ᠦᠨᠳᠦᠰᠦᠲᠡᠨ ᠤ ᠪᠥᠯᠭᠦᠮᠳᠡᠯ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠣ᠂ ᠭᠡᠣᠭᠡᠳ ᠵᠠᠩ ᠢᠶᠠᠷ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠬᠠᠮᠲᠤ ᠪᠠᠷ ᠵᠢᠷᠣᠭᠯᠠᠨ᠎ᠠ
ᠨᠡᠶᠢᠲᠡᠯᠡᠭᠰᠡᠨ ᠴᠠᠭ᠄
2023/11/24
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠳᠣᠳᠬᠠᠵᠣ᠂ ᠬᠡᠦᠬᠡᠳ ᠤᠨ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ ᠶᠢ ᠬᠥᠮᠦᠵᠢᠭᠦᠯᠬᠦ ᠶᠢᠨ ᠲᠥᠯᠥᠭᠡ᠂ ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠨᠢ ᠵᠢᠷᠭᠠᠯᠠᠩᠳᠣ ᠎ ᠤᠨ ᠵᠠᠮ ᠤᠨ ᠵᠡᠭᠡᠯᠢ ᠭᠤᠳᠤᠮᠵᠢ ᠶᠢᠨ ᠨᠡᠶᠢᠭᠡᠮ ᠤᠨ ᠠᠵᠢᠯ ᠤᠨ ᠥᠷᠳᠡᠭᠡ ᠲᠠᠢ ᠬᠠᠮᠲᠤᠷᠠᠨ ᠢ ᠴᠡᠴᠡᠭᠯᠡᠯ ᠨᠡᠶᠢᠭᠡᠮ ᠲᠣᠭᠤᠷᠢᠭ ᠤᠨ ᠥᠳᠡᠭᠦᠰ ᠪᠠᠭᠠᠴᠤᠳ ᠤᠨ ᠴᠡᠩᠭᠡᠯ ᠤᠨ ᠬᠦᠷᠢᠶᠡᠯᠡᠩ ᠳᠤ ︽ᠦᠨᠳᠦᠰᠦᠲᠡᠨ ᠤ ᠪᠥᠯᠭᠦᠮᠳᠡᠯ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠣ᠂ ᠭᠡᠣᠭᠡᠳ ᠵᠠᠩ ᠢᠶᠠᠷ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠬᠠᠮᠲᠤ ᠪᠠᠷ ᠵᠢᠷᠤᠭᠯᠠᠬᠤ︾ ᠭᠤᠣᠯ ᠰᠡᠳᠦᠪᠲᠦ ᠵᠢᠷᠤᠭ ᠵᠢᠷᠣᠬᠤ ᠠᠵᠢᠯᠯᠠᠭ᠎ᠠ ᠶᠢ ᠥᠷᠨᠢᠭᠦᠯᠪᠡ᠃      ᠵᠢᠷᠤᠭ ᠵᠢᠷᠣᠬᠤ ᠠᠵᠢᠯᠯᠠᠭ᠎ᠠ ᠡᠬᠢᠯᠡᠬᠦ ᠠᠴᠠ ᠡᠮᠦᠨ᠎ᠡ᠂ ᠰᠠᠶᠢᠨ ᠳᠤᠷ᠎ᠠ ᠶᠢᠨ ᠠᠵᠢᠯᠯᠠᠭᠴᠢ ᠪᠠᠭᠰᠢ ᠠᠴᠠ ᠪᠢᠴᠢᠬᠠᠨ ᠨᠠᠶᠢᠵᠠ ᠨᠠᠷ ᠲᠤ ᠮᠠᠨ ᠤ ᠤᠯᠤᠰ ᠤᠨ ᠦᠨᠳᠦᠰᠦᠲᠡᠨ ᠤ ᠪᠦᠷᠢᠯᠳᠦᠯ᠂ ᠭᠠᠵᠠᠷ ᠣᠷᠣᠨ ᠤ ᠲᠠᠷᠬᠠᠯᠲᠠ ᠶᠢᠨ ᠣᠨᠴᠠᠯᠢᠭ ᠵᠢᠴᠢ ᠡᠯ᠎ᠡ ᠦᠨᠳᠦᠰᠦᠲᠡᠨ ᠤ ᠵᠠᠩ ᠳᠠᠳᠬᠠᠯ ᠢ ᠲᠣᠪᠴᠢ ᠲᠠᠨᠢᠯᠴᠠᠭᠤᠯᠬᠤ ᠶᠢᠨ ᠬᠠᠮᠲᠤ ᠡᠯ᠎ᠡ ᠦᠨᠳᠦᠰᠦᠲᠡᠨ ᠤ ᠪᠢᠴᠢᠬᠠᠨ ᠨᠠᠶᠢᠵᠠ ᠨᠠᠷ ᠲᠤ ᠨᠤᠲᠤᠭ ᠤᠰᠤᠨ ᠤ ᠭᠤᠶᠤ ᠦᠵᠡᠮᠵᠢ᠂ ᠠᠮᠲᠠᠲᠤ ᠢᠳᠡᠭᠡᠨ ᠢᠶᠠᠨ ᠣᠯᠠᠨ ᠳᠤ ᠬᠤᠪᠢᠶᠠᠯᠴᠠᠭᠰᠠᠨ ᠪᠥᠭᠡᠳ ᠪᠢᠴᠢᠬᠠᠨ ᠨᠠᠶᠢᠵᠠ ᠨᠠᠷ ᠲᠤ 56 ᠦᠨᠳᠦᠰᠦᠲᠡᠨ ᠪᠣᠯ ᠨᠢᠭᠡ ᠭᠡᠷ ᠪᠣᠯᠬᠤ ᠶᠢ ᠲᠠᠨᠢᠯᠴᠠᠭᠤᠯᠪᠠ᠃ ᠳᠠᠷᠠᠭ᠎ᠠ ᠳᠤᠨᠢ᠂ ᠪᠠᠭᠰᠢ ᠠᠴᠠ ᠣᠶᠢᠯᠠᠭᠠᠮᠵᠢᠲᠠᠶ ᠦᠭᠡ ᠬᠡᠯᠡ ᠪᠠᠷ ᠬᠡᠤᠬᠡᠳ ᠤᠳ ᠲᠤ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠵᠢᠴᠢ ᠦᠨᠳᠦᠰᠦᠲᠡᠨ ᠤ ᠪᠦᠯᠬᠦᠮᠳᠡᠯ ᠤᠨ ᠴᠢᠬᠤᠯᠠ ᠠᠴᠢ ᠬᠤᠯᠪᠣᠭᠳᠠᠯ ᠢ ᠶᠠᠷᠢᠵᠤ ᠥᠭᠭᠦᠭᠰᠡᠨ ᠪᠥᠭᠡᠳ ᠬᠡᠦᠬᠡᠳ ᠤᠳ ᠲᠠᠢ ᠬᠠᠷᠢᠯᠴᠠᠨ ᠬᠥᠳᠡᠯᠦᠯᠴᠡᠵᠦ᠂ ᠬᠡᠤᠬᠡᠳ ᠤᠳ ᠢ ᠦᠨᠳᠦᠰᠦᠲᠡᠨ ᠤ ᠪᠦᠯᠬᠦᠮᠳᠡᠯ ᠤᠨ ᠲᠤᠬᠠᠶ ᠨᠠᠩ ᠭᠦᠨᠵᠡᠭᠡᠶ ᠲᠠᠨᠢᠯᠲᠠ ᠲᠠᠢ ᠪᠣᠯᠪᠠ᠃ ᠵᠠᠯᠭᠠᠭᠠᠳ᠂ ᠪᠠᠭᠰᠢ ᠠᠴᠠ ᠪᠢᠴᠢᠬᠠᠨ ᠨᠠᠶᠢᠵᠠ ᠨᠠᠷ ᠲᠤ ᠨᠢᠭᠡ ᠵᠢᠱᠢᠶ᠎ᠡ ᠦᠵᠡᠭᠦᠯᠬᠦ ᠵᠢᠷᠤᠭ ᠬᠠᠩᠭᠠᠵᠤ᠂ ᠬᠡᠦᠬᠡᠳ ᠤᠳ ᠤᠷᠠᠨ ᠠᠪᠢᠶᠠᠰ᠂ ᠭᠤᠶᠢᠳᠠ ᠰᠠᠶᠢᠬᠠᠨ ᠦᠩᠭᠡ ᠪᠣᠳᠤᠭ ᠪᠣᠯᠤᠨ ᠡᠯᠪᠡᠭ ᠪᠠᠶᠠᠯᠢᠭ ᠰᠡᠳᠭᠢᠨ ᠪᠤᠳᠤᠬᠤ ᠴᠢᠳᠠᠪᠤᠷᠢ ᠪᠠᠷ ᠢᠶᠠᠨ ᠦᠨᠳᠦᠰᠦᠲᠡᠨ ᠤ ᠪᠦᠯᠬᠦᠮᠳᠡᠯ ᠨᠢᠭᠡ ᠭᠡᠷ ᠪᠦᠯᠢ ᠵᠢᠴᠢ ᠢᠷᠡᠭᠡᠳᠦᠢ ᠶᠢᠨ ᠰᠠᠶᠢᠨ ᠰᠠᠶᠢᠬᠠᠨ ᠬᠦᠰᠡᠯ ᠡᠷᠡᠮᠡᠯᠵᠡᠯ ᠎ ᠢᠶᠠᠨ ᠵᠢᠷᠤᠭᠯᠠᠪᠠ᠃ ᠬᠡᠦᠬᠡᠳ ᠤᠳ ᠥᠪᠡᠷᠮᠢᠴᠡ ᠬᠠᠷᠠᠭᠠᠰᠤ ᠪᠠᠷ᠂ ᠵᠢᠷᠤᠭ ᠢᠶᠠᠷ ᠵᠠᠭᠤᠴᠢ ᠪᠣᠯᠭᠠᠵᠤ᠂ ᠰᠡᠳᠬᠢᠯ ᠵᠢᠷᠦᠬᠡ ᠪᠠᠷ ᠴᠣᠩᠬᠤ ᠪᠣᠯᠭᠠᠵᠤ᠂ ᠦᠨᠳᠦᠰᠦᠲᠡᠨ ᠨᠦᠭᠦᠳ ᠤᠨ ᠡᠶ᠎ᠡ ᠵᠣᠬᠢᠴᠠᠯ ᠲᠠᠢ᠂ ᠪᠦᠯᠬᠦᠮᠳᠡᠯ ᠤᠨ ᠵᠢᠷᠤᠭ ᠢ ᠴᠠᠭᠠᠰᠤᠨ ᠳᠡᠭᠡᠷ᠎ᠡ ᠵᠢᠷᠣᠭᠯᠠᠪᠠ᠃ ᠵᠢᠷᠤᠭ ᠤᠨ ᠪᠦᠲᠦᠭᠡᠯ ᠤᠳ ᠨᠢ ᠬᠡᠦᠬᠡᠳ ᠤᠳ ᠤᠨ ᠦᠨᠳᠦᠰᠦᠲᠡᠨ ᠤ ᠪᠥᠯᠭᠦᠮᠳᠡᠯ ᠤᠨ ᠰᠠᠶᠢᠨ ᠰᠠᠶᠢᠬᠠᠨ ᠢᠷᠡᠭᠡᠳᠦᠢ ᠶᠢᠨ ᠬᠦᠰᠡᠯ ᠪᠣᠯᠤᠨ ᠢᠷᠦᠭᠡᠯ ᠢ ᠢᠯᠡᠳᠭᠡᠪᠡ᠃      ᠴᠢᠩᠱᠠᠨ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠥᠷᠨᠢᠭᠦᠯᠦᠭᠰᠡᠨ ᠲᠤᠰ ᠤᠳᠠᠭᠠᠨ ᠤ ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ ᠤᠷᠠᠨ ᠵᠢᠷᠤᠭ ᠤᠨ ᠠᠵᠢᠯᠯᠠᠭ᠎ᠠ ᠨᠢ ᠦᠨᠳᠦᠰᠦᠲᠡᠨ ᠨᠦᠭᠦᠳ ᠤᠨ ᠬᠡᠦᠬᠡᠳ ᠢ ︽ᠠᠨᠠᠷ ᠤᠨ ᠦᠷ᠎ᠡ︾᠎ ᠲᠠᠢ ᠠᠳᠠᠯᠢ ᠨᠢᠭᠳᠠᠷᠠᠬᠤ ᠶᠢ ᠬᠦᠳᠦᠯᠦᠨ ᠵᠢᠯᠣᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠵᠢᠭᠰᠠᠭᠠᠯ ᠤᠨ ᠭᠠᠵᠠᠷ ᠢ ᠪᠠᠬᠢᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠬᠡᠦᠬᠡᠳ ᠤᠨ ᠰᠡᠳᠬᠢᠯ ᠳᠤ ᠳᠡᠯᠭᠡᠷᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ ᠬᠡᠦᠬᠡᠳ ᠤᠨ ᠰᠡᠳᠬᠢᠯ ᠳᠤ ᠬᠠᠳᠠᠩᠰᠢᠭᠤᠯᠬᠤ ᠶᠢᠨ ᠲᠥᠯᠥᠭᠡ ᠶᠤᠮ᠃ ᠡᠶᠢᠮᠦᠷᠬᠦᠦ ︽ᠠᠵᠢᠯᠯᠠᠭ᠎ᠠ ᠪᠠᠷ ᠪᠦᠯᠬᠦᠮᠳᠡᠯ ᠢ ᠠᠬᠢᠭᠤᠯᠵᠤ᠂ ᠠᠵᠢᠯᠯᠠᠭ᠎ᠠ ᠪᠠᠷ ᠡᠶ᠎ᠡ ᠵᠣᠬᠢᠴᠠᠯ ᠢ ᠠᠬᠢᠭᠤᠯᠬᠤ︾ ᠠᠵᠢᠯᠯᠠᠭ᠎ᠠ ᠶᠢᠨ ᠬᠡᠯᠪᠡᠷᠢ ᠨᠢ ᠵᠠᠯᠠᠭᠤᠴᠤᠳ ᠪᠠᠭᠠᠴᠤᠳ ᠬᠡᠦᠬᠡᠳ ᠲᠤ ᠭᠦᠨ ᠬᠥᠮᠦᠵᠢᠯ ᠬᠦᠷᠲᠡᠭᠰᠡᠨ ᠢᠶᠠᠷ ᠪᠠᠷᠠᠬᠤ ᠦᠭᠡᠢ᠂ ᠪᠠᠰᠠ ᠲᠡᠳᠡᠨ ᠤ ᠬᠠᠷᠠᠬᠠᠨ ᠪᠠᠭ᠎ᠠ ᠠᠴᠠ ᠪᠠᠨ ᠦᠨᠳᠦᠰᠦᠲᠡᠨ ᠨᠦᠭᠦᠳ ᠤᠨ ᠬᠤᠭᠤᠷᠣᠨᠳᠣᠬᠢ ᠪᠦᠯᠬᠦᠮᠳᠡᠨ ᠬᠠᠪᠰᠤᠷᠤᠯᠴᠠᠬᠤ ᠢᠲᠡᠭᠡᠯ ᠵᠣᠷᠢᠭ ᠢ ᠪᠠᠲᠤᠳᠬᠠᠵᠤ᠂ ᠬᠠᠶᠢᠷ᠎ᠠ ᠰᠡᠳᠬᠢᠯᠭᠡ ᠶᠢ ᠨᠡᠩ ᠨᠡᠮᠡᠭᠳᠡᠭᠦᠯᠦᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号