ᠭᠤᠷᠪᠠᠨ ᠶᠡᠭᠡ ᠵᠢᠭᠰᠠᠭᠠᠯ ᠤᠨ ᠭᠠᠵᠠᠷ᠂ ᠭᠤᠷᠪᠠᠨ ᠶᠡᠭᠡ ᠲᠥᠷᠥᠯ ᠲᠡᠮᠳᠡᠭ ᠢ ᠡᠭᠦᠳᠥᠨ ᠬᠦᠴᠦ ᠪᠠᠨ ᠲᠥᠪᠯᠡᠷᠡᠬᠦᠯᠵᠣ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠣᠯᠳᠠ ᠶᠢᠨ ᠠᠵᠢᠯ ᠢ ᠠᠬᠢᠭᠤᠯᠪᠠ
ᠨᠡᠶᠢᠲᠡᠯᠡᠭᠰᠡᠨ ᠴᠠᠭ᠄
2023/11/30
      ᠤᠢᠢᠷ᠎ᠠ ᠶᠢᠨ ᠵᠢᠯ ᠠᠴᠠ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠬᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠶᠢ ᠦᠨᠳᠦᠰᠦᠨ ᠱᠠᠲᠤᠨ ᠤ ᠵᠠᠰᠠᠯᠲᠠ ᠶᠢᠨ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠬᠦ ᠬᠦᠴᠦᠨ ᠪᠣᠯᠭᠠᠵᠤ᠂ ᠭᠤᠷᠪᠠᠨ ᠶᠡᠭᠡ ᠵᠢᠭᠰᠠᠭᠠᠯ ᠤᠨ ᠭᠠᠵᠠᠷ᠂ ᠭᠤᠷᠪᠠᠨ ᠶᠡᠭᠡ ᠲᠦᠷᠦᠯ ᠲᠡᠮᠳᠡᠭ ᠢ ᠡᠭᠦᠳᠥᠨ ᠭᠥᠴᠣ ᠪᠠᠨ ᠲᠥᠪᠯᠡᠷᠡᠭᠦᠯᠬᠦ ᠪᠠᠷ ᠳᠠᠮᠵᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠣᠯᠳᠠ ᠶᠢᠨ ᠠᠵᠢᠯ ᠪᠣᠯᠤᠨ ᠨᠡᠶᠢᠭᠡᠮ ᠤᠨ ᠵᠠᠰᠠᠯᠲᠠ ᠶᠢᠨ ᠬᠠᠷᠢᠯᠴᠠᠨ ᠠᠭᠤᠰᠤᠯᠴᠠᠨ ᠬᠠᠷᠢᠯᠴᠠᠨ ᠠᠬᠢᠭᠤᠯᠬᠤ ᠶᠢ ᠠᠬᠢᠭᠤᠯᠪᠠ᠃      ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠬᠢᠨ ︽ᠬᠤᠰᠢᠭᠤᠴᠢ ᠣᠷᠣᠨ ᠪᠦᠰᠡ ᠶᠢᠨ ᠦᠨᠳᠦᠰᠦᠲᠡᠨ ᠤ ᠬᠡᠷᠡᠭ ᠶᠠᠪᠤᠳᠠᠯ ᠤᠨ ᠦᠢᠯᠡᠴᠢᠯᠡᠭᠡᠨ ᠤ ᠲᠥᠪ︾ ᠪᠣᠯᠤᠨ ︽ᠴᠢᠩᠱᠠᠨ ᠲᠣᠭᠤᠷᠢᠭ ᠤᠨ ᠦᠨᠳᠦᠰᠦᠲᠡᠨ ᠤ ᠠᠵᠢᠯ ᠤᠨ ᠦᠢᠯᠡᠴᠢᠯᠡᠭᠡᠨ ᠤ ᠲᠥᠪ︾᠎ ᠢ ᠠᠰᠢᠭᠯᠠᠵᠤ᠂ ᠡᠯ᠎ᠡ ᠦᠨᠳᠦᠰᠦᠲᠡᠨ ᠤ ᠤᠯᠠᠨ ᠲᠦᠮᠡᠨ ᠤ ᠢᠷᠭᠡᠨ ᠤ ᠬᠡᠷᠡᠭ ᠤᠨ ᠬᠤᠯᠪᠣᠭᠠᠲᠤ ᠵᠥᠪᠳᠡᠯᠴᠡᠬᠦ᠂ ᠵᠥᠷᠢᠴᠡᠯ ᠢ ᠬᠤᠯᠪᠣᠭᠠᠯᠠᠨ ᠲᠤᠬᠢᠷᠠᠭᠤᠯᠬᠤ᠂ ᠮᠡᠳᠡᠭᠡ ᠵᠠᠩᠭᠢ ᠶᠢ ᠬᠤᠯᠪᠣᠭᠠᠯᠠᠨ ᠡᠳ᠋ᠯᠡᠬᠦ᠂ ᠠᠶᠤᠯ ᠲᠦᠭᠰᠢᠭᠦᠷᠢ ᠶᠢ ᠬᠤᠯᠪᠣᠭᠠᠯᠠᠨ ᠲᠤᠰᠠᠯᠠᠬᠤ᠂ ᠠᠵᠢᠯ ᠣᠯᠭᠤᠯᠲᠠ ᠶᠢ ᠬᠤᠯᠪᠣᠭᠠᠯᠠᠨ ᠡᠭᠦᠳᠬᠦ᠂ ᠠᠵᠢᠯᠯᠠᠭ᠎ᠠ ᠶᠢᠨ ᠨᠥᠬᠦᠷᠯᠡᠯ᠂ ᠲᠠᠪᠤᠨ ᠨᠡᠶᠢᠭᠡᠮ ᠬᠤᠯᠪᠣᠭᠠᠯᠠᠨ ᠬᠥᠳᠡᠯᠦᠯᠴᠡᠬᠦ᠂ ᠠᠰᠠᠭᠤᠳᠠᠯ ᠢ ᠬᠤᠯᠪᠣᠭᠠᠯᠠᠨ ᠰᠢᠢᠳᠪᠦᠷᠢᠯᠡᠬᠦ᠂ ᠰᠠᠶᠢᠨ ᠳᠤᠷ᠎ᠠ ᠶᠢᠨ ᠬᠤᠯᠪᠣᠭ᠎ᠠ ᠵᠡᠷᠭᠡ ︽ᠠᠷᠪᠠ ᠶᠢ ᠨᠢᠭᠡ ᠴᠤᠬᠴᠠᠵᠢᠭᠤᠯᠤᠭᠰᠠᠨ︾ ᠦᠨᠳᠦᠰᠦᠲᠡᠨ ᠤ ᠬᠡᠷᠡᠭ ᠶᠠᠪᠤᠳᠠᠯ ᠤᠨ ᠬᠤᠯᠪᠣᠭᠠᠯᠠᠨ ᠬᠥᠳᠡᠯᠦᠯᠴᠡᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠤᠨᠴᠠᠯᠢᠬᠳᠤ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠢ ᠪᠠᠳᠠᠷᠠᠭᠤᠯᠵᠤ᠂ ᠲᠠᠪᠴᠠᠩ ᠳᠤ ᠲᠦᠰᠢᠭᠯᠡᠨ ᠪᠥᠵᠢᠭ᠂ ᠭᠡᠷᠡᠯ ᠵᠢᠷᠤᠭ᠂ ᠤᠷᠠᠨ ᠪᠢᠴᠢᠯᠭᠡ᠂ ᠲᠦᠷᠢ ᠲᠦᠷᠬᠦ ᠶᠤᠭ᠎ᠠ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠨᠡᠶᠢᠳᠡ 500 ᠭᠠᠷᠤᠢ ᠤᠳᠠᠭ᠎ᠠ ᠥᠷᠨᠢᠭᠦᠯᠪᠡ᠃      ᠤᠬᠠᠭᠤᠯᠭ᠎ᠠ ᠬᠥᠮᠦᠵᠢᠯ ᠤᠨ ᠵᠢᠭᠰᠠᠭᠠᠯ ᠤᠨ ᠭᠠᠵᠠᠷ ᠢ ᠴᠢᠩᠭᠠᠳᠬᠠᠵᠤ᠂ ᠴᠧᠨ ᠸᠧᠨ ᠰᠢᠤᠸᠠᠢ ᠶᠢᠨ ᠠᠵᠢᠯᠯᠠᠬᠤ ᠲᠠᠰᠤᠭ᠂ ᠴᠡᠷᠢᠭ ᠤᠨ ᠠᠵᠢᠯᠴᠢᠨ ᠤ ᠪᠢᠴᠢᠯ ᠦᠵᠡᠭᠦᠯᠦᠯᠭᠡ ᠶᠢᠨ ᠲᠢᠩᠬᠢᠮ ᠵᠡᠷᠭᠡ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠢ ᠭᠦᠢᠴᠡᠳ ᠠᠰᠢᠭᠯᠠᠨ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠶᠡᠭᠡ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 60 ᠭᠠᠷᠤᠶ ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠠᠰᠢᠭ ᠭᠥᠷᠳᠡᠭᠰᠡᠨ ᠣᠯᠠᠨ ᠲᠦᠮᠡᠨ 5200 ᠭᠠᠷᠤᠶ ᠬᠥᠮᠦᠨ ᠤᠳᠠᠭ᠎ᠠ ᠳᠤ ᠬᠦᠷᠪᠡ︔ ᠡᠭᠦᠨ ᠤ ᠬᠠᠮᠲᠤ ᠰᠠᠭᠤᠭᠠᠯᠢ ᠠᠷᠠᠳ ᠤᠨ ᠸᠢᠴᠠᠲ ᠤᠨ ᠬᠤᠯᠪᠤᠭ᠎ᠠ᠂ ︽ᠣᠯᠡᠨ ᠲᠥᠮᠡᠨ ᠳᠤ ᠥᠢᠯᠡᠴᠢᠯᠡᠬᠦ ᠬᠤᠰᠢᠭᠤᠴᠢ︾ ᠨᠡᠶᠢᠲᠡ ᠶᠢᠨ ᠳ᠋ᠤᠭᠠᠷ ᠢ ᠠᠰᠢᠭᠯᠠᠨ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ 150 ᠭᠠᠷᠤᠶ ᠵᠤᠷᠪᠤᠰ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠦᠷᠭᠡᠵᠦ᠂ ᠡᠭᠦᠳᠦᠨ ᠪᠠᠶᠢᠭᠤᠯᠣᠯᠳᠠ ᠶᠢᠨ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠪᠠ᠃      ᠡᠨᠡ ᠵᠢᠯ ᠠᠴᠠ ᠨᠠᠰᠢ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠬᠢᠨ ᠬᠦᠴᠦ ᠪᠠᠨ ᠲᠥᠪᠯᠡᠷᠡᠭᠦᠯᠦᠨ ᠬᠠᠯᠠᠭᠤᠨ ᠳᠤᠯᠠᠭᠠᠨ ︽ᠬᠥᠷᠰᠢ ᠵᠡᠷᠭᠡᠯᠡᠳᠡᠭᠡ ᠶᠢᠨ ᠰᠣᠶᠣᠯ︾᠎ ᠤᠨ ᠵᠢᠭᠰᠠᠭᠠᠯ ᠤᠨ ᠭᠠᠵᠠᠷ ᠢ ᠪᠠᠶᠢᠭᠤᠯᠵᠤ᠂ ︽ᠡᠶᠡᠯᠳᠡᠭ ᠬᠥᠷᠰᠢ ᠶᠢᠨ ᠪᠠᠶᠠᠷ︾᠎ ᠤᠨ ᠨᠠᠷᠠᠲᠤ ᠲᠡᠮᠳᠡᠭ ᠤᠨ ᠠᠵᠢᠯᠯᠠᠭ᠎ᠠ ᠶᠢ ᠰᠢᠨ᠎ᠡ ᠶᠢ ᠡᠭᠦᠳᠦᠨ ᠬᠡᠷᠡᠭᠵᠢᠭᠦᠯᠪᠡ᠃ ᠦᠨᠳᠦᠰᠦᠨ ᠱᠠᠲᠤᠨ ᠤ ᠵᠠᠰᠠᠯᠲᠠ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠪᠡᠯᠡ ᠮᠥᠩᠭᠦ ᠪᠠᠷ ᠰᠤᠷᠤᠯᠭ᠎ᠠ ᠶᠢ ᠲᠡᠳᠬᠦᠬᠦ ᠵᠡᠷᠭᠡ ᠭᠤᠣᠯ ᠰᠡᠳᠦᠪ ᠤᠨ ᠲᠣᠭᠤᠷᠢᠨ ᠳᠤ᠂ ᠬᠥᠷᠰᠢ ᠵᠡᠷᠭᠡᠯᠡᠳᠡᠭᠡ ᠶᠢᠨ ᠠᠵᠢᠯᠯᠠᠭ᠎ᠠ ᠳᠤ ᠠᠰᠢᠭ ᠬᠦᠷᠲᠡᠭᠡᠬᠦ᠂ ᠮᠠᠰᠢᠨ ᠲᠡᠷᠭᠡᠨ ᠤ ᠠᠷᠣ ᠪᠡᠯᠡᠳᠭᠡᠯ ᠬᠠᠶᠢᠷᠴᠠᠭ ᠤᠨ ᠴᠤᠭᠯᠠᠭ᠎ᠠ ᠮᠠᠶᠢᠮᠠᠢ᠂ ᠬᠥᠳᠡᠯᠭᠡᠭᠡᠨ ᠤ ᠵᠠᠬ᠎ᠠ ᠳᠡᠯᠭᠡᠭᠦᠷ ᠤᠨ ᠴᠤᠭᠯᠠᠭᠠᠨ᠂ ︽ᠡᠶᠡᠯᠳᠡᠭ ᠬᠥᠷᠰᠢ ᠶᠢᠨ ᠨᠥᠭᠦᠷᠯᠡᠯ ᠤᠨ ᠳᠠᠭᠤᠨ︾᠎ ᠤ ᠬᠥᠷᠰᠢ ᠵᠡᠷᠭᠡᠯᠡᠳᠡᠭᠡ ᠶᠢᠨ ᠰᠣᠶᠣᠯ ᠤᠨ ᠨᠠᠶᠢᠷ᠂ ︽ᠤᠯᠠᠭᠠᠨ ᠪᠢᠴᠢᠭ ᠤᠨ ᠪᠣᠭᠴᠣ︾᠎ ᠶᠢᠨ ᠵᠣᠭᠤᠰ ᠮᠥᠩᠭᠦ ᠪᠠᠷ ᠰᠤᠷᠤᠯᠭ᠎ᠠ ᠶᠢ ᠲᠡᠳᠬᠦᠬᠦ ᠵᠡᠷᠭᠡ ᠠᠵᠢᠯᠯᠠᠭ᠎ᠠ ᠶᠢ 6 ᠬᠤᠭᠤᠴᠠᠭ᠎ᠠ ᠥᠷᠨᠢᠭᠦᠯᠵᠦ᠂ 600 ᠭᠠᠷᠤᠢ ᠬᠤᠳᠠᠯᠳᠤᠭᠠᠴᠢᠨ ᠡᠷᠦᠬᠡ᠂ 2 ᠲᠦᠮᠡ ᠭᠠᠷᠤᠢ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠠᠰᠢᠭ ᠬᠦᠷᠲᠡᠭᠡᠪᠡ᠃ 1200 ᠭᠠᠷᠤᠶ ᠬᠥᠮᠦᠨ ︽ᠤᠯᠠᠭᠠᠨ ᠠᠨᠠᠷ︾᠎ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠣᠷᠣᠯᠴᠠᠵᠤ᠂ ᠨᠡᠶᠢᠲᠡ 1070 ᠬᠦᠴᠢᠷᠳᠡᠯᠲᠡᠶ ᠣᠯᠠᠨ ᠲᠦᠮᠡᠨ ᠢ ᠰᠤᠷᠪᠤᠯᠵᠢᠯᠠᠵᠤ᠂ ᠡᠯ᠎ᠡ ᠲᠥᠷᠥᠯ ᠤᠨ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ 580 ᠭᠠᠷᠤᠶ ᠤᠳᠠᠭ᠎ᠠ ᠬᠠᠩᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠪᠦᠲᠦᠮᠵᠢᠲᠡᠶ ᠠᠬᠢᠭᠤᠯᠪᠠ᠃     ᠨᠢᠭᠡ ᠪᠦᠯᠦᠭ ᠬᠤᠰᠢᠭᠤᠴᠢ ᠣᠨᠴᠠᠯᠢᠭ ᠲᠠᠢ ᠠᠷᠠᠳ ᠤᠨ ᠰᠠᠨᠠᠭ᠎ᠠ ᠶᠢ ᠰᠠᠭᠠᠳ ᠦᠭᠡᠢ ᠨᠡᠪᠲᠡᠷᠡᠭᠦᠯᠬᠦ ︽ᠬᠡᠷᠡᠭ ᠵᠥᠪᠯᠡᠬᠦ ᠨᠠᠷᠠᠲᠤ ᠲᠡᠮᠳᠡᠭᠲᠦ︾᠎ ᠶᠢ ᠡᠭᠦᠳᠥᠨ ᠪᠠᠶᠢᠭᠤᠯᠵᠣ᠂ ︽ᠰᠠᠨᠠᠯ ᠬᠤᠷᠢᠶᠠᠬᠤ ᠶᠡᠭᠡ ᠬᠤᠷᠠᠯ︾᠂ ︽ᠵᠢᠵᠢᠭ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︾᠂ ︽ᠲᠦᠮᠡᠨ ᠵᠢᠵᠢᠭ ᠬᠦᠷᠢᠶ᠎ᠡ︾ ᠵᠡᠷᠭᠡ ᠶᠢ ᠭᠦᠢᠴᠡᠳ ᠠᠰᠢᠭᠯᠠᠨ ᠬᠠᠤᠯᠢ ᠲᠣᠭᠲᠠᠭᠠᠯ ᠶᠣᠰᠣᠭᠠᠷ ᠡᠯᠪᠡᠭ ᠪᠠᠶᠠᠯᠢᠭ ᠣᠯᠠᠨ ᠶᠠᠩᠵᠤ ᠶᠢᠨ ᠠᠷᠠᠳᠴᠢᠯᠠᠯ ᠢᠶᠠᠷ ᠵᠥᠪᠯᠡᠬᠦ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠤᠨ ᠶᠠᠷᠢᠯᠴᠠᠬᠤ ᠬᠤᠷᠠᠯ ᠢ ᠨᠡᠶᠢᠲᠡ 56 ᠤᠳᠠᠭ᠎ᠠ ᠬᠤᠷᠠᠯᠳᠤᠭᠤᠯᠵᠤ᠂ ᠵᠠᠯᠭᠠᠭᠠᠳ ᠭᠥᠳᠡᠯᠮᠣᠷᠢ ᠵᠠᠮ ᠤᠨ 5 #᠎ ᠤᠨ ᠰᠢᠭᠤᠳ ᠤᠤᠭᠤᠬᠤ ᠤᠰᠤ ᠶᠢ ᠥᠭᠡᠷᠡᠴᠢᠯᠡᠬᠦ᠂ ᠬᠠᠭᠤᠴᠢᠨ ᠰᠠᠭᠤᠭᠠᠯᠢ ᠲᠣᠭᠤᠷᠢᠭ ᠤᠨ ᠭᠠᠳᠠᠷ ᠬᠡᠷᠡᠮ ᠤᠨ ᠳᠤᠯᠠᠭᠠᠨ ᠢ ᠪᠠᠲᠤᠯᠠᠬᠤ᠂ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢ ᠬᠠᠭᠠᠵᠤ ᠵᠣᠭᠰᠣᠭᠠᠬᠤ᠂ ᠣᠯᠠᠨ ᠨᠡᠶᠢᠲᠡ ᠶᠢᠨ ᠬᠤᠪᠴᠠᠰᠤ ᠬᠠᠳᠠᠭᠠᠬᠤ ᠳᠡᠭᠡᠰᠦ ᠤᠭᠰᠠᠷᠠᠬᠤ ᠵᠡᠷᠭᠡ 18 ᠥᠭᠡᠷᠡᠴᠢᠯᠠᠯᠳᠠ ᠲᠥᠷᠥᠯ ᠵᠦᠢᠯ ᠢ ᠦᠨᠡᠨᠬᠦ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠠᠴᠢᠮ ᠪᠡᠷᠬᠡ ᠵᠣᠪᠠᠨᠢᠯ ᠢ ᠦᠨᠡᠨᠬᠦ ᠰᠢᠢᠳᠪᠦᠷᠢᠯᠡᠪᠠ᠃      ᠨᠠᠰᠤᠲᠠᠨ ᠭᠡᠣᠭᠡᠳ ᠢ ᠬᠠᠶᠢᠷᠠᠯᠠᠨ ᠬᠠᠯᠠᠮᠵᠢᠯᠠᠬᠤ ︽ᠠᠷᠠᠳ ᠤᠨ ᠠᠮᠢᠳᠤᠷᠠᠯ ᠤᠨ ᠨᠠᠷᠠᠲᠤ ᠲᠡᠮᠳᠡᠭ︾᠎ ᠢ ᠡᠭᠦᠳᠥᠨ ᠪᠠᠶᠢᠭᠤᠯᠵᠣ᠂ ᠳᠥᠷᠪᠡᠨ ᠨᠡᠶᠢᠭᠡᠮ ᠲᠣᠭᠤᠷᠢᠭ ︽ᠥᠳᠡᠭᠦᠰ ᠪᠠᠭᠠᠴᠤᠳ ᠤᠨ ᠴᠡᠩᠭᠡᠯ ᠤᠨ ᠬᠦᠷᠢᠶᠡᠯᠡᠩ︾᠎ ᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ ᠬᠠᠷᠢᠶ᠎ᠠ ᠣᠷᠣᠨ ᠤ ᠨᠥᠬᠦᠴᠡᠯ ᠳᠤ ᠨᠡᠶᠢᠴᠡᠬᠦ ᠦᠨᠳᠦᠰᠦᠲᠡᠨ ᠨᠦᠭᠦᠳ ᠤᠨ ᠬᠦᠴᠢᠷᠳᠡᠯᠲᠡᠶ ᠨᠠᠰᠤᠲᠠᠶᠢᠴᠤᠳ ᠲᠤ ︽ᠬᠠᠶᠢᠷ᠎ᠠ ᠬᠠᠯᠠᠮᠵᠢ ᠶᠢᠨ ᠭᠤᠤᠯ ᠢᠳᠡᠭᠡᠨ︾᠎ ᠤ ᠲᠡᠮᠳᠡᠭᠲᠦ ᠢ 3.3 ᠲᠦᠮᠡᠨ ᠲᠥᠭᠦᠷᠢᠭ ᠤᠨ 1.1 ᠲᠦᠮᠡᠨ ᠬᠠᠭᠤᠳᠠᠰᠤ ᠲᠠᠷᠬᠠᠭᠠᠪᠠ᠃ ︽ᠤᠯᠠᠭᠠᠨ ᠠᠨᠠᠷ︾᠎ ᠎ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠤᠨ ᠬᠤᠭᠤᠯᠠ ᠬᠦᠷᠭᠡᠬᠦ᠂ ᠡᠮᠴᠢᠯᠡᠭᠡ ᠡᠷᠡᠭᠦᠯᠵᠢᠯ᠂ ᠭᠡᠷ ᠤᠨ ᠶᠠᠪᠤᠳᠠᠯ ᠢ ᠰᠡᠯᠪᠢᠨ ᠵᠠᠰᠠᠬᠤ᠂ ᠤᠬᠠᠭᠤᠯᠭ᠎ᠠ ᠬᠥᠮᠦᠵᠢᠯ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠶᠢ 26 ᠤᠳᠠᠭ᠎ᠠ ᠥᠷᠨᠢᠭᠦᠯᠪᠡ᠃ ︽ᠪᠦᠬᠦ ᠤᠯᠤᠰ ᠤᠨ ᠰᠢᠯᠢᠳᠡᠭ ᠬᠡᠦᠬᠡᠳ ᠤᠨ ᠭᠡᠷ︾ - ᠴᠧᠨ ᠸᠧᠨ ᠰᠢᠤᠸᠠᠢ ᠶᠢᠨ ᠠᠵᠢᠯᠯᠠᠬᠤ ᠲᠠᠰᠤᠭ ᠢ ᠠᠰᠢᠭᠯᠠᠵᠣ ᠡᠯ᠎ᠡ ᠦᠨᠳᠦᠰᠦᠲᠡᠨ ᠤ ᠨᠠᠰᠤᠨ ᠳᠤ ᠦᠯᠦ ᠬᠦᠷᠦᠭᠰᠡᠳ ᠢ ᠬᠠᠯᠠᠮᠵᠢᠯᠠᠨ ᠬᠠᠢᠷᠠᠯᠠᠬᠤ ᠠᠵᠢᠯᠯᠠᠭ᠎ᠠ ᠶᠢ 45 ᠤᠳᠠᠭ᠎ᠠ ᠥᠷᠨᠢᠭᠦᠯᠪᠡ᠃      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦ ᠲᠠᠯ᠎ᠠ ᠪᠠᠷ ᠡᠮᠬᠢᠯᠡᠵᠦ᠂ ᠥᠨᠳᠥᠷ ᠪᠦᠲᠦᠮᠵᠢᠲᠡᠶ ᠳᠥᠭᠦᠮ ᠳᠥᠲᠡ ᠵᠠᠰᠠᠭ ᠤᠨ ᠶᠠᠪᠤᠳᠠᠯ ᠤᠨ ︽ᠦᠢᠯᠡᠴᠢᠯᠡᠭᠡᠨ ᠤ ᠨᠠᠷᠠᠲᠤ ᠲᠡᠮᠳᠡᠭ︾᠎ ᠢ ᠡᠭᠦᠳᠥᠨ ᠪᠠᠶᠢᠭᠤᠯᠪᠠ᠃ ᠬᠠᠳᠠ ᠨᠡᠶᠢᠭᠡᠮ ᠲᠣᠭᠤᠷᠢᠭ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠳᠤ ᠨᠠᠮ ᠤᠨ ᠶᠠᠪᠤᠳᠠᠯ᠂ ᠰᠤᠷᠭᠠᠨ ᠬᠥᠮᠦᠵᠢᠯ᠂ ᠠᠳᠠᠯ ᠦᠢᠯᠡᠰ ᠴᠣᠭᠴᠠᠯᠠᠬᠤ᠂ ᠠᠰᠠᠭᠤᠨ ᠯᠠᠪᠯᠠᠬᠤ᠂ ᠰᠣᠶᠣᠯ ᠵᠡᠷᠭᠡ 63 ᠵᠦᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠰᠢᠯᠢᠨ ᠰᠣᠩᠭᠤᠵᠤ᠂ ︽24 ᠴᠠᠭ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ︾᠎ ᠶᠢ ᠪᠠᠶᠢᠭᠤᠯᠵᠤ᠂ ︽ᠨᠢᠭᠡ ᠴᠣᠩᠬᠤᠪᠴᠢ ᠪᠠᠷ ᠭᠦᠢᠴᠡᠳᠬᠡᠬᠦ᠂ ᠨᠢᠭᠡ ᠰᠦᠯᠵᠢᠶ᠎ᠡ ᠪᠠᠷ ᠭᠦᠢᠴᠡᠳᠬᠡᠬᠦ᠂ ᠨᠢᠭᠡ ᠤᠳᠠᠭ᠎ᠠ ᠳᠤ ᠭᠦᠢᠴᠡᠳᠬᠡᠬᠦ᠂ ᠨᠢᠭᠡ ᠥᠷᠲᠡᠭᠡ ᠪᠠᠷ ᠭᠦᠢᠴᠡᠳᠬᠡᠬᠦ︾᠎ ᠶᠢ ᠪᠡᠶᠡᠯᠡᠭᠦᠯᠪᠡ᠃ ᠡᠭᠦᠨ ᠤ ᠬᠠᠮᠲᠤ᠂ ᠨᠡᠶᠢᠭᠡᠮ ᠲᠣᠭᠤᠷᠢᠭ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠪᠠ ᠬᠤᠳᠠᠯᠳᠤᠭᠠᠨ ᠤ ᠡᠷᠦᠬᠡ ᠳᠤ ᠴᠢᠭᠯᠡᠭᠦᠯᠦᠨ ᠤᠯᠠᠭᠠᠨ᠂ ᠬᠥᠬᠡ ᠦᠢᠯᠡᠴᠢᠯᠡᠭᠡᠨ ᠤ ᠭᠠᠷ ᠳᠡᠪᠲᠡᠷ ᠭᠠᠷᠭᠠᠵᠤ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ᠂ ᠳᠡᠯᠭᠡᠭᠦᠷ ᠤᠨ ᠮᠡᠳᠡᠭᠡ ᠵᠠᠩᠭᠢ᠂ ᠬᠠᠷᠠᠭᠠᠯᠵᠠᠯ ᠦᠵᠡᠭᠦᠯᠦᠨ ᠤᠷᠢᠬᠤ ᠮᠡᠳᠡᠭᠡ ᠵᠠᠩᠭᠢ ᠵᠡᠷᠭᠡ ᠣᠯᠠᠨ ᠵᠦᠢᠯ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠭᠤᠯᠭ᠎ᠠ ᠶᠢ ᠪᠠᠭᠲᠠᠭᠠᠵᠤ᠂ ᠨᠡᠶᠢᠭᠡᠮ ᠲᠣᠭᠤᠷᠢᠭ ᠤᠨ ᠠᠵᠢᠯ ᠤᠨ ᠦᠢᠯᠡᠴᠢᠯᠡᠭᠡᠨ ᠤ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号