ᠴᠢᠩᠱᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
ᠨᠡᠶᠢᠲᠡᠯᠡᠭᠰᠡᠨ ᠴᠠᠭ᠄
2023/11/20
      ᠨᠢᠭᠡ᠂ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ       ᠯᠢᠦ ᠰᠢᠤᠸᠠᠢ ᠴᠢᠩ ︵ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠢᠨ ᠨᠢᠭᠡᠳᠦᠭᠡᠷ ᠳᠡᠰ ᠤᠨ ᠡᠷᠬᠢᠯᠡᠭᠴᠢ ᠶᠢᠨ ᠭᠡᠰᠢᠭᠦᠴᠢ︶       ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃       ᠯᠢᠦ ᠼᠠᠢ ᠯᠧ ︵ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ᠂ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠴᠢ︶       ᠦᠨᠳᠦᠰᠦᠲᠡᠨ ᠤ ᠬᠡᠷᠡᠭ ᠡᠷᠬᠢᠯᠡᠬᠦ ᠲᠠᠰᠤᠭ ᠢ ᠬᠤᠪᠢᠳᠠᠨ ᠬᠠᠮᠢᠶᠠᠷᠤᠨ᠎ᠠ᠃       ᠺᠦᠩ ᠰᠢᠶᠠᠩ ᠬᠤᠩ ︵ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ︶       ᠠᠯᠪᠠᠨ ᠭᠡᠷ ᠢ ᠬᠤᠪᠢᠳᠠᠨ ᠬᠠᠮᠢᠶᠠᠷᠤᠨ᠎ᠠ᠃      ᠬᠤᠶᠠᠷ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ       ︵ᠨᠢᠭᠡ︶ ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ  ᠲᠤᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠨᠣᠯ᠂ ᠦᠨᠳᠦᠰᠦᠲᠡᠨ ᠤ ᠠᠵᠢᠯ ᠤᠨ ᠴᠢᠬᠤᠯᠠ ᠶᠡᠭᠡ ᠬᠡᠷᠡᠭ ᠶᠠᠪᠤᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠦᠨᠳᠦᠰᠦᠲᠡᠨ ᠤ ᠠᠵᠢᠯ᠂ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠨ᠎ᠠ᠃ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠣᠳᠣᠯᠭ᠎ᠠ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠣᠯᠭ᠎ᠠ᠂ ᠦᠨᠳᠦᠰᠦᠲᠡᠨ ᠤ ᠪᠦᠯᠬᠦᠮᠳᠡᠯ ᠲᠠᠪᠰᠢᠯᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃       ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠳᠠᠬᠢ ᠴᠢᠬᠤᠯᠠ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠦᠨᠳᠦᠰᠦᠲᠡᠨ ᠤ ᠡᠷᠬᠡ ᠠᠰᠢᠭ ᠲᠤ ᠬᠤᠯᠪᠣᠭᠳᠠᠭᠰᠠᠨ ᠬᠡᠷᠡᠭ ᠶᠠᠪᠤᠳᠠᠯ ᠢ ᠬᠢᠨᠠᠨ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠢ ᠵᠣᠬᠢᠴᠠᠭᠤᠯᠤᠨ ᠬᠠᠮᠠᠭᠠᠯᠠᠬᠤ ᠠᠵᠢᠯ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃       ︵ᠭᠤᠷᠪᠠ︶ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠱᠠᠯᠠᠪᠳᠠᠭᠤᠯᠵᠤ ᠪᠠᠶᠢᠭᠠᠳ ᠦᠨᠳᠦᠰᠦᠲᠡᠨ ᠤ ᠠᠵᠢᠯ ᠤᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢ ᠨᠢ ᠭᠦᠢᠴᠡᠳᠬᠡᠭᠦᠯᠵᠦ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠠᠬᠢ ᠬᠡᠷᠡᠭᠵᠢᠭᠦᠯᠦᠯᠲᠡ᠂ ᠵᠣᠯᠭᠠᠯᠳᠤᠯ ᠢ ᠠᠬᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢᠨ ᠬᠠᠮᠢᠶᠠᠷᠤᠯᠲᠠ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠳᠡᠮᠵᠢᠬᠦ ᠪᠠ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠨ ᠤ ᠬᠡᠷᠡᠭᠰᠡᠯ ᠤᠨ ᠦᠢᠯᠡᠳᠪᠦᠷᠢᠯᠡᠯ ᠢ ᠵᠣᠬᠢᠴᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠳᠤ ᠣᠷᠣᠯᠴᠠᠨ᠎ᠠ᠃  ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠦᠨᠳᠦᠰᠦᠲᠡᠨ ᠤ ᠠᠵᠢᠯ ᠪᠠ ᠮᠣᠩᠭᠤᠯ ᠬᠡᠯᠡ ᠪᠢᠴᠢᠭ ᠤᠨ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ᠃ ᠯᠠᠯᠤ ᠶᠢᠨ ᠢᠳᠡᠭᠡᠨ ᠤ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ  ᠶᠢ ᠡᠭᠦᠷᠭᠡᠯᠡᠨ᠎ᠡ᠃ ᠦᠨᠳᠦᠰᠦᠲᠡᠨ ᠤ ᠪᠦᠷᠢᠯᠳᠦᠭᠦᠨ ᠢ ᠬᠠᠯᠠᠨ ᠥᠭᠡᠷᠡᠴᠢᠯᠡᠬᠦ ᠶᠢ ᠬᠢᠨᠠᠨ ᠬᠠᠷᠭᠤᠭᠤᠯᠬᠤ ᠠᠵᠢᠯ ᠢ ᠳᠠᠭᠠᠭᠠᠨ ᠭᠦᠢᠴᠡᠳᠭᠡᠨ᠎ᠡ᠃       ︵ᠳᠥᠷᠪᠡ︶ ᠦᠨᠳᠦᠰᠦᠲᠡᠨ  ᠤ ᠦᠢᠯᠡᠰ ᠵᠡᠷᠭᠡ ᠲᠤᠰᠬᠠᠢ ᠵᠦᠢᠯ  ᠤᠨ ᠲᠥᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠪᠥᠬᠦ  ᠲᠤᠭᠤᠷᠢᠭ ᠤᠨ ᠠᠵᠤ ᠠᠬᠤᠢ ᠨᠡᠶᠢᠭᠡᠮ ᠤᠨ ᠬᠠᠮᠢᠶ᠎ᠠ ᠪᠦᠬᠦᠢ ᠬᠦᠷᠢᠶᠡᠨ ᠤ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠦᠨᠳᠦᠰᠦᠲᠡᠨ  ᠤ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠬᠠᠮᠢᠶ᠎ᠠ ᠪᠦᠬᠦᠢ ᠠᠵᠢᠯ  ᠢ ᠰᠠᠶᠢᠲᠤᠷ ᠬᠢᠵᠦ᠂ ᠦᠨᠳᠦᠰᠦᠲᠡᠨ  ᠤ ᠬᠡᠷᠡᠭ ᠶᠠᠪᠤᠳᠠᠯ ᠤᠨ ᠦᠢᠯᠡᠴᠢᠯᠡᠭᠡᠨ  ᠤ ᠰᠢᠰᠲ᠋ᠧᠮᠵᠢ ᠪᠠ ᠦᠨᠳᠦᠰᠦᠲᠡᠨ  ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃       ︵ᠲᠠᠪᠤ︶ ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠢ ᠬᠠᠤᠯᠢ ᠶᠣᠰᠣᠭᠠᠷ ᠬᠡᠷᠡᠭᠵᠢᠭᠦᠯᠬᠦ ᠶᠢ ᠵᠢᠯᠤᠭᠤᠳᠴᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠭᠤᠷᠪᠠᠨ ᠵᠦᠢᠯ ᠤᠨ ᠲᠥᠯᠥᠪᠯᠡᠭᠡ︾ ᠶᠢᠨ ᠠᠵᠢᠯ ᠢ ᠰᠠᠶᠢᠲᠤᠷ ᠬᠢᠵᠦ᠂ ᠪᠥᠬᠦ ᠲᠤᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠰᠢᠶᠠᠨ ᠬᠥᠬᠢᠭᠦᠯᠬᠦ ᠠᠵᠢᠯᠯᠠᠭ᠎ᠠ ᠶᠢ ᠳᠠᠭᠠᠭᠠᠨ ᠭᠦᠢᠴᠡᠳᠬᠡᠨ᠎ᠡ᠃       ︵ᠵᠢᠷᠭᠤᠭ᠎ᠠ︶ ᠪᠥᠬᠦ ᠲᠤᠭᠤᠷᠢᠭ ᠤᠨ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠢ ᠬᠠᠮᠢᠶᠠᠷᠴᠤ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠤᠯᠠᠮᠵᠢᠯᠠᠬᠤ ᠶᠢ ᠬᠦᠨᠳᠦᠳᠬᠡᠬᠦ ᠪᠠ ᠪᠠᠲᠤᠯᠠᠨ᠎ᠠ᠃ ᠮᠣᠩᠭᠤᠯ ᠦᠭᠡ ᠬᠡᠯᠡ ᠥᠰᠥᠭ ᠪᠢᠴᠢᠭ  ᠤᠨ ᠮᠡᠳᠡᠭᠡ ᠵᠠᠩᠭᠢᠵᠢᠭᠤᠯᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃       ︵ᠳᠣᠯᠤᠭ᠎ᠠ︶ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠭᠠᠳᠠᠭᠠᠳᠤ ᠤᠬᠠᠭᠤᠯᠭ᠎ᠠ ᠶᠢᠨ ᠠᠵᠢᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠦᠨᠳᠦᠰᠦᠲᠡᠨ ᠤ ᠰᠣᠶᠣᠯ ᠤᠨ ᠠᠵᠢᠯᠯᠠᠭ᠎ᠠ ᠶᠢ ᠡᠷᠭᠢᠯᠡᠬᠦ ᠪᠠ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠠᠵᠢᠯ ᠢ ᠳᠠᠭᠠᠭᠠᠨ ᠡᠷᠭᠢᠯᠡᠨ᠎ᠡ᠃       ︵ᠨᠠᠢᠮᠠ︶ ᠲᠤᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠤ ᠳᠦᠷᠢᠮᠲᠦ ᠠᠵᠢᠯ ᠤᠨ ᠳᠦᠷᠢᠮ ᠢ ᠲᠦᠯᠬᠢᠨ  ᠠᠬᠢᠭᠤᠯᠵᠤ ᠬᠡᠷᠡᠭᠵᠢᠭᠦᠯᠦᠨ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠡ ᠲᠠᠢ ᠬᠠᠷᠢᠯᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠪᠠ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ ᠬᠥᠮᠥᠰ ᠲᠠᠢ ᠬᠠᠷᠢᠯᠴᠠᠨ᠎ᠠ᠃       ︵ᠶᠢᠰᠦ︶ ︽ᠠᠵᠢᠯ ᠲᠥᠷᠥᠯ ᠤᠨ ᠠᠮᠦᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠤᠨ ᠠᠮᠦᠷ ᠲᠦᠪᠰᠢᠨ ᠢ ᠬᠠᠮᠢᠶᠠᠷᠬᠤ᠂ ᠠᠶᠦᠯᠭᠦᠢ ᠦᠢᠯᠡᠳᠪᠦᠷᠢᠯᠡᠯ ᠤᠨ ᠠᠮᠦᠷ ᠲᠦᠪᠰᠢᠨ ᠢ ᠬᠠᠮᠢᠶᠠᠷᠬᠤ︾ ᠵᠢᠴᠢ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠤᠨ ᠶᠣᠰᠣᠭᠠᠷ ᠲᠤᠰ ᠨᠢᠭᠡᠴᠡ ᠶᠢᠨ ᠢᠶᠠᠨ ᠠᠶᠦᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠲᠠᠪᠦᠷᠢᠵᠢᠭᠤᠯᠤᠨ᠎ᠠ᠃        ︵ᠠᠷᠪᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃       ᠭᠤᠷᠪᠠ᠂ ᠳᠣᠲᠣᠭᠠᠳᠤ ᠳᠤ ᠲᠤᠬᠢᠷᠠᠭᠤᠯᠤᠭᠰᠠᠨ ᠪᠠᠶᠢᠭᠤᠯᠤᠮᠵᠢ       ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠵᠣᠬᠢᠴᠠᠭᠤᠯᠬᠤ ᠪᠠ ᠱᠠᠯᠠᠪᠳᠠᠭᠤᠯᠤᠨ ᠰᠢᠢᠳᠪᠦᠷᠢᠯᠡᠭᠦᠯᠬᠦ ᠶᠢ ᠬᠠᠷᠢᠭᠤᠴᠠᠨ᠎ᠠ᠄ ᠮᠡᠳᠡᠭᠡ ᠵᠠᠩᠭᠢ᠂ ᠨᠢᠭᠤᠴᠠ ᠶᠢ ᠬᠠᠮᠠᠭᠠᠯᠠᠬᠤ᠂ ᠡᠳ᠋ ᠤᠨ ᠶᠠᠪᠤᠳᠠᠯ᠂ ᠲᠠᠩᠰᠠ ᠡᠪᠬᠡᠮᠡᠯ᠂ ᠵᠠᠬᠢᠳᠠᠯ ᠰᠣᠷᠪᠤᠯᠵᠢᠯᠠᠭ᠎ᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠦᠵᠡᠯ ᠤᠬᠠᠮᠰᠠᠷ ᠤᠨ ᠬᠡᠯᠪᠡᠷᠢ᠂ ᠤᠶᠤᠨ ᠤ ᠪᠣᠯᠪᠠᠰᠤᠨ᠂ ᠲᠥᠯᠥᠪᠯᠡᠭᠡ ᠲᠠᠢ ᠪᠠᠷ ᠬᠡᠦᠬᠡᠳ ᠠᠪᠬᠤ᠂ ᠤᠯᠠᠨ ᠲᠦᠮᠡᠨ ᠤ ᠪᠦᠯᠬᠦᠮ᠂ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠬᠠᠮᠢᠶᠠᠷᠤᠯᠲᠠ ᠦᠢᠯᠡᠴᠢᠯᠡᠭᠡ ᠵᠡᠷᠭᠡ ᠠᠵᠢᠯ ᠢ ᠬᠠᠷᠢᠭᠤᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠰᠤᠷᠤᠯᠴᠠᠬᠤ᠂ ᠲᠣᠭᠤᠷᠢᠨ ᠦᠵᠡᠬᠦ᠂ ᠰᠢᠨᠵᠢᠯᠡᠨ ᠪᠠᠶᠢᠴᠠᠭᠠᠬᠤ ᠵᠡᠷᠭᠡ ᠴᠢᠬᠤᠯᠠ ᠶᠠᠪᠤᠳᠠᠯ ᠤᠨ ᠪᠣᠳᠠᠲᠠᠢ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ᠂ ᠬᠥᠳᠡᠯᠮᠦᠷᠢ ᠴᠠᠯᠢᠩ᠂ ᠪᠠᠶᠢᠭᠤᠯᠤᠮᠵᠢ ᠶᠢᠨ ᠣᠷᠣᠨ ᠲᠤᠭ᠎ᠠ᠂ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠵᠡᠷᠭᠡ ᠠᠵᠢᠯ ᠢ ᠬᠠᠷᠢᠭᠤᠴᠠᠨ᠎ᠠ᠃ ︽ᠠᠵᠢᠯ ᠲᠥᠷᠥᠯ ᠤᠨ ᠠᠮᠦᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠤᠨ ᠠᠮᠦᠷ ᠲᠦᠪᠰᠢᠨ ᠢ ᠬᠠᠮᠢᠶᠠᠷᠬᠤ᠂ ᠠᠶᠦᠯᠭᠦᠢ ᠦᠢᠯᠡᠳᠪᠦᠷᠢᠯᠡᠯ ᠤᠨ ᠠᠮᠦᠷ ᠲᠦᠪᠰᠢᠨ ᠢ ᠬᠠᠮᠢᠶᠠᠷᠬᠤ︾ ᠵᠢᠴᠢ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ ᠲᠣᠰ ᠨᠢᠭᠡᠴᠡ ᠶᠢᠨ ᠢᠶᠠᠨ ᠠᠶᠦᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃        ︵ᠬᠤᠶᠠᠷ︶ ᠦᠨᠳᠦᠰᠦᠲᠡᠨ ᠤ ᠬᠡᠷᠡᠭ ᠡᠷᠬᠢᠯᠡᠬᠦ ᠲᠠᠰᠤᠭ᠃ ᠦᠨᠳᠦᠰᠦᠲᠡᠨ ᠤ ᠤᠨᠤᠯ᠂ ᠦᠨᠳᠦᠰᠦᠲᠡᠨ ᠤ ᠠᠵᠢᠯ ᠤᠨ ᠴᠢᠬᠤᠯᠠ ᠶᠡᠭᠡ ᠬᠡᠷᠡᠭ ᠶᠠᠪᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠦᠨᠳᠦᠰᠦᠲᠡᠨ ᠤ ᠠᠵᠢᠯ᠂ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠨ᠎ᠠ᠃ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠣᠳᠣᠯᠭ᠎ᠠ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠣᠯᠭ᠎ᠠ᠂ ᠦᠨᠳᠦᠰᠦᠲᠡᠨ ᠤ ᠪᠦᠯᠬᠦᠮᠳᠡᠯ ᠲᠠᠪᠰᠢᠯᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠳᠠᠬᠢ ᠴᠢᠬᠤᠯᠠ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠦᠨᠳᠦᠰᠦᠲᠡᠨ ᠤ ᠡᠷᠬᠡ ᠠᠰᠢᠭ ᠲᠤ ᠬᠤᠯᠪᠣᠭᠳᠠᠭᠰᠠᠨ ᠬᠡᠷᠡᠭ ᠶᠠᠪᠤᠳᠠᠯ ᠢ ᠬᠢᠨᠠᠨ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠢ ᠵᠣᠬᠢᠴᠠᠭᠤᠯᠤᠨ ᠬᠠᠮᠠᠭᠠᠯᠠᠬᠤ ᠠᠵᠢᠯ ᠳᠤ  ᠤᠷᠤᠯᠴᠠᠨ᠎ᠠ᠃ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠨ ᠦᠨᠳᠦᠰᠦᠲᠡᠨ ᠤ ᠠᠵᠢᠯ ᠤᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠡᠭᠦᠷᠭᠡᠯᠡᠬᠦ ᠶᠢ ᠵᠣᠬᠢᠴᠠᠭᠤᠯᠤᠨ  ᠱᠠᠯᠠᠪᠳᠠᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢᠨ ᠬᠠᠮᠢᠶᠠᠷᠤᠯᠲᠠ = ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠳᠡᠮᠵᠢᠬᠦ ᠪᠠ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠨ ᠤ ᠬᠡᠷᠡᠭᠰᠡᠯ ᠤᠨ ᠦᠢᠯᠡᠳᠪᠦᠷᠢᠯᠡᠯ ᠢ ᠵᠣᠬᠢᠴᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠳᠤ ᠣᠷᠣᠯᠴᠠᠨ᠎ᠠ᠃ ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠦᠨᠳᠦᠰᠦᠲᠡᠨ ᠤ ᠠᠵᠢᠯ ᠪᠠ ᠮᠣᠩᠭᠤᠯ ᠬᠡᠯᠡ ᠪᠢᠴᠢᠭ ᠤᠨ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ᠃ ᠯᠠᠯᠤ ᠶᠢᠨ ᠢᠳᠡᠭᠡᠨ ᠤ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ᠃ ᠦᠨᠳᠦᠰᠦᠲᠡᠨ ᠤ ᠪᠦᠷᠢᠯᠳᠦᠭᠦᠨ ᠢ ᠬᠠᠯᠠᠨ ᠥᠭᠡᠷᠡᠴᠢᠯᠡᠬᠦ ᠶᠢ ᠬᠢᠨᠠᠨ ᠬᠠᠷᠭᠤᠭᠤᠯᠬᠤ ᠠᠵᠢᠯ ᠢ ᠳᠠᠭᠠᠭᠠᠨ ᠡᠭᠦᠷᠭᠡᠯᠡᠨ᠎ᠡ᠃ ᠦᠨᠳᠦᠰᠦᠲᠡᠨ  ᠤ ᠦᠢᠯᠡᠰ ᠵᠡᠷᠭᠡ ᠲᠤᠰᠬᠠᠢ ᠵᠦᠢᠯ ᠤᠨ ᠲᠥᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠪᠥᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠠᠮᠢᠶ᠎ᠠ ᠪᠦᠬᠦᠢ ᠬᠦᠷᠢᠶᠡᠨ ᠤ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠲᠤ ᠣᠷᠣᠯᠴᠠᠵᠤ᠂ ᠦᠨᠳᠦᠰᠦᠲᠡᠨ ᠤ ᠦᠢᠯᠡᠰ  ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ  ᠪᠠ ᠦᠨᠳᠦᠰᠦᠲᠡᠨ  ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠢ ᠬᠠᠤᠯᠢ ᠶᠣᠰᠣᠭᠠᠷ ᠬᠡᠷᠡᠭᠵᠢᠭᠦᠯᠬᠦ ᠶᠢ ᠵᠢᠯᠤᠭᠤᠳᠴᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠭᠤᠷᠪᠠᠨ ᠵᠦᠢᠯ ᠤᠨ ᠲᠥᠯᠥᠪᠯᠡᠭᠡ︾ ᠶᠢᠨ ᠠᠵᠢᠯ ᠢ ᠰᠠᠶᠢᠲᠤᠷ ᠬᠢᠵᠦ᠂ ᠪᠥᠬᠦ ᠲᠤᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠰᠢᠶᠠᠨ ᠬᠥᠬᠢᠭᠦᠯᠬᠦ ᠠᠵᠢᠯᠯᠠᠭ᠎ᠠ ᠶᠢ ᠳᠠᠭᠠᠭᠠᠨ ᠭᠦᠢᠴᠡᠳᠬᠡᠨ᠎ᠡ᠃ ᠪᠥᠬᠦ ᠲᠤᠭᠤᠷᠢᠭ ᠤᠨ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠢ ᠬᠠᠮᠢᠶᠠᠷᠴᠤ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠤᠯᠠᠮᠵᠢᠯᠠᠬᠤ ᠶᠢ ᠬᠦᠨᠳᠦᠳᠬᠡᠬᠦ ᠪᠠ ᠪᠠᠲᠤᠯᠠᠨ᠎ᠠ᠃ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢᠵᠢᠭᠤᠯᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠭᠠᠳᠠᠭᠠᠳᠤ ᠤᠬᠠᠭᠤᠯᠭ᠎ᠠ ᠶᠢᠨ ᠠᠵᠢᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠦᠨᠳᠦᠰᠦᠲᠡᠨ ᠤ ᠰᠣᠶᠣᠯ ᠤᠨ ᠠᠵᠢᠯᠯᠠᠭ᠎ᠠ ᠶᠢ ᠡᠷᠭᠢᠯᠡᠬᠦ ᠪᠠ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠠᠵᠢᠯ ᠢ ᠳᠠᠭᠠᠭᠠᠨ ᠡᠷᠭᠢᠯᠡᠨ᠎ᠡ᠃ ᠲᠤᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠤ  ᠳᠦᠷᠢᠮᠲᠦ ᠠᠵᠢᠯ ᠤᠨ ᠳᠦᠷᠢᠮ ᠢ ᠲᠦᠯᠬᠢᠨ ᠠᠬᠢᠭᠤᠯᠤᠨ ᠬᠡᠷᠡᠭᠵᠢᠭᠦᠯᠵᠦ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠡ ᠲᠠᠢ ᠬᠠᠷᠢᠯᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠪᠠ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ ᠬᠥᠮᠥᠰ ᠲᠠᠢ ᠬᠠᠷᠢᠯᠴᠠᠨ᠎ᠠ᠃ ᠦᠨᠳᠦᠰᠦᠲᠡᠨ ᠤ ᠠᠵᠢᠯ ᠪᠠ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠶᠢ ᠡᠭᠦᠷᠭᠡᠯᠡᠨ᠎ᠡ᠃ ᠪᠥᠬᠦ ᠲᠤᠭᠤᠷᠢᠭ ᠤᠨ ᠮᠣᠩᠭᠤᠯ ᠦᠭᠡ ᠬᠡᠯᠡ ᠥᠰᠥᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ ᠪᠠ ᠬᠥᠭᠵᠢᠭᠦᠯᠬᠦ ᠠᠵᠢᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠪᠥᠬᠦ ᠲᠤᠭᠤᠷᠢᠭ ᠤᠨ ᠮᠣᠩᠭᠤᠯ ᠬᠡᠯᠡ ᠪᠢᠴᠢᠭ ᠤᠨ ᠣᠷᠴᠢᠭᠤᠯᠭ᠎ᠠ ᠶᠢᠨ ᠠᠵᠢᠯ ᠵᠢᠴᠢ ᠮᠣᠩᠭᠤᠯ ᠬᠡᠯᠡᠨ ᠤ ᠨᠡᠷ᠎ᠡ ᠲᠣᠮᠢᠶ᠎ᠠ ᠶᠢᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠰᠠᠶᠢᠲᠤᠷ ᠬᠢᠨ᠎ᠡ︔ ᠬᠤᠯᠪᠣᠭᠳᠠᠯ ᠪᠦᠬᠦᠢ ᠮᠣᠩᠭᠤᠯ ᠰᠡᠳᠬᠦᠯ ᠨᠠᠶᠢᠷᠠᠭᠤᠯᠤᠨ ᠬᠡᠪᠯᠡᠭᠦᠯᠬᠦ᠂ ᠦᠨᠳᠦᠰᠦᠲᠡᠨ ᠤ ᠲᠤᠯᠭᠤᠷ ᠪᠢᠴᠢᠭ ᠢ ᠴᠤᠭᠯᠠᠭᠤᠯᠤᠨ ᠡᠮᠬᠢᠳᠬᠡᠬᠦ ᠪᠠ ᠮᠣᠩᠭᠤᠯ ᠬᠡᠯᠡᠨ ᠤ ᠣᠷᠴᠢᠭᠤᠯᠤᠭᠴᠢ ᠶᠢᠨ ᠪᠣᠯᠪᠠᠰᠤᠷᠠᠭᠤᠯᠤᠯ ᠢ ᠵᠢᠯᠤᠭᠤᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠣᠷᠴᠢᠭᠤᠯᠤᠭᠴᠢ ᠶᠢᠨ ᠲᠤᠰᠬᠠᠢ ᠮᠡᠷᠭᠡᠵᠢᠯ ᠤᠨ ᠮᠡᠷᠭᠡᠵᠢᠯ ᠤᠨ ᠴᠣᠯᠠ ᠶᠢ ᠰᠢᠯᠭᠠᠷᠠᠭᠤᠯᠵᠤ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠨ᠎ᠡ᠃ ᠪᠤᠭᠤᠲᠤ ᠬᠤᠲᠠ ᠶᠢᠨ ᠮᠣᠩᠭᠤᠯ ᠬᠡᠯᠡ ᠪᠢᠴᠢᠭ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ︔ ᠪᠥᠬᠦ ᠲᠤᠭᠤᠷᠢᠭ ᠤᠨ ᠮᠣᠩᠭᠤᠯ ᠦᠭᠡ ᠬᠡᠯᠡ ᠥᠰᠥᠭ ᠪᠢᠴᠢᠭ ᠤᠨ ᠠᠵᠢᠯ ᠢ ᠬᠤᠷᠸ᠎ᠠ ᠲᠠᠯ᠎ᠠ  ᠠᠴᠠ ᠬᠠᠮᠢᠶᠠᠷᠴᠤ᠂ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢᠵᠢᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠬᠤ ᠪᠤᠶᠤ ᠬᠠᠮᠵᠢᠯᠴᠠᠵᠤ ᠪᠠᠶᠢᠭᠠᠳ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠦᠨᠳᠦᠰᠦᠲᠡᠨ ᠤ ᠰᠣᠶᠣᠯ ᠤᠨ ᠠᠵᠢᠯᠯᠠᠭ᠎ᠠ ᠪᠠ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠣᠳᠠᠲᠠᠢ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠡᠷᠬᠢᠯᠡᠨ᠎ᠡ᠃ ᠦᠨᠳᠦᠰᠦᠲᠡᠨ ᠤ ᠬᠤᠭᠤᠷᠣᠨᠳᠣᠬᠢ ᠰᠣᠶᠣᠯ ᠤᠷᠠᠯᠢᠭ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠵᠡᠷᠭᠡ ᠠᠵᠢᠯ ᠢ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠦᠨᠳᠦᠰᠦᠲᠡᠨ ᠤ ᠡᠮ ᠡᠮᠨᠡᠯᠭᠡ ᠶᠢ ᠠᠭᠤᠳᠠᠯᠤᠨ ᠡᠮᠬᠢᠳᠬᠡᠬᠦ ᠪᠠ ᠦᠨᠳᠦᠰᠦᠲᠡᠨ ᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠥᠷᠨᠢᠭᠦᠯᠦᠨ᠎ᠡ᠃      ᠠᠵᠢᠯᠯᠠᠬᠤ ᠬᠠᠶ᠋ᠢᠭ᠄ ᠴᠢᠩᠱᠠᠨ ᠲᠣᠭᠤᠷᠢᠭ ᠤᠨ ᠰᠢᠩ ᠸᠠᠩ ᠵᠠᠮ ᠤᠨ ᠰᠢᠩ ᠱᠧᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠠᠰᠠᠷ ᠤᠨ 11 ᠳ᠋ᠦ᠋ᠭᠡᠷ ᠳᠠᠪᠬᠤᠷᠯᠢᠭ       ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ 8᠄ 30 ︱ 12᠄ 00᠂ 14᠄ 30 ︱ 17᠄ 30       ᠬᠠᠷᠢᠯᠴᠠᠬᠤ ᠤᠲᠠᠰᠤ᠄ 0472 ︱ 6961105 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号