︽ᠭᠤᠷᠪᠠ ᠶᠢ ᠳᠣᠪᠤᠶᠢᠯᠭᠠᠬᠤ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠰᠡᠳᠬᠢᠯ ᠤᠨ ᠬᠤᠯᠪᠣᠭᠠᠨ ᠤ ᠭᠦᠭᠦᠷᠭᠡ︾᠎ ᠶᠢ ᠪᠠᠶᠢᠭᠤᠯᠪᠠ
ᠨᠡᠶᠢᠲᠡᠯᠡᠭᠰᠡᠨ ᠴᠠᠭ᠄
2023/11/30
      ᠡᠨᠡ ᠵᠢᠯ ᠤᠨ ᠲᠤᠷᠰᠢ᠂ ᠴᠢᠩᠱᠠᠨ ᠲᠣᠭᠤᠷᠢᠭ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠪᠠᠷ ᠭᠤᠣᠯ ᠰᠢᠵᠢᠮ ᠪᠣᠯᠭᠠᠬᠤ ᠶᠢ ᠢᠮᠠᠭᠲᠠ ᠪᠠᠷᠢᠮᠲᠠᠯᠠᠵᠤ᠂ ᠦᠨᠳᠦᠰᠦᠲᠡᠨ ᠤ ᠠᠵᠢᠯ ᠤᠨ ᠠᠭᠤᠯᠤᠭᠳᠠᠬᠤᠨ ᠪᠠ ᠠᠭᠤᠯᠬᠤᠨ ᠢᠶᠠᠨ ᠲᠠᠰᠤᠷᠠᠯᠲᠠ ᠦᠭᠡᠢ ᠥᠷᠭᠡᠳᠬᠡᠵᠦ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠴᠢᠩᠱᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃      ᠤᠯᠤᠰ ᠲᠥᠷᠥ ᠶᠢᠨ ᠬᠥᠲᠥᠯᠦᠨ ᠵᠢᠯᠣᠭᠤᠳᠬᠤ ᠶᠢ ᠳᠣᠪᠤᠶᠢᠯᠭᠠᠵᠤ᠂ ︽ᠵᠣᠬᠢᠶᠠᠨ ᠪᠠᠶᠢᠭᠤᠯᠤᠯᠲᠠ ᠶᠢ ᠴᠢᠩᠭᠠᠳᠬᠠᠬᠤ︾᠎ ᠪᠠᠷ ᠴᠢᠭᠯᠡᠯ ᠢᠶᠠᠨ ᠲᠣᠳᠣᠷᠬᠠᠶᠢᠯᠠᠪᠠ᠃      ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠵᠤ᠂ ᠦᠵᠡᠯ ᠰᠠᠨᠠᠭᠠᠨ ᠤ ᠬᠥᠲᠥᠯᠦᠨ ᠵᠢᠯᠣᠭᠤᠳᠬᠤ ᠶᠢ ᠴᠢᠩᠭᠠᠳᠬᠠᠪᠠ᠃ ᠨᠠᠮ ᠤᠨ ᠪᠠᠶᠢᠭᠤᠯᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ᠂ ᠣᠯᠠᠨ ᠲᠦᠮᠡᠨ ᠢ ︽ᠨᠢᠭᠡ ᠰᠦᠯᠵᠢᠶ᠎ᠡ︾ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠨᠠᠮ ᠤᠨ ᠪᠠᠶᠢᠭᠤᠯᠤᠯᠲᠠ ᠶᠢᠨ ᠬᠦᠴᠦᠨ ᠨᠡᠮᠡᠷᠢᠯᠡᠪᠡ᠃ ᠦᠨᠳᠦᠰᠦᠲᠡᠨ ᠤ ᠠᠵᠢᠯ ᠤᠨ ᠲᠤᠰᠬᠠᠢ ᠰᠡᠳᠦᠪᠲᠦ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠨᠠᠮ ᠤᠨ ᠪᠠᠶᠢᠭᠤᠯᠤᠯᠲᠠ ᠪᠣᠯᠤᠨ ᠦᠨᠳᠦᠰᠦᠲᠡᠨ ᠤ ᠪᠦᠯᠬᠦᠮᠳᠡᠯ ᠤᠨ ᠠᠵᠢᠯ ᠢ ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠶᠢᠨ ᠦᠨᠳᠦᠰᠦᠲᠡᠨ ᠤ ᠪᠦᠯᠬᠦᠮᠳᠡᠯ ᠤᠨ ᠳᠤᠮᠳᠠᠬᠢ ᠬᠥᠲᠥᠯᠦᠨ ᠵᠢᠯᠣᠭᠤᠳᠬᠤ ᠦᠢᠯᠡᠳᠦᠯ ᠢ ᠲᠤᠪᠤᠶᠢᠯᠭᠠᠪᠠ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠶ ᠰᠤᠷᠤᠯᠴᠠᠨ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠬᠦᠴᠦᠯᠡᠨ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭᠠᠨ ᠤ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠠ᠃      ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠳᠣᠪᠤᠶᠢᠯᠭᠠᠵᠤ᠂ ︽ᠨᠠᠷᠠᠲᠤ ᠲᠡᠮᠳᠡᠭᠵᠢᠭᠦᠯᠬᠦ︾᠎ ᠪᠠᠷ ᠠᠵᠢᠯ ᠤᠨ ᠪᠥᠳᠥᠮᠵᠢ ᠪᠠᠨ ᠲᠡᠭᠡᠭᠰᠢᠯᠡᠬᠦᠯᠪᠡ᠃      ᠲᠤᠭᠤᠷᠢᠭ ᠤᠨ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠳᠤᠭᠤᠶᠢᠯᠠᠩ ᠤᠨ ︽ᠬᠤᠤᠰ ᠳᠤᠭᠤᠶᠢᠯᠠᠩ ᠤᠨ ᠳᠠᠷᠤᠭ᠎ᠠ︾᠎ ᠶᠢᠨ ᠲᠤᠰᠢᠶᠠᠯ ᠢ ᠡᠭᠦᠷᠭᠡᠯᠡᠵᠦ᠂ ᠴᠢᠩᠱᠠᠨ ᠲᠣᠭᠤᠷᠢᠭ ᠤᠨ ︽ᠨᠠᠢᠮᠠ ᠳᠤ ᠣᠷᠣᠭᠤᠯᠬᠤ︾ ᠠᠵᠢᠯ ᠢ ᠠᠬᠢᠭᠤᠯᠬᠤ ᠳᠤᠭᠤᠶᠢᠯᠠᠩ ᠪᠠᠶᠢᠭᠤᠯᠵᠤ᠂ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠯ᠎ᠡ ᠭᠥᠷᠢᠶ᠎ᠡ ᠴᠠᠷᠠᠭᠠᠨ ᠤ ᠡᠭᠦᠳᠦᠨ ᠪᠠᠶᠢᠭᠤᠯᠬᠤ ᠠᠵᠢᠯ ᠢ ᠥᠨᠳᠥᠷ ᠪᠠᠶᠢᠷᠢᠨ ᠳᠤ ᠲᠠᠯᠪᠢᠨ ᠠᠬᠢᠭᠤᠯᠪᠠ᠃ ᠵᠢᠯ ᠤᠨ ᠡᠬᠢᠨ ᠳᠤ ︽ᠴᠢᠩᠱᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠤ ᠳᠦᠷᠢᠮ ᠤᠨ ᠠᠵᠢᠯ ᠤᠨ ᠲᠥᠯᠥᠪᠵᠢᠭᠦᠯᠭᠡ︾᠎ ᠶᠢ ᠲᠥᠯᠥᠪᠯᠡᠨ ᠲᠣᠭᠲᠠᠭᠠᠵᠤ᠂ ᠦᠨᠳᠦᠰᠦᠲᠡᠨ ᠤ ᠠᠵᠢᠯ ᠢ ᠦᠨᠳᠦᠰᠦ ᠪᠠᠷᠢᠮᠲᠠ ᠲᠠᠢ᠂ ᠪᠠᠶᠢᠷᠢ ᠲᠣᠭᠲᠠᠭᠠᠯᠲᠠ ᠲᠠᠢ ᠪᠣᠯᠭᠠᠵᠤ᠂ ᠨᠠᠮ ᠤᠨ ᠬᠤᠷᠢᠶ᠎ᠠ ᠪᠦᠬᠦ ᠲᠠᠯ᠎ᠠ ᠪᠠᠷ ᠨᠢᠭᠡᠳᠦᠯᠲᠡᠶ ᠤᠳᠤᠷᠢᠳᠬᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ ᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠲᠤᠷᠠᠯᠴᠠᠬᠤ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠦᠨᠳᠦᠰᠦᠲᠡᠨ ᠤ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠴᠢᠩᠱᠠᠨ ᠤ ᠬᠦᠴᠦᠨ ᠴᠢᠳᠠᠯ ᠢᠶᠠᠨ ᠡᠷᠭᠦᠪᠡ᠃      ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠳᠣᠪᠤᠶᠢᠯᠭᠠᠵᠤ᠂ ︽ᠠᠨᠠᠷ ᠤᠨ ᠦᠷ᠎ᠠ︾᠎ ᠎ ᠢᠶᠠᠷ ᠴᠢᠳᠠᠪᠬᠢ ᠪᠠᠨ ᠨᠢᠭ᠌ᠳᠡᠷᠡᠭᠤᠯᠪᠠ᠃      ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠵᠠᠭᠪᠤᠷ ᠢᠶᠠᠷ ᠳᠠᠮᠵᠢᠭᠤᠯᠤᠨ᠂ ᠨᠢᠭᠡᠳᠦᠮᠡᠯ ᠹᠷᠣᠨᠲ ᠤᠨ ᠭᠥᠳᠡᠯᠥᠩᠬᠦᠢ ᠪᠠᠶᠢᠳᠠᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠳᠤ ᠣᠷᠣᠭᠤᠯᠬᠤ︾ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠵᠡᠷᠭᠡ ᠳᠤ ᠭᠤᠤᠯᠳᠠᠯᠭ᠎ᠠ ᠲᠠᠢ ᠰᠢᠷᠢᠰ ᠲᠤᠰᠬᠠᠶ ᠰᠡᠳᠦᠪᠲᠦ ᠤᠬᠠᠭᠤᠯᠭ᠎ᠠ ᠥᠡᠨᠢᠬᠦᠯᠪᠠ︔ ᠣᠲᠣ ᠪᠣᠯᠲᠠᠯ᠎ᠠ᠂ ᠡᠯ᠎ᠡ ᠲᠣᠭᠤᠷᠢᠭ ᠤᠨ ᠬᠠᠷᠢᠶ᠎ᠠ ᠨᠢᠬᠡᠴᠢ ᠶᠢᠨ ᠤᠬᠠᠭᠤᠯᠭ᠎ᠠ ᠶᠢᠨ ᠲᠠᠪᠴᠠᠩ ᠳᠤ ᠲᠦᠰᠢᠭᠯᠡᠨ ᠨᠡᠶᠢᠲᠡ 1000 ᠭᠠᠷᠤᠶ ᠬᠠᠮᠢᠶ᠎ᠠ ᠪᠥᠬᠦᠶ ᠮᠡᠳᠡᠭᠡᠯᠡᠯ ᠪᠠ ᠠᠭᠤᠯᠭ᠎ᠠ ᠶᠢ ᠨᠡᠶᠢᠲᠡᠯᠡᠪᠡ᠃ ᠰᠦᠯᠵᠢᠶᠡᠨ ᠭᠠᠳᠠᠨ᠎ᠠ ᠢᠳᠡᠪᠬᠢᠲᠡᠢ ᠪᠠᠷ ᠲᠤᠬᠠᠶ ᠶᠢᠨ ᠭᠠᠵᠠᠷ ᠤᠨ ᠤᠬᠠᠭᠤᠯᠭ᠎ᠠ ᠬᠢᠵᠦ᠂ ᠴᠢᠩᠱᠠᠨ ᠲᠣᠭᠤᠷᠢᠭ ᠤᠨ 10 ᠵᠡᠭᠡᠯᠢ ︵ᠪᠠᠯᠭᠠᠰᠤ︶᠎ ᠳᠤ ᠨᠢᠭᠡᠳᠦᠮᠡᠯ ᠹᠷᠣᠨᠲ ᠤᠨ ᠭᠡᠰᠢᠭᠦᠨ ᠪᠠ ᠦᠨᠳᠦᠰᠦᠲᠡᠨ ᠤ ᠠᠵᠢᠯ ᠤᠨ ᠬᠤᠯᠪᠣᠭᠠᠴᠢᠨ ᠲᠣᠬᠢᠷᠠᠭᠤᠯᠵᠤ᠂ ᠬᠠᠷᠢᠶ᠎ᠠ ᠳᠠᠬᠢ 70 ᠨᠡᠶᠢᠭᠡᠮ ᠲᠣᠭᠤᠷᠢᠭ ︵ᠲᠣᠰᠬᠤᠨ︶᠎ ᠲᠤ ᠴᠥᠮ ᠦᠨᠳᠦᠰᠦᠲᠡᠨ ᠤ ᠠᠵᠢᠯ ᠤᠨ ᠲᠤᠰᠠᠯᠠᠭᠴᠢ ᠲᠣᠬᠢᠷᠠᠭᠤᠯᠵᠤ᠂ ᠴᠢᠩᠱᠠᠨ ᠲᠣᠭᠤᠷᠢᠭ ᠤᠨ ᠡᠯ᠎ᠡ ᠨᠢᠭᠡᠳᠦᠮᠡᠯ ᠹᠷᠣᠨᠲ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠬᠡᠴᠢ᠂ ᠡᠯ᠎ᠡ ᠵᠡᠭᠡᠯᠢ ᠪᠠᠯᠭᠠᠰᠤ᠂ ᠨᠡᠶᠢᠭᠡᠮ ᠲᠣᠭᠤᠷᠢᠭ ︵ᠲᠣᠰᠬᠤᠨ︶᠎ ᠲᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠣᠨᠣᠯ ᠤᠨ ᠪᠣᠯᠪᠠᠰᠤᠷᠠᠯ ᠢ 10 ᠭᠠᠷᠤᠶ ᠲᠠᠯᠠᠪᠤᠷ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠠᠵᠢᠯ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃ ᠨᠠᠮ ᠤᠨ ᠪᠠᠶᠢᠭᠤᠯᠤᠯᠲᠠ ᠶᠢ ᠬᠥᠲᠥᠯᠦᠨ ᠵᠢᠯᠣᠭᠤᠳᠬᠤ᠂ ᠰᠦᠯᠵᠢᠶ᠎ᠡ ᠶᠢᠨ ᠡᠬᠢ ᠪᠠᠶᠠᠯᠢᠭ ᠢ ᠲᠥᠪᠯᠡᠷᠡᠭᠦᠯᠬᠦ᠂ ᠰᠡᠳᠬᠢᠯ ᠨᠢᠭᠡᠳᠦᠨ ᠬᠠᠮᠲᠤ ᠪᠠᠷ ᠵᠠᠰᠠᠬᠤ ᠭᠤᠷᠪᠠ ᠶᠢ ᠤᠶᠠᠯᠳᠤᠭᠤᠯᠵᠤ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠵᠠᠰᠠᠯᠲᠠ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ︽ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ︾ ᠤᠢᠢᠯᠠᠭᠠᠭᠳᠠᠬᠤᠨ ᠢ ᠦᠨᠡᠨ ᠬᠦ ᠪᠣᠳᠠᠲᠠᠢ ᠦᠢᠯᠡᠳᠦᠯᠭᠡᠵᠢᠭᠦᠯᠵᠦ᠂ ᠴᠢᠩᠱᠠᠨ ᠲᠣᠭᠤᠷᠢᠭ ᠤᠨ ᠦᠨᠳᠦᠰᠦᠲᠡᠨ ᠤ ᠠᠵᠢᠯ ᠢ ᠨᠡᠩ ᠪᠦᠲᠦᠮᠵᠢᠲᠡᠢ ᠪᠤᠯᠭᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号