ᠦᠨᠳᠦᠰᠦᠲᠡᠨ ᠤ ᠪᠥᠯᠭᠦᠮᠳᠡᠯ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠣ᠂ ᠭᠡᠣᠭᠡᠳ ᠵᠠᠩ ᠢᠶᠠᠷ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠬᠠᠮᠲᠤ ᠪᠠᠷ ᠵᠢᠷᠣᠭᠯᠠᠨ᠎ᠠ
ᠨᠡᠶᠢᠲᠡᠯᠡᠭᠰᠡᠨ ᠴᠠᠭ᠄
2023/11/24
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠳᠣᠳᠬᠠᠵᠣ᠂ ᠬᠡᠦᠬᠡᠳ ᠤᠨ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ ᠶᠢ ᠬᠥᠮᠦᠵᠢᠭᠦᠯᠬᠦ ᠶᠢᠨ ᠲᠥᠯᠥᠭᠡ᠂ ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠨᠢ ᠵᠢᠷᠭᠠᠯᠠᠩᠳᠣ  ᠤᠨ ᠵᠠᠮ ᠤᠨ ᠵᠡᠭᠡᠯᠢ ᠭᠤᠳᠤᠮᠵᠢ ᠶᠢᠨ ᠨᠡᠶᠢᠭᠡᠮ ᠤᠨ ᠠᠵᠢᠯ ᠤᠨ ᠥᠷᠳᠡᠭᠡ ᠲᠠᠢ ᠬᠠᠮᠲᠤᠷᠠᠨ ᠢ ᠴᠡᠴᠡᠭᠯᠡᠯ ᠨᠡᠶᠢᠭᠡᠮ ᠲᠣᠭᠤᠷᠢᠭ ᠤᠨ ᠥᠳᠡᠭᠦᠰ ᠪᠠᠭᠠᠴᠤᠳ ᠤᠨ ᠴᠡᠩᠭᠡᠯ ᠤᠨ ᠬᠦᠷᠢᠶᠡᠯᠡᠩ ᠳᠤ ︽ᠦᠨᠳᠦᠰᠦᠲᠡᠨ ᠤ ᠪᠥᠯᠭᠦᠮᠳᠡᠯ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠣ᠂ ᠭᠡᠣᠭᠡᠳ ᠵᠠᠩ ᠢᠶᠠᠷ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠬᠠᠮᠲᠤ ᠪᠠᠷ ᠵᠢᠷᠤᠭᠯᠠᠬᠤ︾ ᠭᠤᠣᠯ ᠰᠡᠳᠦᠪᠲᠦ ᠵᠢᠷᠤᠭ ᠵᠢᠷᠣᠬᠤ ᠠᠵᠢᠯᠯᠠᠭ᠎ᠠ ᠶᠢ ᠥᠷᠨᠢᠭᠦᠯᠪᠡ᠃      ᠵᠢᠷᠤᠭ ᠵᠢᠷᠣᠬᠤ ᠠᠵᠢᠯᠯᠠᠭ᠎ᠠ ᠡᠬᠢᠯᠡᠬᠦ ᠠᠴᠠ ᠡᠮᠦᠨ᠎ᠡ᠂ ᠰᠠᠶᠢᠨ ᠳᠤᠷ᠎ᠠ ᠶᠢᠨ ᠠᠵᠢᠯᠯᠠᠭᠴᠢ ᠪᠠᠭᠰᠢ ᠠᠴᠠ ᠪᠢᠴᠢᠬᠠᠨ ᠨᠠᠶᠢᠵᠠ ᠨᠠᠷ ᠲᠤ ᠮᠠᠨ ᠤ ᠤᠯᠤᠰ ᠤᠨ ᠦᠨᠳᠦᠰᠦᠲᠡᠨ ᠤ ᠪᠦᠷᠢᠯᠳᠦᠯ᠂ ᠭᠠᠵᠠᠷ ᠣᠷᠣᠨ ᠤ ᠲᠠᠷᠬᠠᠯᠲᠠ ᠶᠢᠨ ᠣᠨᠴᠠᠯᠢᠭ ᠵᠢᠴᠢ ᠡᠯ᠎ᠡ ᠦᠨᠳᠦᠰᠦᠲᠡᠨ ᠤ ᠵᠠᠩ ᠳᠠᠳᠬᠠᠯ ᠢ ᠲᠣᠪᠴᠢ ᠲᠠᠨᠢᠯᠴᠠᠭᠤᠯᠬᠤ ᠶᠢᠨ ᠬᠠᠮᠲᠤ ᠡᠯ᠎ᠡ ᠦᠨᠳᠦᠰᠦᠲᠡᠨ ᠤ ᠪᠢᠴᠢᠬᠠᠨ ᠨᠠᠶᠢᠵᠠ ᠨᠠᠷ ᠲᠤ ᠨᠤᠲᠤᠭ ᠤᠰᠤᠨ ᠤ ᠭᠤᠶᠤ ᠦᠵᠡᠮᠵᠢ᠂ ᠠᠮᠲᠠᠲᠤ ᠢᠳᠡᠭᠡᠨ ᠢᠶᠠᠨ ᠣᠯᠠᠨ ᠳᠤ ᠬᠤᠪᠢᠶᠠᠯᠴᠠᠭᠰᠠᠨ ᠪᠥᠭᠡᠳ ᠪᠢᠴᠢᠬᠠᠨ ᠨᠠᠶᠢᠵᠠ ᠨᠠᠷ ᠲᠤ 56 ᠦᠨᠳᠦᠰᠦᠲᠡᠨ ᠪᠣᠯ ᠨᠢᠭᠡ ᠭᠡᠷ ᠪᠣᠯᠬᠤ ᠶᠢ ᠲᠠᠨᠢᠯᠴᠠᠭᠤᠯᠪᠠ᠃ ᠳᠠᠷᠠᠭ᠎ᠠ ᠳᠤᠨᠢ᠂ ᠪᠠᠭᠰᠢ ᠠᠴᠠ ᠣᠶᠢᠯᠠᠭᠠᠮᠵᠢᠲᠠᠶ ᠦᠭᠡ ᠬᠡᠯᠡ ᠪᠠᠷ ᠬᠡᠤᠬᠡᠳ ᠤᠳ ᠲᠤ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠵᠢᠴᠢ ᠦᠨᠳᠦᠰᠦᠲᠡᠨ ᠤ ᠪᠦᠯᠬᠦᠮᠳᠡᠯ ᠤᠨ ᠴᠢᠬᠤᠯᠠ ᠠᠴᠢ ᠬᠤᠯᠪᠣᠭᠳᠠᠯ ᠢ ᠶᠠᠷᠢᠵᠤ ᠥᠭᠭᠦᠭᠰᠡᠨ ᠪᠥᠭᠡᠳ ᠬᠡᠦᠬᠡᠳ ᠤᠳ ᠲᠠᠢ ᠬᠠᠷᠢᠯᠴᠠᠨ ᠬᠥᠳᠡᠯᠦᠯᠴᠡᠵᠦ᠂ ᠬᠡᠤᠬᠡᠳ ᠤᠳ ᠢ ᠦᠨᠳᠦᠰᠦᠲᠡᠨ ᠤ ᠪᠦᠯᠬᠦᠮᠳᠡᠯ ᠤᠨ ᠲᠤᠬᠠᠶ ᠨᠠᠩ ᠭᠦᠨᠵᠡᠭᠡᠶ ᠲᠠᠨᠢᠯᠲᠠ ᠲᠠᠢ ᠪᠣᠯᠪᠠ᠃ ᠵᠠᠯᠭᠠᠭᠠᠳ᠂ ᠪᠠᠭᠰᠢ ᠠᠴᠠ ᠪᠢᠴᠢᠬᠠᠨ ᠨᠠᠶᠢᠵᠠ ᠨᠠᠷ ᠲᠤ ᠨᠢᠭᠡ ᠵᠢᠱᠢᠶ᠎ᠡ ᠦᠵᠡᠭᠦᠯᠬᠦ ᠵᠢᠷᠤᠭ ᠬᠠᠩᠭᠠᠵᠤ᠂ ᠬᠡᠦᠬᠡᠳ ᠤᠳ ᠤᠷᠠᠨ ᠠᠪᠢᠶᠠᠰ᠂ ᠭᠤᠶᠢᠳᠠ ᠰᠠᠶᠢᠬᠠᠨ ᠦᠩᠭᠡ ᠪᠣᠳᠤᠭ ᠪᠣᠯᠤᠨ ᠡᠯᠪᠡᠭ ᠪᠠᠶᠠᠯᠢᠭ ᠰᠡᠳᠭᠢᠨ ᠪᠤᠳᠤᠬᠤ ᠴᠢᠳᠠᠪᠤᠷᠢ ᠪᠠᠷ ᠢᠶᠠᠨ ᠦᠨᠳᠦᠰᠦᠲᠡᠨ ᠤ ᠪᠦᠯᠬᠦᠮᠳᠡᠯ ᠨᠢᠭᠡ ᠭᠡᠷ ᠪᠦᠯᠢ ᠵᠢᠴᠢ ᠢᠷᠡᠭᠡᠳᠦᠢ ᠶᠢᠨ ᠰᠠᠶᠢᠨ ᠰᠠᠶᠢᠬᠠᠨ ᠬᠦᠰᠡᠯ ᠡᠷᠡᠮᠡᠯᠵᠡᠯ  ᠢᠶᠠᠨ ᠵᠢᠷᠤᠭᠯᠠᠪᠠ᠃ ᠬᠡᠦᠬᠡᠳ ᠤᠳ ᠥᠪᠡᠷᠮᠢᠴᠡ ᠬᠠᠷᠠᠭᠠᠰᠤ ᠪᠠᠷ᠂ ᠵᠢᠷᠤᠭ ᠢᠶᠠᠷ ᠵᠠᠭᠤᠴᠢ ᠪᠣᠯᠭᠠᠵᠤ᠂ ᠰᠡᠳᠬᠢᠯ ᠵᠢᠷᠦᠬᠡ ᠪᠠᠷ ᠴᠣᠩᠬᠤ ᠪᠣᠯᠭᠠᠵᠤ᠂ ᠦᠨᠳᠦᠰᠦᠲᠡᠨ ᠨᠦᠭᠦᠳ ᠤᠨ ᠡᠶ᠎ᠡ ᠵᠣᠬᠢᠴᠠᠯ ᠲᠠᠢ᠂ ᠪᠦᠯᠬᠦᠮᠳᠡᠯ ᠤᠨ ᠵᠢᠷᠤᠭ ᠢ ᠴᠠᠭᠠᠰᠤᠨ ᠳᠡᠭᠡᠷ᠎ᠡ ᠵᠢᠷᠣᠭᠯᠠᠪᠠ᠃ ᠵᠢᠷᠤᠭ ᠤᠨ ᠪᠦᠲᠦᠭᠡᠯ ᠤᠳ ᠨᠢ ᠬᠡᠦᠬᠡᠳ ᠤᠳ ᠤᠨ ᠦᠨᠳᠦᠰᠦᠲᠡᠨ ᠤ ᠪᠥᠯᠭᠦᠮᠳᠡᠯ ᠤᠨ ᠰᠠᠶᠢᠨ ᠰᠠᠶᠢᠬᠠᠨ ᠢᠷᠡᠭᠡᠳᠦᠢ ᠶᠢᠨ ᠬᠦᠰᠡᠯ ᠪᠣᠯᠤᠨ ᠢᠷᠦᠭᠡᠯ ᠢ ᠢᠯᠡᠳᠭᠡᠪᠡ᠃      ᠴᠢᠩᠱᠠᠨ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠥᠷᠨᠢᠭᠦᠯᠦᠭᠰᠡᠨ ᠲᠤᠰ ᠤᠳᠠᠭᠠᠨ ᠤ ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ ᠤᠷᠠᠨ ᠵᠢᠷᠤᠭ ᠤᠨ ᠠᠵᠢᠯᠯᠠᠭ᠎ᠠ ᠨᠢ ᠦᠨᠳᠦᠰᠦᠲᠡᠨ ᠨᠦᠭᠦᠳ ᠤᠨ ᠬᠡᠦᠬᠡᠳ ᠢ ︽ᠠᠨᠠᠷ ᠤᠨ ᠦᠷ᠎ᠡ︾ ᠲᠠᠢ ᠠᠳᠠᠯᠢ ᠨᠢᠭᠳᠠᠷᠠᠬᠤ ᠶᠢ ᠬᠦᠳᠦᠯᠦᠨ ᠵᠢᠯᠣᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠵᠢᠭᠰᠠᠭᠠᠯ ᠤᠨ ᠭᠠᠵᠠᠷ ᠢ ᠪᠠᠬᠢᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠬᠡᠦᠬᠡᠳ ᠤᠨ ᠰᠡᠳᠬᠢᠯ ᠳᠤ ᠳᠡᠯᠭᠡᠷᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ ᠬᠡᠦᠬᠡᠳ ᠤᠨ ᠰᠡᠳᠬᠢᠯ ᠳᠤ ᠬᠠᠳᠠᠩᠰᠢᠭᠤᠯᠬᠤ ᠶᠢᠨ ᠲᠥᠯᠥᠭᠡ ᠶᠤᠮ᠃ ᠡᠶᠢᠮᠦᠷᠬᠦᠦ ︽ᠠᠵᠢᠯᠯᠠᠭ᠎ᠠ ᠪᠠᠷ ᠪᠦᠯᠬᠦᠮᠳᠡᠯ ᠢ ᠠᠬᠢᠭᠤᠯᠵᠤ᠂ ᠠᠵᠢᠯᠯᠠᠭ᠎ᠠ ᠪᠠᠷ ᠡᠶ᠎ᠡ ᠵᠣᠬᠢᠴᠠᠯ ᠢ ᠠᠬᠢᠭᠤᠯᠬᠤ︾ ᠠᠵᠢᠯᠯᠠᠭ᠎ᠠ ᠶᠢᠨ ᠬᠡᠯᠪᠡᠷᠢ ᠨᠢ ᠵᠠᠯᠠᠭᠤᠴᠤᠳ ᠪᠠᠭᠠᠴᠤᠳ ᠬᠡᠦᠬᠡᠳ ᠲᠤ ᠭᠦᠨ ᠬᠥᠮᠦᠵᠢᠯ ᠬᠦᠷᠲᠡᠭᠰᠡᠨ ᠢᠶᠠᠷ ᠪᠠᠷᠠᠬᠤ ᠦᠭᠡᠢ᠂ ᠪᠠᠰᠠ ᠲᠡᠳᠡᠨ ᠤ ᠬᠠᠷᠠᠬᠠᠨ ᠪᠠᠭ᠎ᠠ ᠠᠴᠠ ᠪᠠᠨ ᠦᠨᠳᠦᠰᠦᠲᠡᠨ ᠨᠦᠭᠦᠳ ᠤᠨ ᠬᠤᠭᠤᠷᠣᠨᠳᠣᠬᠢ ᠪᠦᠯᠬᠦᠮᠳᠡᠨ ᠬᠠᠪᠰᠤᠷᠤᠯᠴᠠᠬᠤ ᠢᠲᠡᠭᠡᠯ ᠵᠣᠷᠢᠭ ᠢ ᠪᠠᠲᠤᠳᠬᠠᠵᠤ᠂ ᠬᠠᠶᠢᠷ᠎ᠠ ᠰᠡᠳᠬᠢᠯᠭᠡ ᠶᠢ ᠨᠡᠩ ᠨᠡᠮᠡᠭᠳᠡᠭᠦᠯᠦᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号