ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
ᠨᠡᠶᠢᠲᠡᠯᠡᠭᠰᠡᠨ ᠴᠠᠭ᠄
2023/11/20
      ᠨᠢᠭᠡ᠂ ᠵᠠᠰᠠᠭ ᠤᠨ ᠣᠷᠳᠣᠨ ᠤ ᠠᠯᠪᠠᠨ ᠭᠡᠷ ᠤᠨ ᠭᠤᠣᠯ ᠡᠭᠦᠷᠭᠡ ᠬᠠᠷᠢᠭᠤᠴᠠᠯᠭ᠎ᠠ       ︵ᠨᠢᠭᠡ︶ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠮᠵᠢᠨ ᠪᠥᠬᠦ ᠲᠤᠭᠤᠷᠢᠭ ᠤᠨ ᠠᠵᠢᠯ ᠤᠨ ᠪᠠᠶᠢᠳᠠᠯ ᠢ ᠣᠶᠢᠯᠠᠭᠠᠨ ᠡᠵᠡᠮᠰᠢᠭᠦᠯᠦᠨ᠎ᠡ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠨᠢᠭᠡᠴᠡ ᠶᠢᠨ ᠬᠤᠭᠤᠷᠣᠨᠳᠣᠬᠢ ᠮᠠᠷᠭᠤᠯᠳᠤᠭᠠᠨ ᠲᠠᠢ ᠴᠢᠬᠤᠯᠠ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠬᠦ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃       ︵ᠬᠤᠶᠠᠷ︶ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠬᠤ ᠪᠤᠶᠤ ᠬᠢᠨᠠᠨ ᠬᠠᠷᠭᠤᠭᠤᠯᠬᠤ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃       ︵ᠭᠤᠷᠪᠠ︶ ᠲᠤᠭᠤᠷᠢᠭ ‍ᠤᠨ‌ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠬᠤᠷᠠᠯ ᠵᠢᠴᠢ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠵᠤ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠷᠠᠯ ᠢᠶᠠᠷ ᠲᠣᠭᠲᠠᠭᠠᠭᠰᠠᠨ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠷᠠᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ︵ᠳᠥᠷᠪᠡ︶ ᠲᠤᠭᠤᠷᠢᠭ ‍ᠤᠨ‌ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢ ᠬᠠᠷᠢᠭᠤᠴᠠᠵᠤ ᠪᠠᠶᠢᠭ᠎ᠠ ᠵᠣᠬᠢᠶᠠᠨ ᠪᠠᠶᠢᠭᠤᠯᠤᠯᠲᠠ ᠪᠠ ᠲᠤᠭᠤᠷᠢᠭ ‍ᠤᠨ‌ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠳᠣᠲᠣᠭᠠᠳᠤ ᠭᠠᠳᠠᠭᠠᠳᠤ ᠶᠠᠪᠤᠳᠠᠯ  ᠤᠨ ᠴᠢᠬᠤᠯᠠ ᠠᠵᠢᠯᠯᠠᠭ᠎ᠠ ᠶᠢᠨ ᠲᠣᠬᠢᠷᠠᠭᠤᠯᠤᠯᠲᠠ ᠶᠢ ᠬᠠᠷᠢᠭᠤᠴᠠᠨ᠎ᠠ᠃       ︵ᠲᠠᠪᠤ︶ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  ᠠᠴᠠ ᠵᠢᠭᠠᠪᠤᠷᠢ ᠠᠪᠬᠤ ᠵᠦᠢᠯᠡᠰ ᠢ ᠬᠠᠷᠢᠭᠤᠴᠠᠨ ᠬᠢᠨᠠᠨ ᠬᠠᠷᠭᠤᠭᠤᠯᠵᠤ᠂ ᠭᠦᠢᠴᠡᠳᠬᠡᠬᠦ ᠰᠠᠨᠠᠯ ᠢᠶᠠᠨ ᠳᠤᠷᠠᠳᠤᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠵᠦ ᠬᠢᠨᠠᠨ  ᠵᠦᠪᠰᠢᠶᠡᠷᠡᠭᠦᠯᠬᠦ ᠶᠢ ᠬᠠᠷᠢᠭᠤᠴᠠᠨ᠎ᠠ᠃       ︵ᠵᠢᠷᠭᠤᠭ᠎ᠠ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠭᠡᠷ ᠤᠨ ᠠᠯᠪᠠᠨ ᠪᠢᠴᠢᠭ ᠴᠠᠬᠢᠯᠭᠠᠨ ᠮᠡᠳᠡᠭᠡ ᠶᠢ ᠭᠦᠢᠴᠡᠳᠬᠡᠬᠦ ᠠᠵᠢᠯ ᠢ ᠬᠠᠷᠢᠭᠤᠴᠠᠵᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠭᠡᠷ ᠤᠨ ᠵᠣᠬᠢᠶᠠᠵᠤ ᠲᠠᠷᠬᠠᠭᠠᠬᠤ ᠭᠡᠵᠦ ᠪᠠᠶᠢᠭ᠎ᠠ ᠪᠢᠴᠢᠭ ᠮᠠᠲ᠋ᠧᠷᠢᠶᠠᠯ ᠪᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠲᠤ ᠤᠷᠢᠳᠠᠴᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠵᠡᠷᠭᠡ ᠠᠵᠢᠯ  ᠬᠢᠬᠦ ᠶᠢ ᠬᠠᠷᠢᠭᠤᠴᠠᠨ᠎ᠠ᠃       ︵ᠳᠣᠯᠤᠭ᠎ᠠ︶  ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠵᠦᠢᠯᠡᠰ ᠵᠢᠴᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠴᠣᠬᠤᠯᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠲᠤᠬᠠᠢ ᠳᠤᠨᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠬᠦ ᠶᠢ ᠱᠠᠯᠠᠪᠳᠠᠭᠤᠯᠤᠨ ᠪᠠᠶᠢᠴᠠᠭᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠭᠦᠢᠴᠡᠳᠬᠡᠯ ᠲᠤᠭ᠎ᠠ ᠶᠢ ᠬᠢᠨᠠᠨ ᠰᠢᠯᠭᠠᠵᠤ ᠦᠨᠡᠯᠡᠬᠦ ᠠᠵᠢᠯ ᠢ ᠬᠠᠷᠢᠭᠤᠴᠠᠨ᠎ᠠ᠃      ︵ᠨᠠᠢᠮᠠ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠭᠡ ᠬᠠᠩᠭᠠᠬᠤ ᠶᠢ ᠬᠠᠷᠢᠭᠤᠴᠠᠨ᠎ᠠ᠃       ︵ᠶᠢᠰᠦ︶ ᠲᠤᠭᠤᠷᠢᠭ ‍ᠤᠨ‌ᠠᠷᠠᠳ ᠤᠨ ᠵᠠᠰᠠᠭ ᠤᠨ ᠣᠷᠳᠣᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠡᠳᠦᠷ ᠲᠤᠳᠤᠮ  ᠤᠨ ᠠᠵᠢᠯ ᠢ ᠡᠭᠦᠷᠭᠡᠯᠡᠨ᠎ᠡ᠃       ︵ᠠᠷᠪᠠ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠶᠡᠷᠦᠩᠬᠡᠢ ᠵᠢᠵᠢᠭᠦᠷ ᠤᠨ ᠠᠵᠢᠯ ᠢ ᠬᠠᠷᠢᠭᠤᠴᠠᠵᠤ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠮᠡᠳᠡᠭᠦᠯᠵᠦ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠤᠯᠠᠮᠵᠢᠯᠠᠬᠤ ᠪᠠ ᠱᠠᠯᠠᠪᠳᠠᠭᠤᠯᠤᠨ ᠨᠠᠶᠢᠲᠠᠪᠦᠷᠢᠵᠢᠭᠤᠯᠬᠤ ᠶᠢ ᠬᠠᠷᠢᠭᠤᠴᠠᠨ᠎ᠠ᠃       ︵ᠠᠷᠪᠠᠨ ᠨᠢᠭᠡ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠠᠭ ᠤᠨ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠠᠶᠡᠯᠡᠭᠦᠯᠦᠨ᠎ᠡ᠃       ᠬᠤᠶᠠᠷ᠂ ᠵᠠᠰᠠᠭ ᠤᠨ ᠣᠷᠳᠣᠨ ᠤ ᠠᠯᠪᠠᠨ ᠭᠡᠷ ᠤᠨ ᠪᠠᠭ ᠤᠨ ᠪᠦᠷᠢᠯᠳᠦᠭᠦᠨ ᠤ ᠭᠤᠣᠯ ᠡᠭᠦᠷᠭᠡ ᠬᠠᠷᠢᠭᠤᠴᠠᠯᠭ᠎ᠠ       ᠼᠤᠤ ᠵᠢᠦᠢ     ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ       ᠵᠠᠰᠠᠭ ᠤᠨ ᠣᠷᠳᠣᠨ ᠤ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠪᠰᠤᠷᠤᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠠᠯᠪᠠᠨ ᠭᠡᠷ ᠤᠨ ᠪᠥᠬᠦ ᠲᠠᠯ᠎ᠠ ᠶᠢᠨ ᠠᠵᠢᠯ ᠢ ᠡᠷᠬᠢᠯᠡᠨ᠎ᠡ᠃       ᠶᠠᠩ ᠯᠢ ᠵᠢᠶ᠋ᠧ     ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ       ᠲᠤᠭᠤᠷᠢᠭ ᠤᠨ ᠤᠳᠤᠷᠢᠳᠤᠯᠭ᠎ᠠ ᠶᠢ ᠬᠠᠮᠵᠢᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷᠢᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠭᠦᠢᠴᠡᠳᠬᠡᠨ᠎ᠡ︔ ᠲᠤᠭᠤᠷᠢᠭ ᠤᠨ  ᠵᠠᠰᠠᠭ ᠤᠨ ᠣᠷᠳᠣᠨ ᠤ ᠠᠯᠪᠠᠨ ᠭᠡᠷ ᠤᠨ ᠴᠠᠭ ᠲᠤᠬᠠᠢ ᠳᠤᠨᠢ ᠲᠤᠰᠢᠶᠠᠭᠰᠠᠨ ᠪᠤᠰᠤᠳ ᠡᠭᠦᠷᠭᠡ ᠶᠢ ᠬᠠᠷᠢᠭᠤᠴᠠᠨ᠎ᠠ᠃       ᠯᠧᠢ ᠹᠠᠨ ᠬᠤᠢ    ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠭᠤᠷᠢᠭ  ᠤᠨ ᠵᠠᠰᠠᠭ ᠤᠨ ᠣᠷᠳᠣᠨ ᠤ ᠠᠯᠪᠠᠨ ᠭᠡᠷ ᠲᠤ ᠰᠠᠭᠤᠭ᠎ᠠ  ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ       ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃       ᠭᠦᠸᠧ ᠢᠦᠢ ᠹᠧᠩ    ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ       ᠲᠤᠭᠤᠷᠢᠭ ᠤᠨ ᠤᠳᠤᠷᠢᠳᠤᠯᠭ᠎ᠠ ᠶᠢ ᠬᠠᠮᠵᠢᠨ ᠦᠨᠳᠦᠰᠦᠲᠡᠨ ᠤ ᠬᠡᠷᠡᠭ ᠶᠠᠪᠤᠳᠠᠯ᠂ ᠭᠤᠷᠪᠠᠳᠤᠭᠠᠷ ᠠᠵᠤ ᠦᠢᠯᠡᠰ ᠤᠨ ᠦᠢᠯᠡᠴᠢᠯᠡᠭᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠲᠠᠯ᠎ᠠ ᠶᠢᠨ ᠠᠵᠢᠯ ᠢ ᠭᠦᠢᠴᠡᠳᠬᠡᠨ᠎ᠡ︔ ᠠᠯᠪᠠᠨ ᠭᠡᠷ ᠤᠨ ᠡᠷᠬᠢᠯᠡᠭᠴᠢ ᠶᠢ ᠬᠠᠪᠰᠤᠷᠤᠨ ᠱᠠᠯᠠᠪᠳᠠᠭᠤᠯᠤᠨ ᠪᠠᠶᠢᠴᠠᠭᠠᠬᠤ ᠲᠠᠰᠤᠭ ᠢ ᠬᠤᠪᠢᠳᠠᠨ ᠬᠠᠮᠢᠶᠠᠷᠴᠤ᠂ ᠣᠶᠢᠯᠠᠯᠭ᠎ᠠ ᠲᠡᠦᠬᠡ ᠶᠢᠨ ᠠᠯᠪᠠᠨ ᠭᠡᠷ ᠤᠨ ᠪᠥᠬᠦ ᠲᠠᠯ᠎ᠠ ᠶᠢᠨ ᠠᠵᠢᠯ ᠢ ᠭᠤᠣᠯᠴᠢᠯᠠᠨ ᠬᠠᠮᠢᠶᠠᠷᠤᠨ᠎ᠠ︔ ᠲᠤᠭᠤᠷᠢᠭ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠭᠡᠷ ᠤᠨ ᠴᠠᠭ ᠲᠤᠬᠠᠢ ᠳᠤᠨᠢ ᠲᠤᠰᠢᠶᠠᠵᠤ ᠰᠢᠢᠳᠪᠦᠷᠢᠯᠡᠭᠦᠯᠬᠦ ᠪᠤᠰᠤᠳ ᠡᠭᠦᠷᠭᠡ ᠶᠢ ᠬᠠᠷᠢᠭᠤᠴᠠᠨ᠎ᠠ᠃       ᠼᠠᠢ ᠵᠠᠨ ᠳ᠋ᠦᠩ      ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ       ᠠᠯᠪᠠᠨ ᠭᠡᠷ ᠤᠨ ᠡᠷᠬᠢᠯᠡᠭᠴᠢ ᠶᠢ ᠬᠠᠪᠰᠤᠷᠤᠨ ᠵᠠᠰᠠᠭ ᠤᠨ ᠣᠷᠳᠣᠨ ᠤ ᠠᠯᠪᠠᠨ ᠭᠡᠷ ᠤᠨ ᠶᠡᠷᠦᠩᠬᠡᠶᠢᠯᠡᠨ ᠵᠣᠬᠢᠴᠠᠭᠤᠯᠵᠤ ᠲᠣᠬᠢᠷᠠᠭᠤᠯᠬᠤ ᠠᠵᠢᠯ ᠢ ᠬᠠᠷᠢᠭᠤᠴᠠᠨ᠎ᠠ︔ ᠠᠯᠪᠠᠨ ᠭᠡᠷ ᠤᠨ ᠡᠷᠬᠢᠯᠡᠭᠴᠢ ᠶᠢ ᠬᠠᠪᠰᠤᠷᠤᠨ ᠶᠡᠷᠦᠩᠬᠡᠶᠢᠯᠡᠭᠰᠡᠨ ᠲᠠᠰᠤᠭ᠂ ᠬᠡᠷᠡᠭ ᠶᠠᠪᠤᠳᠠᠯ ᠤᠨ ᠲᠠᠰᠤᠭ ᠢ ᠬᠤᠪᠢᠳᠠᠨ ᠬᠠᠮᠢᠶᠠᠷᠤᠨ᠎ᠠ︔ ᠲᠤᠭᠤᠷᠢᠭ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠭᠡᠷ ᠤᠨ ᠴᠠᠭ ᠲᠤᠬᠠᠢ ᠳᠤᠨᠢ ᠲᠤᠰᠢᠶᠠᠵᠤ ᠰᠢᠢᠳᠪᠦᠷᠢᠯᠡᠭᠦᠯᠬᠦ ᠪᠤᠰᠤᠳ ᠡᠭᠦᠷᠭᠡ ᠶᠢ ᠬᠠᠷᠢᠭᠤᠴᠠᠨ᠎ᠠ᠃       ᠱᠠᠩ ᠵᠧᠩ ᠲᠢᠩ      ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ      ᠲᠤᠭᠤᠷᠢᠭ ᠤᠨ ᠤᠳᠤᠷᠢᠳᠤᠯᠭ᠎ᠠ ᠶᠢ ᠬᠠᠮᠵᠢᠨ ᠠᠵᠤ ᠦᠢᠯᠡᠳᠪᠦᠷᠢ ᠶᠢᠨ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠡᠮᠴᠢᠯᠡᠭᠡᠨ ᠤ ᠪᠠᠲᠤᠯᠠᠭ᠎ᠠ ᠪᠠ ᠵᠡᠭᠡᠯᠢ ᠭᠤᠳᠤᠮᠵᠢ ᠵᠡᠷᠭᠡ ᠲᠠᠯ᠎ᠠ ᠶᠢᠨ ᠠᠵᠢᠯ ᠢ ᠭᠦᠢᠴᠡᠳᠬᠡᠨ᠎ᠡ᠃ ᠠᠯᠪᠠᠨ ᠭᠡᠷ ᠤᠨ ᠡᠷᠬᠢᠯᠡᠭᠴᠢ ᠶᠢ ᠬᠠᠪᠰᠤᠷᠤᠨ ᠴᠢᠳᠠᠪᠬᠢᠲᠦ ᠲᠠᠰᠤᠭ ᠢ ᠬᠤᠪᠢᠳᠠᠨ ᠬᠠᠮᠢᠶᠠᠷᠤᠨ᠎ᠠ︔ ᠲᠤᠭᠤᠷᠢᠭ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠭᠡᠷ ᠤᠨ ᠴᠠᠭ ᠲᠤᠬᠠᠢ ᠳᠤᠨᠢ ᠲᠤᠰᠢᠶᠠᠵᠤ ᠰᠢᠢᠳᠪᠦᠷᠢᠯᠡᠭᠦᠯᠬᠦ ᠪᠤᠰᠤᠳ ᠡᠭᠦᠷᠭᠡ ᠶᠢ ᠬᠠᠷᠢᠭᠤᠴᠠᠨ᠎ᠠ᠃       ᠸᠠᠩ ᠵᠧᠩ      ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ       ᠲᠣᠭᠤᠷᠢᠭ ᠤᠨ ᠤᠳᠤᠷᠢᠳᠤᠯᠭ᠎ᠠ ᠶᠢ ᠬᠠᠮᠵᠢᠨ ᠬᠤᠲᠠ ᠶᠢᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠲᠠᠯ᠎ᠠ ᠶᠢᠨ ᠠᠵᠢᠯ ᠢ ᠭᠦᠢᠴᠡᠳᠬᠡᠨ᠎ᠡ︔ ᠠᠯᠪᠠᠨ ᠭᠡᠷ ᠤᠨ ᠡᠷᠬᠢᠯᠡᠭᠴᠢ ᠶᠢ ᠬᠠᠪᠰᠤᠷᠤᠨ ᠨᠢᠭᠤᠴᠠ ᠮᠠᠲ᠋ᠧᠷᠢᠶᠠᠯ ᠤᠨ ᠲᠠᠰᠤᠭ ᠢ ᠬᠤᠪᠢᠳᠠᠨ ᠬᠠᠮᠢᠶᠠᠷᠤᠨ᠎ᠠ︔ ᠠᠯᠪᠠᠨ ᠭᠡᠷ ᠤᠨ ᠡᠷᠬᠢᠯᠡᠭᠴᠢ ᠶᠢ ᠬᠠᠪᠰᠤᠷᠤᠨ ᠵᠠᠰᠠᠭ ᠤᠨ ᠣᠷᠳᠣᠨ ᠤ ᠠᠯᠪᠠᠨ ᠭᠡᠷ ᠤᠨ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠬᠠᠷᠢᠭᠤᠴᠠᠨ᠎ᠠ︔ ᠲᠤᠭᠤᠷᠢᠭ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠭᠡᠷ ᠤᠨ ᠴᠠᠭ ᠲᠤᠬᠠᠢ ᠳᠤᠨᠢ ᠲᠤᠰᠢᠶᠠᠵᠤ ᠰᠢᠢᠳᠪᠦᠷᠢᠯᠡᠭᠦᠯᠬᠦ ᠪᠤᠰᠤᠳ ᠡᠭᠦᠷᠭᠡ ᠶᠢ ᠬᠠᠷᠢᠭᠤᠴᠠᠨ᠎ᠠ᠃       ᠵᠤᠤ ᠵᠦᠩ ᠴᠤᠤ    ᠲᠣᠭᠤᠷᠢᠭ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠡᠷᠬᠢᠯᠡᠭᠴᠢ       ᠲᠤᠭᠤᠷᠢᠭ ᠤᠨ ᠤᠳᠤᠷᠢᠳᠤᠯᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠭᠠᠶᠢᠯᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠤᠭ᠎ᠠ ᠪᠦᠷᠢᠳᠬᠡᠯ᠂ ᠮᠥᠩᠭᠦᠨ ᠭᠦᠢᠯᠭᠡᠭᠡᠨ᠂ ᠥᠷᠢ ᠥᠭᠴᠡᠭᠡ ᠶᠢ ᠠᠷᠢᠯᠭᠠᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠭᠦᠢᠴᠡᠳᠬᠡᠨ᠎ᠡ︔ ᠠᠯᠪᠠᠨ ᠭᠡᠷ ᠤᠨ ᠡᠷᠬᠢᠯᠡᠭᠴᠢ ᠶᠢ ᠬᠠᠪᠰᠤᠷᠤᠨ ᠨᠠᠷᠢᠨ ᠪᠢᠴᠢᠭᠡᠴᠢ ᠶᠢᠨ ᠲᠠᠰᠤᠭ᠂ ᠶᠡᠷᠦᠩᠬᠡᠢ ᠵᠢᠵᠢᠭᠦᠷ ᠤᠨ ᠲᠠᠰᠤᠭ ᠢ ᠬᠤᠪᠢᠳᠠᠨ ᠬᠠᠮᠢᠶᠠᠷᠤᠨ᠎ᠠ︔ ᠲᠤᠭᠤᠷᠢᠭ  ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠭᠡᠷ ᠤᠨ ᠴᠠᠭ ᠲᠤᠬᠠᠢ ᠳᠤᠨᠢ ᠲᠤᠰᠢᠶᠠᠵᠤ ᠰᠢᠢᠳᠪᠦᠷᠢᠯᠡᠭᠦᠯᠬᠦ ᠪᠤᠰᠤᠳ ᠡᠭᠦᠷᠭᠡ ᠶᠢ ᠬᠠᠷᠢᠭᠤᠴᠠᠨ᠎ᠠ᠃       ᠯᠢ ᠫᠠᠨ ᠫᠠᠨ      ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠰᠠᠯᠠᠭᠠᠨ ᠲᠠᠰ ᠤᠨ ᠺᠠᠳ᠋ᠷ᠂ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ       ᠲᠣᠭᠤᠷᠢᠭ ᠤᠨ ᠤᠳᠤᠷᠢᠳᠤᠯᠭ᠎ᠠ ᠶᠢ ᠬᠠᠮᠵᠢᠨ ᠬᠤᠷᠠᠯ ᠦᠵᠡᠰᠬᠦᠯᠡᠩ ᠤᠨ ᠠᠵᠤ ᠠᠬᠤᠢ᠂ ᠰᠤᠷᠭᠠᠨ ᠬᠥᠮᠦᠵᠢᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠥᠳᠡᠭᠡ ᠲᠣᠰᠬᠤᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠮ ᠬᠠᠷᠢᠯᠴᠠᠭ᠎ᠠ᠂ ᠤᠰᠤᠨ ᠤ ᠶᠠᠪᠤᠳᠠᠯ᠂ ᠣᠶ ᠰᠢᠭᠤᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ ᠭᠦᠢᠴᠡᠳᠬᠡᠨ᠎ᠡ︔ ᠠᠯᠪᠠᠨ ᠭᠡᠷ ᠤᠨ ᠡᠷᠬᠢᠯᠡᠭᠴᠢ ᠶᠢ ᠬᠠᠪᠰᠤᠷᠤᠨ ᠮᠡᠳᠡᠭᠡ ᠵᠠᠩᠭᠢ ᠶᠢᠨ ᠰᠲ᠋ᠣᠺ ᠢ ᠬᠤᠪᠢᠳᠠᠨ ᠬᠠᠮᠢᠶᠠᠷᠤᠨ᠎ᠠ︔ ᠠᠯᠪᠠᠨ ᠭᠡᠷ ᠤᠨ ᠡᠷᠬᠢᠯᠡᠭᠴᠢ ᠶᠢ ᠬᠠᠪᠰᠤᠷᠤᠨ  ᠲᠤᠭᠤᠷᠢᠭ ᠤᠨ ᠵᠠᠰᠠᠭ ᠤᠨ ᠣᠷᠳᠣᠨ ᠤ ᠥᠭᠡᠷᠡᠴᠢᠯᠡᠯᠲᠡ ᠶᠢᠨ ᠮᠡᠳᠡᠭᠡ ᠵᠠᠩᠭᠢ ᠶᠢᠨ ᠠᠵᠢᠯ ᠢ ᠬᠠᠷᠢᠭᠤᠴᠠᠨ᠎ᠠ︔ ᠪᠦᠬᠦ  ᠲᠤᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ︔ ᠲᠤᠭᠤᠷᠢᠭ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠭᠡᠷ ᠤᠨ ᠴᠠᠭ ᠲᠤᠬᠠᠢ ᠳᠤᠨᠢ ᠲᠤᠰᠢᠶᠠᠵᠤ ᠰᠢᠢᠳᠪᠦᠷᠢᠯᠡᠭᠦᠯᠬᠦ ᠪᠤᠰᠤᠳ ᠡᠭᠦᠷᠭᠡ ᠶᠢ ᠬᠠᠷᠢᠭᠤᠴᠠᠨ᠎ᠠ᠃       ᠭᠤᠷᠪᠠ᠂ ᠳᠣᠲᠣᠭᠠᠳᠤ ᠪᠠᠶᠢᠭᠤᠯᠤᠮᠵᠢ  ᠶᠢᠨ ᠭᠤᠣᠯ ᠡᠭᠦᠷᠭᠡ ᠬᠠᠷᠢᠭᠤᠴᠠᠯᠭ᠎ᠠ       ︵ᠨᠢᠭᠡ︶ ᠨᠠᠷᠢᠨ ᠪᠢᠴᠢᠭᠡᠴᠢ ᠶᠢᠨ ᠲᠠᠰᠤᠭ       ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄       1᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠠᠰᠠᠭ ᠤᠨ ᠶᠠᠪᠤᠳᠠᠯ ᠤᠨ ᠠᠵᠢᠯ ᠳᠤ ᠦᠢᠯᠡᠴᠢᠯᠡᠭᠡ ᠬᠠᠩᠭᠠᠬᠤ ᠶᠢ ᠬᠠᠷᠢᠭᠤᠴᠠᠨ᠎ᠠ︔      2᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠲᠤᠭᠤᠷᠪᠢᠬᠤ᠂ ᠦᠢᠯᠡᠳᠦᠨ ᠲᠠᠷᠬᠠᠭᠠᠬᠤ᠂ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ︔       3᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠬᠤᠷᠠᠯᠳᠤᠭᠤᠯᠤᠭᠰᠠᠨ ᠪᠥᠬᠦ ᠲᠤᠭᠤᠷᠢᠭ ᠤᠨ ᠴᠢᠨᠠᠷᠲᠠᠢ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ︔       4᠂ ᠲᠤᠭᠤᠷᠢᠭ ᠤᠨ ᠰᠢᠯᠭᠠᠨ ᠬᠢᠨᠠᠬᠤ ᠠᠯᠪᠠᠨ ᠭᠡᠷ ᠢ ᠬᠠᠮᠵᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠᠲᠤ ᠰᠢᠯᠭᠠᠨ ᠬᠢᠨᠠᠬᠤ ᠠᠵᠢᠯ ᠢ ᠰᠠᠶᠢᠲᠤᠷ ᠠᠳᠬᠤᠬᠤ ᠶᠢ ᠬᠠᠷᠢᠭᠤᠴᠠᠨ᠎ᠠ︔       5᠂ ᠣᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ︔       6᠂ ᠤᠳᠤᠷᠢᠳᠬᠤ ᠨᠥᠬᠦᠳ ᠤᠨ ᠲᠤᠰᠢᠶᠠᠭᠰᠠᠨ ᠪᠤᠰᠤᠳ ᠠᠵᠢᠯ ᠤᠳ ᠢ ᠳᠠᠭᠠᠭᠠᠨ ᠠᠪᠴᠤ ᠭᠦᠢᠴᠡᠳᠬᠡᠨ᠎ᠡ᠃       ︵ᠬᠤᠶᠠᠷ︶ ᠶᠡᠷᠦᠩᠬᠡᠶᠢᠯᠡᠭᠰᠡᠨ ᠲᠠᠰᠤᠭ       ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄       1᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠯᠪᠠᠨ ᠭᠡᠷ ᠤᠨ ᠡᠯ᠎ᠡ ᠲᠥᠷᠥᠯ ᠤᠨ ᠡᠬᠡ ᠪᠢᠴᠢᠭ ᠢ ᠲᠤᠭᠤᠷᠪᠢᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ︔       2᠂ ᠲᠤᠭᠤᠷᠢᠭ ᠤᠨ ᠵᠠᠰᠠᠭ ᠤᠨ ᠣᠷᠳᠣᠨ ᠤ ᠭᠤᠣᠯ ᠤᠳᠤᠷᠢᠳᠬᠤ ᠨᠥᠬᠦᠳ ᠤᠨ ᠶᠠᠷᠢᠶ᠎ᠠ᠂ ᠬᠠᠷᠢᠭᠤ ᠮᠡᠳᠡᠭᠦᠯᠦᠯᠲᠡ ᠶᠢᠨ ᠮᠠᠲ᠋ᠧᠷᠢᠶᠠᠯ ᠵᠡᠷᠭᠡ ᠡᠬᠡ ᠨᠣᠣᠷᠠᠭ ᠢ ᠲᠤᠭᠤᠷᠪᠢᠨ ᠪᠢᠴᠢᠬᠦ ᠠᠵᠢᠯ ᠢ ᠬᠠᠷᠢᠭᠤᠴᠠᠨ᠎ᠠ︔       3᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠶᠠᠪᠤᠳᠠᠯ ᠵᠢᠴᠢ ᠲᠣᠪᠴᠢ ᠲᠡᠮᠳᠡᠭᠯᠡᠯ ᠢ ᠲᠤᠭᠤᠷᠪᠢᠨ ᠪᠢᠴᠢᠬᠦ᠂ ᠬᠤᠪᠢᠶᠠᠨ ᠲᠠᠷᠬᠠᠭᠠᠬᠤ ᠠᠵᠢᠯ ᠢ ᠬᠠᠷᠢᠭᠤᠴᠠᠨ᠎ᠠ︔       4᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠭᠰᠠᠨ ᠲᠣᠮᠣ ᠬᠡᠯᠪᠡᠷᠢ ᠶᠢᠨ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠶᠢ ᠬᠠᠷᠢᠭᠤᠴᠠᠨ ᠲᠣᠬᠢᠷᠠᠭᠤᠯᠬᠤ ᠶᠢᠨ ᠬᠠᠮᠲᠤ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠢᠴᠢᠨ᠎ᠡ︔       5᠂ ᠤᠳᠤᠷᠢᠳᠬᠤ ᠨᠥᠬᠦᠳ ᠤᠨ ᠲᠤᠰᠢᠶᠠᠭᠰᠠᠨ ᠪᠤᠰᠤᠳ ᠠᠵᠢᠯ ᠤᠳ ᠢ ᠳᠠᠭᠠᠭᠠᠨ ᠠᠪᠴᠤ ᠭᠦᠢᠴᠡᠳᠬᠡᠨ᠎ᠡ᠃       ︵ᠭᠤᠷᠪᠠ︶ ᠱᠠᠯᠠᠪᠳᠠᠭᠤᠯᠤᠨ ᠪᠠᠶᠢᠴᠠᠭᠠᠬᠤ ᠲᠠᠰᠤᠭ       ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄       1᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠵᠠᠰᠠᠭ ᠤᠨ ᠣᠷᠳᠣᠨ ᠤ ᠪᠠᠭᠤᠯᠭᠠᠭᠰᠠᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠡᠭᠦᠷᠭᠡ ᠶᠢ ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔       2᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ᠂ ᠴᠢᠬᠤᠯᠠ ᠬᠤᠷᠠᠯ ᠢᠶᠠᠷ ᠵᠥᠪᠯᠡᠨ ᠲᠣᠭᠲᠠᠭᠠᠭᠰᠠᠨ ᠵᠦᠢᠯᠡᠰ ᠵᠢᠴᠢ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠢᠬᠤᠯᠠ ᠵᠢᠭᠠᠪᠤᠷᠢ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ᠂ ᠮᠥᠷᠳᠡᠨ ᠪᠠᠶᠢᠴᠠᠭᠠᠨ ᠰᠤᠳᠤᠯᠬᠤ ᠶᠢᠨ ᠬᠠᠮᠲᠤ ᠦᠷ᠎ᠡ ᠳ᠋ᠦᠩ ᠢ ᠬᠠᠷᠢᠭᠤ ᠲᠤᠰᠬᠠᠬᠤ ᠶᠢ ᠬᠠᠷᠢᠭᠤᠴᠠᠨ᠎ᠠ︔       3᠂ ᠬᠤᠲᠠ ᠶᠢᠨ ᠵᠠᠰᠠᠭ ᠤᠨ ᠣᠷᠳᠣᠨ ᠤ ᠬᠠᠯᠠᠮᠰᠢᠯ ᠤᠲᠠᠰᠤ᠂ ᠬᠤᠲᠠ ᠶᠢᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ᠂ ᠲᠣᠭᠤᠷᠢᠭ ᠤᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ᠂ ᠠᠷᠠᠳ ᠤᠨ ᠰᠦᠯᠵᠢᠶ᠎ᠡ ᠶᠢᠨ ᠣᠷᠣᠨ ᠨᠤᠲᠤᠭ ᠤᠨ ᠤᠳᠤᠷᠢᠳᠤᠯᠭ᠎ᠠ ᠶᠢᠨ ᠦᠭᠡ ᠦᠯᠡᠳᠡᠭᠡᠬᠦ ᠰᠠᠮᠪᠠᠷ᠎ᠠ᠂ 24 ᠴᠠᠭ ᠤᠨ ᠴᠠᠭᠳᠠᠭ᠎ᠠ ᠶᠢᠨ ᠲᠣᠪᠴᠢᠶ᠎ᠠ ᠵᠡᠷᠭᠡ ᠲᠠᠪᠴᠠᠩ ᠤᠨ ᠲᠤᠰᠬᠠᠭᠰᠠᠨ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠡᠭᠦᠷᠭᠡ ᠶᠢ ᠬᠠᠷᠢᠭᠤᠴᠠᠨ᠎ᠠ︔       4᠂ ᠪᠥᠬᠦ ᠲᠤᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠤᠭᠯᠠᠭᠤᠯᠬᠤ᠂ ᠡᠮᠬᠢᠯᠡᠬᠦ᠂ ᠱᠠᠯᠠᠪᠳᠠᠭᠤᠯᠤᠨ ᠭᠦᠢᠴᠡᠳᠬᠡᠬᠦ᠂ ᠨᠠᠶᠢᠳᠠᠪᠤᠷᠢᠵᠢᠭᠤᠯᠬᠤ ᠵᠡᠷᠭᠡ ᠠᠵᠢᠯ ᠢ ᠬᠠᠷᠢᠭᠤᠴᠠᠨ᠎ᠠ︔       5᠂ ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠭᠦᠷᠭᠡᠯᠡᠵᠦ ᠪᠠᠶᠢᠭ᠎ᠠ ᠬᠤᠲᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠬᠤ ᠪᠠ ᠵᠢᠯᠤᠭᠤᠳᠬᠤ ᠶᠢ ᠬᠠᠷᠢᠭᠤᠴᠠᠨ᠎ᠠ︔       6᠂ ᠲᠣᠭᠤᠷᠢᠭ ᠤᠨ ᠤᠳᠤᠷᠢᠳᠬᠤ ᠨᠥᠬᠦᠳ ᠤᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠠᠪᠴᠤ ᠭᠦᠢᠴᠡᠳᠭᠡᠨ᠎ᠡ᠃       ︵ᠳᠥᠷᠪᠡ︶ ᠮᠡᠳᠡᠭᠡ ᠵᠠᠩᠭᠢ ᠶᠢᠨ ᠲᠠᠰᠤᠭ       ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄       1᠂ ᠪᠥᠬᠦ ᠲᠤᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠭᠤᠣᠯᠳᠠᠯᠭ᠎ᠠ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠨᠠᠶᠢᠷᠠᠭᠤᠯᠬᠤ᠂ ᠡᠮᠬᠢᠯᠡᠬᠦ ᠵᠢᠴᠢ ᠮᠡᠳᠡᠭᠦᠯᠦᠨ ᠬᠦᠷᠭᠡᠬᠦ ᠠᠵᠢᠯ ᠢ ᠡᠭᠦᠷᠭᠡᠯᠡᠨ᠎ᠡ︔       2᠂ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠨᠢᠭᠡᠴᠡ ᠶᠢᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠨ ᠵᠢᠯᠣᠭᠤᠳᠤᠨ᠎ᠠ︔       3᠂ ᠵᠠᠰᠠᠭ ᠤᠨ ᠣᠷᠳᠣᠨ ᠤ ᠰᠢᠰᠲ᠋ᠧᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠵᠢᠯᠣᠭᠤᠳᠤᠨ ᠠᠬᠢᠭᠤᠯᠬᠤ ᠶᠢ ᠬᠠᠷᠢᠭᠤᠴᠠᠨ᠎ᠠ︔       4᠂ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔       5᠂ ᠠᠯᠪᠠᠨ ᠭᠡᠷ ᠤᠨ ᠳᠣᠲᠣᠭᠠᠳᠤ ᠶᠢᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠬᠤ ᠪᠠ ᠲᠣᠬᠢᠷᠠᠭᠤᠯᠬᠤ ᠶᠢ ᠬᠠᠷᠢᠭᠤᠴᠠᠨ᠎ᠠ︔       6᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ︔       7᠂ ᠠᠯᠪᠠᠨ ᠭᠡᠷ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠬᠠᠷᠢᠭᠤᠴᠠᠨ᠎ᠠ︔        8᠂ ᠤᠳᠤᠷᠢᠳᠬᠤ ᠨᠥᠬᠦᠳ ᠤᠨ ᠲᠤᠰᠢᠶᠠᠭᠰᠠᠨ ᠪᠤᠰᠤᠳ ᠠᠵᠢᠯ ᠤᠳ ᠢ ᠳᠠᠭᠠᠭᠠᠨ ᠠᠪᠴᠤ ᠭᠦᠢᠴᠡᠳᠬᠡᠨ᠎ᠡ᠃       ︵ᠲᠠᠪᠤ︶ ᠨᠢᠭᠤᠴᠠ ᠮᠠᠲ᠋ᠧᠷᠢᠶᠠᠯ ᠤᠨ ᠲᠠᠰᠤᠭ      ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄       1᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠴᠠᠬᠢᠯᠭᠠᠨ ᠮᠡᠳᠡᠭᠡ ᠶᠢ ᠭᠠᠷ ᠤᠨ ᠥᠰᠥᠭ ᠵᠢᠷᠤᠵᠤ ᠬᠤᠷᠢᠶᠠᠬᠤ᠂ ᠳᠠᠩᠰᠠᠯᠠᠬᠤ᠂ ᠰᠠᠯᠭᠠᠨ ᠭᠦᠢᠴᠡᠳᠬᠡᠬᠦ᠂ ᠲᠤᠭᠤᠷᠪᠢᠨ ᠪᠢᠴᠢᠬᠦ᠂ ᠬᠦᠷᠭᠡᠵᠦ ᠳᠠᠮᠵᠢᠭᠤᠯᠤᠨ ᠦᠵᠡᠭᠦᠯᠬᠦ᠂ ᠨᠢᠭᠤᠴᠠ ᠶᠢ ᠬᠠᠮᠠᠭᠠᠯᠠᠬᠤ ᠵᠢᠴᠢ ᠲᠠᠩᠰᠠ ᠡᠪᠬᠡᠮᠡᠯ ᠳᠤ ᠣᠷᠣᠭᠤᠯᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠭᠦᠢᠴᠡᠳᠬᠡᠨ᠎ᠡ︔       2᠂ ᠲᠤᠭᠤᠷᠢᠭ ᠤᠨ ᠱᠠᠲᠤᠨ ᠤ ᠰᠠᠯᠠᠭ᠎ᠠ ᠮᠥᠴᠢᠷ ᠤᠨ ᠳᠡᠭᠡᠭᠰᠢ ᠮᠡᠳᠡᠭᠦᠯᠦᠭᠰᠡᠨ ᠵᠠᠰᠠᠭ ᠤᠨ ᠣᠷᠳᠣᠨ ᠤ ᠵᠢᠭᠠᠪᠤᠷᠢ ᠠᠪᠬᠤ ᠪᠤᠶᠤ ᠮᠡᠳᠡᠭᠦᠯᠬᠦ ᠠᠯᠪᠠᠨ ᠪᠢᠴᠢᠭ ᠤᠨ ᠬᠡᠯᠪᠡᠷᠢ ᠮᠠᠶ᠋ᠢᠭ ᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ︔        3᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠲᠠᠮᠠᠭ᠎ᠠ ᠶᠢᠨ ᠬᠠᠮᠢᠶᠠᠷᠤᠯᠲᠠ ᠵᠢᠴᠢ ᠰᠣᠨᠢᠨ ᠰᠡᠳᠬᠦᠯ᠂ ᠰᠡᠳᠬᠦᠯ ᠵᠠᠬᠢᠶᠠᠯᠠᠬᠤ ᠵᠡᠷᠭᠡ ᠠᠵᠢᠯ ᠢ ᠬᠠᠷᠢᠭᠤᠴᠠᠨ᠎ᠠ︔       4᠂ ᠤᠳᠤᠷᠢᠳᠬᠤ ᠨᠥᠬᠦᠳ ᠤᠨ ᠲᠤᠰᠢᠶᠠᠭᠰᠠᠨ ᠪᠤᠰᠤᠳ ᠠᠵᠢᠯ ᠤᠳ ᠢ ᠳᠠᠭᠠᠭᠠᠨ ᠠᠪᠴᠤ ᠭᠦᠢᠴᠡᠳᠬᠡᠨ᠎ᠡ᠃       ︵ᠵᠢᠷᠭᠤᠭ᠎ᠠ︶ ᠠᠵᠢᠯ ᠶᠠᠪᠤᠳᠠᠯ ᠤᠨ ᠳᠠᠰᠤᠭ       ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄       1᠂ ᠪᠠᠶᠢᠭᠤᠯᠭ᠎ᠠ ᠶᠢᠨ ᠡᠳᠦᠷ ᠲᠤᠳᠤᠮ ᠤᠨ ᠠᠵᠢᠯᠯᠠᠭ᠎ᠠ᠂ ᠠᠵᠢᠯᠲᠠᠨ ᠤ ᠶᠠᠪᠤᠳᠠᠯ ᠬᠥᠳᠡᠯᠮᠦᠷᠢ ᠴᠠᠯᠢᠩ᠂ ᠠᠷᠤ ᠲᠠᠯ᠎ᠠ ᠶᠢᠨ ᠠᠵᠢᠯ ᠵᠡᠷᠭᠡ ᠳᠣᠲᠣᠭᠠᠳᠤ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔        2᠂ ᠤᠳᠤᠷᠢᠳᠬᠤ ᠨᠥᠬᠦᠳ ᠤᠨ ᠲᠤᠰᠢᠶᠠᠭᠰᠠᠨ ᠪᠤᠰᠤᠳ ᠠᠵᠢᠯ ᠤᠳ ᠢ ᠳᠠᠭᠠᠭᠠᠨ ᠠᠪᠴᠤ ᠭᠦᠢᠴᠡᠳᠬᠡᠨ᠎ᠡ᠃       ︵ᠲᠤᠯᠤᠭ᠎ᠠ︶ ᠶᠡᠷᠦᠩᠬᠡᠢ ᠵᠢᠵᠢᠭᠦᠷᠯᠡᠬᠦ ᠲᠠᠰᠤᠭ      ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄       1᠂ ᠳᠡᠭᠡᠳᠦ ᠱᠠᠲᠤᠨ ᠤ ᠪᠠᠶᠢᠭᠤᠯᠤᠯᠭ᠎ᠠ ᠨᠢᠭᠡᠴᠡ ᠶᠢᠨ ᠬᠤᠷᠠᠯ ᠤᠨ ᠮᠡᠳᠡᠭᠳᠡᠯ᠂ ᠤᠲᠠᠰᠤᠨ ᠤ ᠮᠡᠳᠡᠭᠳᠡᠯ ᠢ ᠭᠥᠯᠢᠶᠡᠨ ᠠᠪᠬᠤ᠂ ᠲᠡᠮᠳᠡᠭᠯᠡᠬᠦ᠂ ᠠᠵᠢᠯᠯᠠᠭᠤᠯᠬᠤ᠂ ᠨᠠᠶᠢᠳᠠᠪᠤᠷᠢᠵᠢᠭᠤᠯᠬᠤ᠂ ᠬᠠᠷᠢᠭᠤ ᠲᠤᠰᠬᠠᠬᠤ ᠵᠡᠷᠭᠡ ᠠᠵᠢᠯ ᠢ ᠬᠠᠷᠢᠭᠤᠴᠠᠨ᠎ᠠ︔       2᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠠᠯᠪᠠᠨ ᠶᠠᠪᠤᠳᠠᠯ ᠤᠨ ᠠᠵᠢᠯᠯᠠᠭ᠎ᠠ ᠶᠢ ᠡᠮᠬᠢᠯᠡᠬᠦ ᠪᠠ ᠴᠤᠭᠯᠠᠭᠤᠯᠬᠤ ᠶᠢ ᠬᠠᠷᠢᠭᠤᠴᠠᠨ᠎ᠠ︔       3᠂ ᠪᠥᠬᠦ ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠨᠢᠭᠡᠴᠡ ᠶᠢᠨ ᠵᠢᠵᠢᠭᠦᠷᠯᠡᠬᠦ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ︔       4᠂ ᠲᠤᠭᠤᠷᠢᠭ ᠤᠨ ᠵᠠᠰᠠᠭ ᠤᠨ ᠣᠷᠳᠣᠨ ᠪᠠ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠢᠵᠢᠭᠦᠷᠯᠡᠬᠦ ᠠᠵᠢᠯ ᠢ ᠬᠠᠷᠢᠭᠤᠴᠠᠨ ᠲᠣᠬᠢᠷᠠᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠴᠢᠬᠤᠯᠠ ᠪᠠᠶᠢᠳᠠᠯ ᠢ ᠴᠠᠭ ᠲᠤᠬᠠᠢ ᠳᠤᠨᠢ ᠮᠡᠳᠡᠭᠦᠯᠦᠨ᠎ᠡ︔       5᠂ ᠠᠯᠪᠠᠨ ᠭᠡᠷ ᠤᠨ ᠪᠠᠴᠢᠮ ᠪᠠᠶᠢᠳᠠᠯ ᠢ ᠠᠷᠭᠠᠴᠠᠬᠤ ᠮᠠᠰᠢᠨ ᠲᠡᠷᠭᠡ ᠶᠢ ᠲᠣᠬᠢᠷᠠᠭᠤᠯᠬᠤ ᠠᠵᠢᠯ ᠢ ᠬᠠᠷᠢᠭᠤᠴᠠᠨ᠎ᠠ︔       6᠂ ᠤᠳᠤᠷᠢᠳᠬᠤ ᠨᠥᠬᠦᠳ ᠤᠨ ᠲᠤᠰᠢᠶᠠᠭᠰᠠᠨ ᠪᠤᠰᠤᠳ ᠠᠵᠢᠯ ᠤᠳ ᠢ ᠳᠠᠭᠠᠭᠠᠨ ᠠᠪᠴᠤ ᠭᠦᠢᠴᠡᠳᠬᠡᠨ᠎ᠡ᠃       ︵ᠨᠠᠢᠮᠠ︶  ᠴᠢᠳᠠᠪᠬᠢᠲᠦ ᠲᠠᠰᠤᠭ      ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄       1᠂ ᠪᠥᠬᠦ ᠲᠤᠭᠤᠷᠢᠭ ᠤᠨ ᠨᠡᠶᠢᠭᠡᠮ ᠲᠣᠭᠤᠷᠢᠭ ᠤᠨ ᠵᠠᠰᠠᠯᠲᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠤᠨ ᠬᠡᠪ ᠤᠨ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠶᠢ ᠬᠠᠷᠢᠭᠤᠴᠠᠨ᠎ᠠ︔       2᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠡᠶᠢᠭᠡᠮ ᠲᠣᠭᠤᠷᠢᠭ ᠤᠨ ᠳᠡᠭᠡᠭᠰᠢ ᠮᠡᠳᠡᠭᠦᠯᠦᠭᠰᠡᠨ ᠵᠢᠴᠢ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠵᠣᠬᠢᠴᠠᠭᠤᠯᠵᠤ᠂ ᠬᠢᠨᠠᠯᠲᠠ ᠲᠠᠯᠪᠢᠵᠤ᠂ ᠵᠠᠷᠯᠠᠨ ᠮᠡᠳᠡᠭᠳᠡᠵᠦ᠂ ᠬᠢᠨᠠᠨ ᠰᠢᠯᠭᠠᠨ᠎ᠠ︔       3᠂ ᠤᠳᠤᠷᠢᠳᠬᠤ ᠨᠥᠬᠦᠳ ᠤᠨ ᠲᠤᠰᠢᠶᠠᠭᠰᠠᠨ ᠪᠤᠰᠤᠳ ᠠᠵᠢᠯ ᠤᠳ ᠢ ᠳᠠᠭᠠᠭᠠᠨ ᠠᠪᠴᠤ ᠭᠦᠢᠴᠡᠳᠬᠡᠨ᠎ᠡ᠃       ︵ᠶᠢᠰᠦ︶ ᠣᠶᠢᠯᠠᠯᠭ᠎ᠠ ᠶᠢᠨ ᠳᠠᠰᠤᠭ       ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄       1᠂ ᠪᠥᠬᠦ ᠲᠤᠭᠤᠷᠢᠭ ᠤᠨ ᠣᠷᠣᠨ ᠨᠤᠲᠤᠭ ᠤᠨ ᠣᠶᠢᠯᠠᠯᠭ᠎ᠠ᠂ ᠣᠷᠣᠨ ᠨᠤᠲᠤᠭ ᠤᠨ ᠴᠢᠨᠠᠷᠲᠠᠢ ᠶᠡᠷᠦᠩᠬᠡᠶᠢᠯᠡᠭᠰᠡᠨ ᠣᠨ ᠤ ᠦᠢᠯᠡᠪᠦᠷᠢ ᠶᠢᠨ ᠠᠵᠢᠯ ᠤᠨ ᠲᠥᠯᠦᠪᠵᠢᠭᠦᠯᠭᠡ ᠪᠠ ᠨᠠᠶᠢᠷᠠᠭᠤᠯᠬᠤ ᠲᠥᠰᠥᠯ ᠢ ᠲᠣᠭᠲᠠᠭᠠᠬᠤ ᠶᠢ ᠬᠠᠷᠢᠭᠤᠴᠠᠨ᠎ᠠ︔       2᠂ ᠣᠷᠣᠨ ᠨᠤᠲᠤᠭ  ᠤᠨ ᠣᠶᠢᠯᠠᠯᠭ᠎ᠠ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠨᠠᠶᠢᠷᠠᠭᠤᠯᠬᠤ᠂ ᠬᠡᠪᠯᠡᠭᠦᠯᠬᠦ ᠠᠵᠢᠯ ᠢ ᠬᠠᠷᠢᠭᠤᠴᠠᠨ᠎ᠠ︔      3᠂ ᠣᠷᠣᠨ ᠨᠤᠲᠤᠭ ᠤᠨ ᠴᠢᠨᠠᠷᠲᠠᠢ ᠶᠡᠷᠦᠩᠬᠡᠶᠢᠯᠡᠭᠰᠡᠨ ᠣᠨ ᠤ ᠦᠢᠯᠡᠪᠦᠷᠢ ᠶᠢᠨ ᠮᠠᠲ᠋ᠧᠷᠢᠶᠠᠯ ᠢ ᠴᠤᠭᠯᠠᠭᠤᠯᠬᠤ᠂ ᠨᠠᠶᠢᠷᠠᠭᠤᠯᠬᠤ᠂ ᠬᠡᠪᠯᠡᠭᠦᠯᠬᠦ ᠠᠵᠢᠯ ᠢ ᠬᠠᠷᠢᠭᠤᠴᠠᠨ᠎ᠠ︔       4᠂ ᠣᠷᠣᠨ ᠨᠤᠲᠤᠭ ᠤᠨ ᠣᠶᠢᠯᠠᠯᠭ᠎ᠠ᠂ ᠣᠷᠣᠨ ᠨᠤᠲᠤᠭ ᠤᠨ ᠴᠢᠨᠠᠷᠲᠠᠢ ᠶᠡᠷᠦᠩᠬᠡᠶᠢᠯᠡᠭᠰᠡᠨ ᠣᠨ ᠤ ᠦᠢᠯᠡᠪᠦᠷᠢ ᠵᠡᠷᠭᠡ ᠲᠤᠯᠭᠤᠷ ᠪᠢᠴᠢᠭ ᠢ ᠴᠤᠭᠯᠠᠭᠤᠯᠬᠤ ᠪᠠ ᠬᠠᠳᠠᠭᠠᠯᠠᠨ᠎ᠠ᠃       ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠵᠠᠮ ᠤᠨ 189  ᠳ᠋ᠦ᠋ᠭᠡᠷ ᠨᠣᠮᠧᠷ       ᠴᠢᠩᠱᠠᠨ ᠲᠣᠭᠤᠷᠢᠭ ᠤᠨ ᠨᠠᠮ ᠵᠠᠰᠠᠭ ᠤᠨ ᠠᠰᠠᠷ ᠤᠨ 3 ᠳ᠋ᠤᠭᠠᠷ  ᠳᠠᠪᠬᠤᠷᠯᠢᠭ      ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ 8᠄ 30 ︱ 12᠄ 00᠂ 14᠄ 30 ︱ 18᠄ 00       ᠬᠠᠷᠢᠯᠴᠠᠬᠤ ᠤᠲᠠᠰᠤ᠄ 0472—3616313       ᠬᠠᠷᠢᠭᠤᠴᠠᠯᠭᠠᠲᠠᠨ᠄ ᠼᠤᠤ ᠵᠢᠦᠢ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号