠠᠷ ᠤᠨ ᠵᠢᠱᠢᠶ᠎ᠡ ᠦᠵᠡᠭᠦᠯᠬᠦ ᠪᠦᠰᠡ ᠶᠢ ᠪᠦᠷᠢᠯᠳᠦᠭᠦᠯᠦᠨ᠎ᠡ᠃ ᠭᠤᠷᠪᠠ ᠳᠤ᠂ ᠠᠷᠠᠳ ᠲᠦᠮᠡᠨ ᠳᠤ | ᠦᠢᠯᠡᠴᠢᠯᠡᠬᠦ ᠪᠠᠷ ᠭᠤᠣᠯᠳᠠᠯᠭ᠎ᠠ ᠪᠣᠯᠭᠠᠵᠤ᠂ ᠤᠮᠠᠷᠠᠲᠤ ᠬᠢᠯᠢ ᠶᠢᠨ ᠬᠤᠪᠢᠰᠬᠠᠯ ᠤᠨ ᠲᠣᠣᠷᠵᠢᠯ ᠤᠨ ᠵᠠᠰᠠᠯᠲᠠ ᠶᠢᠨ | ᠠᠵᠢᠯ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭᠠᠨ ᠤ ᠶᠠᠪᠤᠳᠠᠯ ᠤᠨ ᠠᠰᠠᠷ᠂ | ᠬᠤᠳᠠᠯᠳᠤᠭᠠᠨ ᠤ ᠬᠦᠷᠢᠶᠡᠨ ᠤ ᠵᠠᠬ᠎ᠠ ᠳᠡᠯᠭᠡᠭᠦᠷ ᠵᠡᠷᠭᠡ ᠲᠤᠰᠬᠠᠢ ᠬᠠᠷᠢᠶᠠᠯᠠᠭᠳᠠᠬᠤ ᠲᠣᠣᠷᠵᠢᠯ ᠤᠨ | ᠪᠠᠶᠢᠷᠢᠯᠠᠭᠤᠯᠤᠯᠲᠠ ᠶᠢ ᠠᠬᠢᠭᠤᠯᠵᠤ᠂ ᠬᠦᠴᠦᠨ ᠢ ᠲᠠᠶᠢᠴᠢᠯᠠᠨ ᠲᠤᠰᠢᠶᠠᠯ ᠬᠠᠪᠰᠤᠷᠭᠠᠭᠰᠠᠨ ᠲᠣᠣᠷᠵᠢᠯ ᠤᠨ | ᠠᠵᠢᠯᠲᠠᠨ ᠢ ᠢᠳᠡᠪᠬᠢᠲᠡᠢ ᠰᠣᠩᠭᠤᠨ ᠤᠷᠢᠵᠤ᠂ ᠰᠡᠳᠬᠢᠯ ᠢ ᠳᠤᠯᠠᠭᠠᠴᠠᠭᠤᠯᠬᠤ ᠰᠠᠯᠪᠤᠷᠢ ᠪᠠᠭ᠎ᠠ ᠠᠩᠭᠢ ᠪᠠ | ᠠᠵᠢᠯ ᠳᠤ ᠪᠠᠶᠢᠭ᠎ᠠ ᠨᠠᠮ ᠤᠨ ᠭᠡᠰᠢᠭᠦᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠦᠬᠦ ᠠᠷᠠᠳ ᠢᠶᠠᠷ ᠢᠶᠠᠨ ᠰᠠᠶᠢᠨ | ᠳᠤᠷ᠎ᠠ ᠶᠢᠨ ᠦᠢᠯᠡᠴᠢᠯᠡᠭᠡ ᠳᠤ ᠣᠷᠣᠯᠴᠠᠬᠤ ᠠᠵᠢᠯ ᠤᠨ ᠪᠠᠶᠢᠷᠢᠰᠢᠯ ᠢ ᠪᠠᠶᠢᠭᠤᠯᠤᠨ᠎ᠠ᠃ ᠳᠥᠷᠪᠡ ᠳᠤ᠂ ᠣᠷᠣᠨ | ᠪᠦᠰᠡ ᠶᠢᠨ ᠡᠬᠢ ᠪᠠᠶᠠᠯᠢᠭ ᠢᠶᠠᠷ ᠬᠠᠮᠲᠤᠷᠠᠯ ᠬᠦᠴᠦᠨ ᠪᠣᠯᠭᠠᠵᠤ᠂ ᠬᠠᠷᠢᠶ᠎ᠠ ᠣᠷᠣᠨ ᠤ ᠡᠯ᠎ᠡ ᠲᠦᠷᠦᠯ ᠤᠨ ᠡᠬᠢ | ᠪᠠᠶᠠᠯᠢᠭ ᠢ ᠠᠮᠢᠳᠤᠯᠢᠭᠵᠢᠭᠤᠯᠵᠤ᠂ ᠬᠤᠯᠪᠤᠭᠠᠯᠠᠨ ᠬᠥᠳᠡᠯᠦᠯᠴᠡᠬᠦ ᠡᠬᠢ ᠪᠠᠶᠠᠯᠢᠭ ᠤᠨ ᠦᠢᠯᠡᠴᠢᠯᠡᠭᠡᠨ ᠤ ᠬᠡᠪᠴᠢᠶ᠎ᠡ ᠶᠢ | ᠥᠷᠭᠡᠳᠬᠡᠵᠦ᠂ ᠮᠥᠩᠭᠦᠨ ᠭᠦᠢᠯᠭᠡᠭᠡᠨ ᠤ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠥᠷᠨᠢᠭᠦᠯᠵᠦ᠂ | ᠰᠠᠨᠠᠭᠠᠴᠢᠯᠠᠭ᠎ᠠ ᠠᠴᠠ ᠪᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ ᠬᠤᠯᠪᠤᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠬᠠᠷᠢᠶ᠎ᠠ ᠣᠷᠣᠨ ᠤ ᠠᠵᠤ ᠠᠬᠤᠶᠢᠯᠠᠯ ᠳᠤ ᠨᠡᠩ ᠤᠯᠠᠨ ᠠᠰᠢᠭᠲᠠᠢ | ᠬᠥᠭᠵᠢᠯᠲᠡ ᠶᠢᠨ ᠲᠦᠷᠦ ᠶᠢᠨ ᠪᠣᠳᠣᠯᠭ᠎ᠠ ᠪᠠ ᠳᠡᠮᠵᠢᠯᠭᠡ ᠶᠢ ᠲᠡᠮᠡᠴᠡᠨ ᠤᠯᠤᠨ᠎ᠠ᠃ |