ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2023 ᠣᠨ ᠤ 26 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/27
      11 ᠰᠠᠷ᠎ᠠ ᠶᠢᠨ 21 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ 2024 ᠣᠨ ᠳᠤ ᠬᠡᠨᠷᠭᠵᠢᠭᠦᠯᠬᠦ ᠪᠠᠷ ᠲᠦᠯᠦᠪᠯᠡᠵᠦ ᠪᠠᠶᠢᠭ᠎ᠠ ᠭᠤᠣᠯᠳᠠᠯᠭ᠎ᠠ ᠲᠠᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ᠪᠥᠬᠦ ᠲᠤᠭᠤᠷᠢᠭ ᠤᠨ ᠢᠳᠡᠭᠡᠨ ᠤ ᠠᠮᠤᠷ ᠲᠦᠪᠰᠢᠨ ᠤ ᠠᠵᠢᠯ ᠤᠨ ᠬᠠᠷᠢᠭᠤ ᠮᠡᠳᠡᠭᠦᠯᠦᠯᠲᠡ᠂ 2023 ᠣᠨ ᠤ ᠲᠦᠷᠦᠭᠦᠸ ᠭᠤᠷᠪᠠᠨ ᠤᠯᠠᠷᠢᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠪᠠᠶᠢᠳᠠᠯ ᠢ ᠰᠤᠨᠤᠰᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ  ᠢ ᠡᠷᠭᠢᠯᠡᠪᠡ᠃       ᠬᠤᠷᠠᠯ ᠠᠴᠠ᠂ ᠭᠤᠣᠯᠳᠠᠯᠭ᠎ᠠ ᠲᠠᠢ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠬᠦ ᠪᠣᠯ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠴᠢᠩᠱᠠᠨ ᠶᠢ ᠴᠣᠭᠴᠠᠯᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠬᠤᠳᠠ ᠶᠢᠨ ᠲᠣᠭᠤᠷᠢᠭ ᠤᠨ ᠪᠦᠬᠦᠯᠢ ᠴᠣᠭᠴᠠ ᠶᠢᠨ ᠣᠷᠴᠢᠨ ᠲᠣᠭᠤᠷᠢᠨ ᠤ ᠲᠡᠰ ᠳᠡᠪᠰᠢᠬᠦ ᠶᠢ ᠠᠬᠢᠭᠤᠯᠬᠤ᠂ ᠬᠤᠳᠠ ᠶᠢᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠭᠡᠵᠦ ᠴᠢᠬᠤᠯᠠᠴᠢᠯᠠᠪᠠ᠃ ᠬᠤᠷᠠᠯ ᠠᠴᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠳᠤᠮᠳᠠ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠲᠦᠭᠵᠢᠷᠡᠯ ᠤᠨ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠰᠢᠲᠠᠮᠠᠬᠠᠢ ᠬᠡᠢ ᠶᠢ ᠥᠭᠡᠷᠡᠴᠢᠯᠡᠨ ᠰᠠᠶᠢᠵᠢᠷᠠᠭᠤᠯᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠳᠤᠯᠠᠭᠠᠯᠠᠭ᠎ᠠ ᠬᠠᠩᠭᠠᠬᠤ ᠵᠡᠷᠭᠡ ᠥᠭᠡᠷᠡᠴᠢᠯᠡᠯᠲᠡ ᠶᠢᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠪᠣᠷᠣᠭᠠᠨ ᠪᠣᠬᠢᠷ ᠬᠤᠯᠢᠮᠠᠭ ᠤᠷᠤᠰᠬᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠵᠦ᠂ ᠪᠥᠬᠦ ᠲᠤᠭᠤᠷᠢᠭ ᠤᠨ ᠤᠰᠤ ᠲᠠᠲᠠᠷᠠᠭᠤᠯᠬᠤ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠬᠤ ᠬᠡᠷᠡᠭᠲᠡᠢ᠃ ︽ᠬᠠᠷᠮᠠᠨ ᠴᠡᠴᠡᠷᠯᠢᠭ︾ ᠢ ᠦᠷᠭᠦᠯᠵᠢᠯᠡᠨ ᠪᠠᠶᠢᠭᠤᠯᠵᠤ᠂ ᠵᠠᠮ ᠤᠨ ᠨᠣᠭᠤᠭᠠᠷᠠᠭᠤᠯᠤᠯᠲᠠ ᠶᠢᠨ ᠨᠥᠬᠦᠪᠦᠷᠢ᠂ ᠴᠡᠴᠡᠷᠯᠢᠭ ᠤᠨ ᠪᠠᠶᠠᠷ ᠤᠨ ᠡᠳᠦᠷ ᠤᠨ ᠴᠢᠮᠡᠭᠯᠡᠯ ᠵᠡᠷᠭᠡ ᠠᠵᠢᠯ ᠢ ᠰᠠᠶᠢᠲᠤᠷ ᠬᠢᠵᠦ᠂ ᠰᠠᠶᠢᠨ ᠰᠠᠶᠢᠬᠠᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃       ᠬᠤᠷᠠᠯ ᠠᠴᠠ᠂ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠬᠦ ᠪᠣᠯ ᠢᠳᠡᠭᠡᠨ ᠤ ᠠᠮᠤᠷ ᠲᠦᠪᠰᠢᠨ ᠤ ᠵᠢᠭᠰᠠᠭᠠᠯ ᠤᠨ ᠭᠠᠵᠠᠷ ᠢ ᠪᠠᠲᠤ ᠰᠠᠬᠢᠬᠤ᠂ ᠢᠳᠡᠭᠡᠨ ᠤ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠡᠨᠡ ᠨᠢ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ᠂ ᠡᠷᠡᠭᠦᠯ ᠰᠠᠷᠠᠭᠤᠯ  ᠴᠢᠩᠱᠠᠨ ᠶᠢ ᠴᠣᠭᠴᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠭᠡᠵᠦ ᠴᠢᠬᠤᠯᠠᠴᠢᠯᠠᠪᠠ᠃ ᠬᠤᠷᠠᠯ  ᠠᠴᠠ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠵᠡᠭᠡᠯᠢ ᠪᠠᠯᠭᠠᠰᠤ ᠨᠡᠶᠢᠯᠡᠮᠡᠯ ᠬᠦᠴᠦᠨ ᠢ ᠪᠣᠶ ᠪᠣᠯᠭᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ ᠢᠳᠡᠭᠡᠨ ᠤ ᠠᠮᠤᠷ ᠲᠦᠪᠰᠢᠨ ᠤ ᠳᠠᠭᠠᠳᠬᠠᠯ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠠᠶᠢᠩᠭᠤᠵᠢᠭᠤᠯᠤᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠡᠭᠦᠳᠬᠦ ᠬᠡᠷᠡᠭᠲᠡᠢ᠃ ᠢᠳᠡᠭᠡᠨ ᠤ ᠠᠮᠤᠷ ᠲᠦᠪᠰᠢᠨ ᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠰᠠᠬᠢᠨ ᠬᠠᠮᠠᠭᠠᠯᠠᠬᠤ ᠭᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃       ᠬᠤᠷᠠᠯ ᠠᠴᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠴᠢᠩᠱᠠᠨ ᠲᠤᠭᠤᠷᠢᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ᠂ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠭᠡᠵᠦ ᠴᠢᠬᠤᠯᠠᠴᠢᠯᠠᠪᠠ᠃ ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠨᠢᠭᠡᠴᠡ ᠶᠢᠨ  ᠬᠢᠨ ᠳᠣᠣᠷ᠎ᠠ ᠠᠽᠣᠲ ᠤᠨ ᠥᠭᠡᠷᠡᠴᠢᠯᠡᠯᠲᠡ ᠳᠤ ᠬᠤᠯᠪᠣᠭᠳᠠᠬᠤ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠡᠯ᠎ᠡ ᠠᠵᠤ ᠠᠬᠤᠶᠢᠯᠠᠯ ᠤᠨ ᠰᠢᠲᠠᠮᠠᠬᠠᠢ ᠬᠡᠢ ᠶᠢᠨ ᠭᠦᠸᠧᠯᠦ ᠶᠢᠨ ᠳᠣᠣᠷ᠎ᠠ ᠠᠽᠣᠲ ᠤᠨ ᠥᠭᠡᠷᠡᠴᠢᠯᠡᠯᠲᠡ ᠶᠢᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠱᠠᠯᠠᠪᠳᠠᠭᠤᠯᠬᠤ ᠬᠡᠷᠡᠭᠲᠡᠢ᠃ ᠬᠤᠲᠠ ᠶᠢᠨ ᠤᠰᠤᠨ ᠤ ᠶᠠᠪᠤᠳᠠᠯ ᠤᠨ ᠺᠣᠮᠫᠠᠨᠢ ᠲᠠᠢ ᠰᠠᠨᠠᠭᠠᠴᠢᠯᠠᠭ᠎ᠠ  ᠠᠴᠠ ᠪᠠᠨ ᠵᠣᠯᠭᠠᠭᠤᠯᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠬᠠᠮᠵᠢᠯᠴᠠᠨ ᠠᠬᠢᠭᠤᠯᠬᠤ ᠬᠡᠷᠡᠭᠲᠡᠢ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠬᠤᠭ ᠨᠣᠪᠰᠢ᠂ ᠡᠰᠢ ᠰᠦᠷᠡᠯ ᠰᠢᠲᠠᠭᠠᠬᠤ ᠵᠡᠷᠭᠡ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠬᠠᠷᠢᠭᠤ ᠰᠡᠳᠬᠢᠬᠦᠢ ᠲᠠᠢ ᠪᠠᠶᠢᠬᠤ ᠶᠢ ᠪᠠᠷᠢᠮᠲᠠᠯᠠᠵᠤ᠂ ᠠᠵᠤ ᠠᠬᠤᠶᠢᠯᠠᠯ ᠲᠠᠢ ᠬᠠᠮᠵᠢᠯᠴᠠᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ᠂ ᠦᠨᠡᠯᠡᠯᠲᠡ ᠵᠡᠷᠭᠡ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠠᠶᠢᠲᠤᠷ ᠬᠢᠵᠦ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠬᠠᠩᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃       ᠬᠤᠷᠠᠯ  ᠠᠴᠠ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠬᠦ ᠪᠣᠯ ᠰᠤᠷᠤᠭᠴᠢᠳ ᠤᠨ ᠪᠥᠬᠦ ᠲᠠᠯ᠎ᠠ ᠪᠠᠷ ᠡᠷᠡᠭᠦᠯ ᠢᠶᠠᠷ ᠬᠥᠭᠵᠢᠬᠦ ᠶᠢ ᠠᠬᠢᠭᠤᠯᠬᠤ᠂ ᠰᠢᠨᠵᠢᠯᠡᠭᠡᠨ ᠤ ᠰᠠᠯᠠᠭ᠎ᠠ ᠶᠢᠨ ᠴᠢᠳᠠᠪᠤᠷᠢᠲᠠᠨ ᠢ ᠰᠢᠯᠢᠨ ᠰᠣᠩᠭᠤᠬᠤ ᠶᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠰᠤᠷᠭᠠᠨ ᠬᠥᠮᠦᠵᠢᠯ ᠤᠨ ᠥᠨᠳᠦᠷᠯᠢᠭ ᠭᠠᠵᠠᠷ ᠢ ᠪᠠᠶᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠭᠡᠵᠦ ᠴᠢᠬᠤᠯᠠᠴᠢᠯᠠᠪᠠ᠃ ᠬᠤᠷᠠᠯ  ᠠᠴᠠ᠂ ᠡᠯ᠎ᠡ ᠬᠤᠯᠪᠣᠭᠳᠠᠯ ᠪᠦᠬᠦᠢ ᠨᠢᠭᠡᠴᠡ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠠᠵᠠᠷ ᠣᠷᠣᠨ ᠤ ᠪᠠᠶᠢᠳᠠᠯ ᠪᠠ ᠰᠣᠷᠣᠭᠴᠢ ᠶᠢᠨ ᠪᠣᠳᠠᠲᠠᠢ ᠬᠡᠷᠡᠭᠴᠡᠭᠡ ᠲᠠᠢ ᠤᠶᠠᠯᠳᠤᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢᠨ ᠠᠵᠢᠯ ᠢ ᠡᠮᠬᠢ ᠵᠢᠷᠤᠮ ᠲᠠᠢ ᠠᠬᠢᠭᠤᠯᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠰᠢᠨ᠎ᠡ ᠥᠨᠳᠦᠷᠯᠢᠭ ᠢ ᠲᠠᠰᠤᠷᠠᠯᠲᠠ ᠦᠭᠡᠢ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号