ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠮᠦ ᠠᠵᠢᠯ ᠶᠠᠪᠤᠳᠠᠯ ᠤᠨ ᠲᠡᠮᠲᠡᠭᠯᠡᠯ ︵2023 ᠣᠨ ᠤ 5 ᠰᠠᠷ᠎ᠠ ᠶᠢᠨ 1 ᠤ ᠡᠳᠦᠷ — 5 ᠰᠠᠷ᠎ᠠ ᠶᠢᠨ 31 ᠤ ᠡᠳᠦᠷ︶
ᠨᠡᠶᠢᠲᠡᠯᠡᠭᠰᠡᠨ ᠴᠠᠭ᠄
2023/11/3
      5 ᠰᠠᠷ᠎ᠠ ᠶᠢᠨ 4 ᠤ ᠡᠳᠦᠷ᠂ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠬᠢᠭᠡᠳ ᠵᠢᠶᠠᠩᠰᠤ ᠨᠡᠶᠢᠳᠡᠮ ᠬᠡᠷᠡᠭᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ︽ᠵᠢᠯ ᠳᠤ 130 ᠲᠦᠮᠡᠨ ᠢᠵᠢ ᠰᠢᠨ᠎ᠡ ᠡᠨᠧᠷᠭᠢ ᠶᠢᠨ ᠬᠦᠨᠳᠦ ᠺᠠᠷᠲ ᠤᠨ ᠳᠤᠭᠤᠶᠢᠯᠠᠪᠤᠷᠢ ᠶᠢᠨ ᠣᠶᠤᠨᠴᠢ ᠦᠢᠯᠡᠳᠬᠦ ᠰᠠᠭᠤᠷᠢᠨ ᠭᠠᠵᠠᠷ ᠤᠨ ᠲᠥᠷᠥᠯ ᠵᠦᠢᠯ︾ ᠤᠨ ᠭᠠᠷ ᠤᠨ ᠥᠰᠥᠭ ᠵᠢᠷᠤᠪᠠ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 15 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ 20 ᠰᠠᠷ᠎ᠠ ᠶᠢᠨ ᠬᠤᠭᠤᠴᠠᠭ᠎ᠠ ᠲᠠᠢ ᠪᠦᠲᠦᠭᠡᠨ ᠪᠠᠶᠢᠭᠤᠯᠬᠤ ᠪᠠᠷ ᠲᠥᠯᠥᠪᠯᠡᠵᠦ᠂ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ 130 ᠲᠦᠮᠡᠨ ᠵᠤᠷᠪᠤᠰ ᠥᠨᠳᠥᠷ ᠴᠢᠳᠠᠮᠵᠢᠲᠤ ᠦᠳᠡ ᠳᠤᠮᠳᠠ ᠶᠢᠨ ᠱᠤᠭᠤᠮ ᠤᠨ ᠬᠡᠯᠪᠡᠷᠢᠲᠦ ᠳᠤᠭᠤᠶᠢᠯᠠᠪᠤᠷᠢ ᠦᠢᠯᠡᠳᠪᠦᠷᠢᠯᠡᠵᠦ ᠪᠣᠯᠣᠨ᠎ᠠ᠃ ᠲᠤᠰ ᠲᠦᠷᠦᠯ ᠵᠦᠢᠯ ᠨᠢ ᠮᠠᠨ ᠤ ᠬᠤᠳᠠ ᠶᠢᠨ ᠠᠩᠬᠠᠳᠠᠭᠴᠢ ᠣᠳᠣᠬᠢᠴᠢᠯᠠᠭᠰᠠᠨ ᠥᠨᠳᠥᠷ ᠴᠢᠳᠠᠪᠬᠢᠲᠤ ᠦᠳᠡ ᠳᠤᠮᠳᠠ ᠶᠢᠨ ᠬᠡᠯᠪᠡᠷᠢᠲᠦ ᠬᠡᠦᠬᠡᠢ ᠶᠢᠨ ᠦᠢᠯᠡᠳᠪᠦᠷᠢ ᠶᠢ ᠪᠠᠶᠢᠭᠤᠯᠵᠤ᠂ ᠣᠶᠤᠨᠴᠢᠯᠠᠭᠰᠠᠨ᠂ ᠮᠡᠳᠡᠭᠡ ᠵᠠᠩᠭᠢᠵᠢᠯᠲᠠ ᠶᠢᠨ ᠲᠡᠷᠢᠭᠦᠨ ᠤ ᠤᠷᠠᠯᠠᠯ ᠢ ᠬᠡᠷᠡᠭᠯᠡᠵᠦ᠂ ︽ᠬᠥᠮᠥᠨ ᠤ ᠦᠷ᠎ᠡ ᠠᠰᠢᠭ᠂ ᠡᠨᠧᠷᠭᠢ ᠶᠢᠨ ᠦᠷ᠎ᠡ ᠠᠰᠢᠭ᠂ ᠪᠦᠲᠦᠭᠡᠭᠳᠡᠬᠦᠨ ᠤ ᠦᠷ᠎ᠡ ᠠᠰᠢᠭ︾ ᠭᠤᠷᠪᠠᠨ ᠦᠷ᠎ᠡ ᠠᠰᠢᠭ ᠢ ᠨᠢᠭᠡᠳᠬᠡᠵᠦ᠂ ᠦᠢᠯᠡᠳᠪᠦᠷᠢᠯᠡᠯ ᠤᠨ ᠦᠷ᠎ᠡ ᠠᠰᠢᠭ ᠪᠠ ᠦᠢᠯᠡᠳᠬᠦ ᠲᠦᠪᠰᠢᠨ ᠢ ᠶᠡᠬᠡᠪᠡᠷ ᠳᠡᠭᠡᠭᠰᠢᠯᠡᠭᠦᠯᠬᠦ ᠪᠠᠷ ᠪᠤᠢ᠃       5 ᠰᠠᠷ᠎ᠠ ᠶᠢᠨ 5 ᠤ ᠡᠳᠦᠷ᠂ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠪᠤᠭᠤᠲᠤ ᠬᠤᠲᠠ ᠶᠢᠨ ᠤᠰᠤᠨ ᠤ ᠡᠷᠬᠡ ᠶᠢ ᠬᠤᠳᠠᠯᠳᠤᠨ ᠠᠪᠴᠤ ᠨᠥᠭᠡᠴᠡᠯᠡᠬᠦ ᠰᠢᠯᠵᠢᠭᠦᠯᠦᠨ ᠥᠭᠬᠦ ᠲᠥᠪ ᠴᠢᠩᠱᠠᠨ ᠲᠣᠭᠤᠷᠢᠭ ᠲᠤ ᠳᠠᠩᠰᠠᠯᠠᠭᠤᠯᠤᠨ ᠪᠦᠷᠢᠳᠬᠡᠭᠦᠯᠪᠡ᠃ ᠲᠤᠰ ᠲᠥᠪ ᠢ ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ︵ᠪᠦᠯᠦᠭᠯᠡᠯ︶ ᠬᠢᠵᠠᠭᠠᠷᠲᠤ ᠺᠣᠮᠫᠠᠨᠢ ᠠᠴᠠ ᠪᠠᠶᠢᠭᠤᠯᠵᠤ᠂ ᠤᠰᠤᠨ ᠤ ᠡᠬᠢ ᠪᠠᠶᠠᠯᠢᠭ ᠤᠨ ᠴᠢᠩᠭ᠎ᠠ ᠬᠠᠲᠠᠭᠤ ᠬᠢᠵᠠᠭᠠᠷᠯᠠᠯ ᠤᠨ ᠦᠢᠯᠡᠳᠦᠯ ᠢ ᠲᠣᠪᠣᠶᠢᠮ᠎ᠠ ᠢᠯᠡᠷᠡᠭᠦᠯᠵᠦ᠂ ᠬᠤᠲᠠ ᠶᠢᠨ ᠱᠠᠲᠤᠨ ᠤ ᠤᠰᠤᠨ ᠤ ᠡᠷᠬᠡ ᠶᠢᠨ ᠠᠷᠠᠯᠵᠢᠶᠠᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠤᠰᠤᠨ ᠤ ᠡᠷᠬᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠤᠰᠤ ᠬᠡᠷᠡᠭᠯᠡᠬᠦ ᠡᠷᠬᠡ ᠶᠢᠨ ᠠᠷᠠᠯᠵᠢᠶ᠎ᠠ ᠶᠢ ᠠᠬᠢᠭᠤᠯᠤᠨ᠂ ᠤᠰᠤ ᠬᠡᠷᠡᠭᠯᠡᠬᠦ ᠡᠷᠬᠡ ᠶᠢ ᠬᠤᠷᠢᠶᠠᠨ ᠬᠠᠳᠠᠭᠠᠯᠠᠵᠤ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ︽ᠬᠤᠶᠠᠷ ᠲᠥᠪ︾ ᠤᠨ ᠪᠦᠲᠦᠭᠡᠨ ᠪᠠᠶᠢᠭᠤᠯᠤᠯᠲᠠ᠂ ︽ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠶᠢ ᠤᠷᠢᠳᠠᠪᠠᠷ ᠳᠡᠮᠵᠢᠨ᠎ᠡ᠃       5 ᠰᠠᠷ᠎ᠠ ᠶᠢᠨ 11 ᠤ ᠡᠳᠦᠷ᠂ ᠴᠢᠩᠱᠠᠨ ᠲᠣᠭᠤᠷᠢᠭ ᠤᠨ ᠬᠢᠨ ᠥᠪᠥᠷ ᠮᠣᠩᠭᠤᠯ ᠤᠨ ᠧᠨ ᠲᠠᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ︽ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ︾ ᠳᠤ ᠭᠡᠷ᠎ᠡ ᠲᠣᠭᠲᠠᠬᠤ ᠪᠠ ᠫᠠᠶᠢᠰᠠ ᠣᠯᠭᠤᠬᠤ ᠶᠣᠰᠣᠯᠠᠯ ᠶᠠᠪᠤᠭᠤᠯᠪᠠ᠃ ᠲᠣᠰ ᠠᠵᠢᠯ ᠤᠨ ᠥᠷᠲᠡᠭᠡ ᠪᠠᠶᠢᠭᠤᠯᠤᠭᠳᠠᠭᠰᠠᠨ ᠤ ᠳᠠᠷᠠᠭ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠬᠠᠤᠯᠢ ᠴᠠᠭᠠᠵᠠ ᠶᠢᠨ ᠮᠡᠳᠡᠯᠭᠡ ᠶᠢᠨ ᠤᠬᠠᠭᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠬᠥᠮᠦᠵᠢᠯ ᠤᠨ ᠲᠠᠶᠢᠯᠤᠮᠵᠢ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠵᠥᠪᠯᠡᠯᠭᠡ᠂ ᠵᠠᠷᠭᠤ ᠶᠢᠨ ᠣᠷᠣᠯᠠᠯᠲᠠ᠂ ᠠᠵᠢᠯ ᠣᠯᠵᠤ ᠦᠢᠯᠡᠰ ᠴᠣᠭᠴᠠᠯᠠᠬᠤ ᠶᠢ ᠬᠠᠪᠰᠤᠷᠤᠨ ᠲᠡᠳᠬᠦᠬᠦ ᠵᠢᠯᠣᠭᠤᠳᠤᠯᠭ᠎ᠠ ᠵᠡᠷᠭᠡ ᠦᠢᠯᠡᠴᠢᠯᠡᠭᠡᠨ ᠤ ᠵᠦᠢᠯᠡᠰ ᠢ ᠬᠠᠩᠭᠠᠵᠤ ᠳᠡᠶᠢᠯᠬᠦ  ᠪᠤᠯᠵᠠᠢ᠂ ᠴᠢᠩᠱᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠰᠢᠰᠲ᠋ᠧᠮ ᠤᠨ ᠨᠡᠶᠢᠭᠡᠮ ᠤᠨ ᠬᠦᠴᠦᠨ ᠢ ᠲᠡᠳᠡᠨ ᠣᠷᠣᠭᠤᠯᠬᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠨ᠎ᠡ ᠶᠢ ᠡᠭᠦᠳᠬᠦ ᠠᠷᠭ᠎ᠠ ᠮᠠᠶ᠋ᠢᠭ ᠢ ᠪᠣᠶ ᠪᠣᠯᠭᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃       5 ᠰᠠᠷ᠎ᠠ ᠶᠢᠨ 17 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 ᠳ᠋ᠤᠭᠠᠷ ᠳᠠᠪᠬᠤᠷᠯᠢᠭ ᠤᠨ 1 ᠳ᠋ᠦ᠋ᠭᠡᠷ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠮᠧᠢ ᠲᠤᠸᠠᠨ ᠣᠶᠤᠨᠲᠤ ᠵᠠᠮ ᠬᠠᠷᠢᠯᠴᠠᠭᠠᠨ ᠤ ᠪᠠᠷᠠᠭᠤᠨ ᠬᠤᠶᠢᠲᠤ ᠶᠢᠨ ᠡᠵᠡᠩᠨᠡᠯᠲᠡ ᠶᠢᠨ ᠲᠥᠪ ᠤᠨ ᠲᠦᠷᠦᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ᠂ ᠳ᠋ᠦᠩ ᠳ᠋ᠡ ᠱᠠᠨ ᠡᠵᠡᠩᠨᠡᠯᠲᠡ ᠶᠢᠨ ᠺᠣᠮᠫᠠᠨᠢ᠂ 202 ᠡᠭᠦᠳᠡᠨ ᠡᠮᠦᠨᠡᠬᠢ ᠠᠭᠤᠳᠠᠮ ᠲᠠᠯᠠᠪᠠᠢ ᠵᠢᠴᠢ ᠨᠣᠭᠤᠭᠠᠷᠠᠭᠤᠯᠤᠯᠲᠠ ᠶᠢᠨ ᠢᠨᠵᠧᠨᠧᠷᠢᠩ᠂ ᠪᠤᠭᠤᠲᠤ ᠶᠢᠨ ᠪᠢᠶᠠᠳᠢ ᠵᠡᠰ ᠴᠠᠭᠠᠰᠤᠨ ᠤ ᠲᠦᠷᠦᠯ ᠵᠦᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠰᠬᠠᠢ ᠪᠡᠯᠡ ᠮᠥᠩᠭᠦ ᠭᠤᠶᠤᠴᠢᠯᠠᠬᠤ᠂ ᠢᠦᠢ ᠱᠦ᠋ ᠭᠧᠦ ᠪᠠ ᠨᠠᠮ ᠤᠨ ᠭᠡᠰᠢᠭᠦᠨ ᠤ ᠠᠮᠢ ᠠᠬᠤᠢ ᠶᠢᠨ ᠤᠢ ᠶᠢᠨ ᠲᠦᠷᠦᠯ ᠵᠦᠢᠯ ᠤᠨ ᠪᠠᠴᠢᠮ ᠪᠠᠶᠢᠳᠠᠯ ᠢ ᠠᠷᠭᠠᠴᠠᠵᠤ ᠠᠷᠠᠴᠢᠯᠠᠨ ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ᠃       5 ᠰᠠᠷ᠎ᠠ ᠶᠢᠨ 18 ᠤ ᠡᠳᠦᠷ᠂ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠪᠣᠯᠣᠨ ᠪᠡᠭᠡᠵᠢᠩ ᠤᠨ ᠰᠠᠨ ᠺᠤᠸᠠᠢ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ︵ᠮᠧᠢ ᠲᠤᠸᠠᠨ︶ ᠮᠧᠢ ᠲᠤᠸᠠᠨ ᠣᠶᠤᠨᠲᠤ ᠵᠠᠮ ᠬᠠᠷᠢᠯᠴᠠᠭᠠᠨ ᠤ ᠪᠠᠷᠠᠭᠤᠨ ᠬᠤᠶᠢᠲᠤ ᠶᠢᠨ ᠡᠵᠡᠩᠨᠡᠯᠲᠡ ᠶᠢᠨ ᠲᠥᠪ ᠤᠨ ᠲᠥᠷᠥᠯ ᠵᠦᠢᠯ ᠳᠤ ᠭᠡᠷ᠎ᠡ ᠲᠣᠭᠲᠠᠪᠠ᠃ ᠬᠡᠯᠡᠯᠴᠡᠭᠡᠷ ᠢ ᠦᠨᠳᠦᠰᠦᠯᠡᠪᠡᠯ᠂ ᠪᠡᠭᠡᠵᠢᠩ ᠤᠨ ᠰᠠᠨ ᠺᠤᠸᠠᠢ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠴᠢᠩᠱᠠᠨ ᠲᠣᠭᠤᠷᠢᠭ ᠲᠤ ᠭᠠᠳᠠᠭᠠᠳᠤ ᠪᠡᠯᠡ ᠶᠢᠨ ᠪᠦᠷᠢᠨ ᠪᠡᠯᠡᠳᠦ ᠺᠣᠮᠫᠠᠨᠢ ︵ᠣᠲᠣ ᠮᠧᠢ ᠲᠤᠸᠠᠨ ᠥᠪᠥᠷ ᠮᠣᠩᠭᠤᠯ ᠣᠷᠣᠨ ᠳᠠᠬᠢ ᠴᠣᠷ ᠤᠨ ᠭᠠᠭᠴᠠ ᠭᠠᠳᠠᠭᠠᠳᠤ ᠪᠡᠯᠡ ᠶᠢᠨ ᠬᠤᠪᠢᠶᠠᠷᠢ ᠺᠣᠮᠫᠠᠨᠢ︶ ᠪᠠᠶᠢᠭᠤᠯᠵᠤ᠂ 400 ᠲᠦᠮᠡᠨ ᠳ᠋ᠣᠯᠯᠠᠷ ︵ᠬᠢᠯᠢ ᠶᠢᠨ ᠭᠠᠳᠠᠨᠠᠬᠢ ᠠᠷᠠᠳ ᠤᠨ ᠵᠣᠭᠤᠰ ᠲᠠᠢ ᠲᠡᠩᠴᠡᠨ᠎ᠡ︶ ᠢ ᠪᠣᠳᠠᠲᠠᠢ ᠪᠠᠷ ᠲᠤᠰᠢᠶᠠᠵᠤ᠂ ᠲᠣᠭᠲᠠᠮᠠᠯ ᠬᠥᠷᠥᠩᠭᠡ ᠳᠤ 5000 ᠲᠦᠮᠡᠨ ᠲᠥᠭᠦᠷᠢᠭ ᠤᠨ ᠪᠡᠯᠡ ᠣᠷᠣᠭᠤᠯᠵᠤ᠂ ︽ᠮᠧᠢ ᠲᠤᠸᠠᠨ ᠣᠶᠤᠨᠴᠢ ᠵᠠᠮ ᠬᠠᠷᠢᠯᠴᠠᠭᠠᠨ ᠤ ᠪᠠᠷᠠᠭᠤᠨ ᠬᠤᠶᠢᠲᠤ ᠶᠢᠨ ᠡᠵᠡᠩᠨᠡᠯᠲᠡ ᠶᠢᠨ ᠲᠥᠪ︾ ᠤᠨ ᠲᠥᠷᠥᠯ ᠵᠦᠢᠯ ᠢ ᠪᠠᠶᠢᠭᠤᠯᠬᠤ ᠪᠠᠷ ᠲᠥᠯᠥᠪᠯᠡᠵᠦ ᠪᠣᠶ᠃       5 ᠰᠠᠷ᠎ᠠ ᠶᠢᠨ 23 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 ᠳ᠋ᠤᠭᠠᠷ ᠳᠠᠪᠬᠤᠷᠯᠢᠭ ᠤᠨ 1 ᠳ᠋ᠦ᠋ᠭᠡᠷ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 9  ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠵᠧᠩᠵᠧᠦ ᠶᠢᠨ︽7.20︾ ᠣᠨᠴᠠ ᠶᠡᠭᠡ ᠰᠢᠷᠦᠭᠦᠨ ᠪᠣᠷᠣᠭᠠᠨ ᠪᠠ ᠮᠠᠨ ᠤ ᠬᠤᠳᠠ ᠶᠢᠨ︽8.13︾  ᠰᠢᠷᠦᠭᠦᠨ ᠪᠣᠷᠣᠭᠠᠨ ᠢ ᠠᠷᠭᠠᠴᠠᠨ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠴᠢᠩᠱᠠᠨ ᠲᠣᠭᠤᠷᠢᠭ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ︿ᠬᠠᠶᠠᠭᠳᠠᠮᠠᠯ ᠦᠭᠡᠢ ᠬᠤᠲᠠ﹀ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠰᠤᠳᠤᠯᠪᠠ︔ ︽ᠴᠢᠩᠱᠠᠨ ᠲᠣᠭᠤᠷᠢᠭ ᠤᠨ 2023 ᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭᠠᠨ ᠤ ᠲᠥᠰᠥᠯ︾ ︽ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠦᠪᠵᠢᠭᠦᠯᠭᠡ︾ ︽ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠲᠤᠬᠠᠢ ᠬᠡᠷᠡᠭᠵᠢᠭᠦᠯᠬᠦ ᠲᠥᠰᠥᠯ︾᠂ ᠳ᠋ᠦᠩ ᠳ᠋ᠡ ᠱᠠᠨ ᠠᠮᠠᠷᠠᠯᠲᠠ ᠶᠢᠨ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠠᠵᠢᠯᠲᠠᠨ ᠤ ᠰᠢᠯᠢᠳᠡᠭ ᠢ ᠰᠢᠯᠭᠠᠷᠠᠭᠤᠯᠤᠨ ᠣᠯᠭᠤᠮᠵᠢ ᠶᠢ ᠪᠡᠶᠡᠯᠡᠭᠦᠯᠬᠦ᠂ ᠣᠷᠤᠭ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠡᠵᠡᠩᠨᠡᠯᠲᠡ ᠶᠢᠨ ᠲᠥᠰᠥᠯ ᠵᠡᠷᠭᠡ ᠬᠤᠯᠪᠣᠭᠳᠠᠯ ᠪᠦᠬᠦᠢ ᠵᠦᠢᠯᠡᠰ ᠤᠳ ᠢ ᠰᠤᠳᠤᠯᠪᠠ᠃       5 ᠰᠠᠷ᠎ᠠ ᠶᠢᠨ 25 ᠤ ᠡᠳᠦᠷ᠂ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠰᠤᠳᠤᠯᠭᠠᠨ ᠤ ᠨᠡᠶᠢᠭᠡᠮᠯᠢᠭ ᠪᠠ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠠᠮᠲᠤᠷᠠᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠰᠤᠳᠤᠯᠭᠠᠨ ᠤ ᠨᠡᠶᠢᠭᠡᠮᠯᠢᠭ ︱ ᠭᠡᠷ ᠪᠦᠯᠢ ᠰᠤᠷᠭᠠᠭᠤᠯᠢ ᠨᠡᠶᠢᠭᠡᠮ ᠤᠨ ᠬᠠᠮᠵᠢᠯᠴᠠᠨ ᠬᠥᠮᠥᠨ ᠬᠥᠮᠥᠵᠢᠭᠦᠯᠬᠦ ᠰᠤᠳᠤᠯᠭᠠᠨ ᠪᠣᠯᠣᠨ ᠦᠢᠯᠡᠳᠦᠯᠭᠡ ᠶᠢᠨ ᠰᠠᠭᠤᠷᠢᠨ ᠭᠠᠵᠠᠷ ᠤᠨ ᠬᠢᠨ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠫᠠᠶᠢᠰᠠ ᠡᠯᠭᠦᠪᠡ᠃ ᠡᠨᠡ ᠪᠣᠯ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠰᠤᠳᠤᠯᠭᠠᠨ ᠤ ᠨᠡᠶᠢᠭᠡᠮᠯᠢᠭ ᠤᠨ ᠪᠦᠬᠦ ᠤᠯᠤᠰ ᠲᠤ ᠪᠠᠶᠢᠭᠤᠯᠤᠭᠰᠠᠨ ᠠᠩᠬᠠᠳᠠᠭᠴᠢ ᠦᠢᠯᠡᠳᠦᠯᠭᠡ ᠶᠢᠨ ᠰᠠᠭᠤᠷᠢᠨ ᠪᠣᠯᠣᠨ᠎ᠠ᠂ ︽ᠭᠡᠷ ᠪᠦᠯᠢ ᠰᠤᠷᠭᠠᠭᠤᠯᠢ ᠨᠡᠶᠢᠭᠡᠮ ᠤᠨ ᠬᠠᠮᠵᠢᠯᠴᠠᠨ ᠬᠥᠮᠥᠨ ᠬᠥᠮᠥᠵᠢᠭᠦᠯᠬᠦ ᠬᠠᠮᠲᠤ ᠶᠢᠨ ᠴᠣᠭᠴᠠ︾ ᠶᠢ ᠪᠠᠶᠢᠭᠤᠯᠤᠨ ᠲᠡᠭᠦᠯᠳᠡᠷᠵᠢᠭᠦᠯᠵᠦ᠂ ᠴᠢᠩᠱᠠᠨ ᠲᠣᠭᠤᠷᠢᠭ ᠤᠨ ᠭᠡᠷ ᠪᠦᠯᠢ ᠰᠤᠷᠭᠠᠭᠤᠯᠢ ᠨᠡᠶᠢᠭᠡᠮ ᠤᠨ ᠬᠠᠮᠵᠢᠯᠴᠠᠨ ᠬᠥᠭᠵᠢᠬᠦ ᠶᠢ ᠬᠥᠲᠥᠯᠥᠨ ᠵᠢᠯᠤᠭᠤᠳᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号