ᠬᠠᠷᠢᠯᠴᠠᠨ ᠰᠢᠬᠢᠳᠴᠣ ᠬᠠᠷᠢᠯᠴᠡᠨ ᠠᠭᠤᠰᠤᠯᠴᠠᠵᠤ ᠰᠡᠳᠬᠢᠯ ᠢᠶᠠᠨ ᠨᠢᠭᠡᠳᠬᠡᠨ ᠦᠨᠳᠦᠰᠦᠲᠡᠨ ᠤ ᠪᠦᠯᠬᠦᠮᠳᠡᠯ ᠢ ᠪᠣᠣᠬᠢᠶᠠᠯᠠᠨ ᠰᠣᠷᠣᠯᠴᠠᠵᠣ ᠪᠠᠶᠢᠭ᠎ᠠ ᠨᠢ
ᠨᠡᠶᠢᠲᠡᠯᠡᠭᠰᠡᠨ ᠴᠠᠭ᠄
2023/11/7
      ᠦᠨᠳᠦᠰᠦᠲᠡᠨ ᠤ ᠪᠦᠯᠬᠦᠮᠳᠡᠯ ᠳᠠᠪᠰᠢᠯᠲᠠ ᠎ ᠶᠢᠨ ᠡᠭᠦᠳᠦᠨ  ᠪᠠᠶᠢᠭᠤᠯᠣᠯᠳᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠲᠡᠨ ᠨᠦᠭᠦᠳ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠭᠰᠡᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠴᠢᠩᠱᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠠᠵᠢᠯᠯᠠᠭ᠎ᠠ ᠶᠢ ᠨᠠᠩ ᠰᠠᠶᠢᠲᠤᠷ ᠥᠷᠨᠢᠭᠦᠯᠬᠦ ᠶᠢᠨ ᠲᠤᠰᠠᠳᠠ᠂ ᠰᠢᠨᠵᠢᠯᠡᠬᠦ ᠣᠬᠠᠭᠠᠨᠴᠢ ᠵᠠᠮ ᠤᠨ ᠵᠡᠭᠡᠯᠢ  ᠭᠤᠳᠣᠮᠵᠢ ᠶᠢᠨ ᠣᠭᠳᠣᠯᠭ᠎ᠠ ᠬᠤᠶᠠᠳᠤᠭᠠᠷ ᠨᠡᠶᠢᠭᠡᠮ ᠲᠣᠭᠤᠷᠢᠭ ᠎ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠣᠳᠬᠠᠬᠤ ᠎ ᠪᠠᠷ ᠭᠤᠤᠯ ᠰᠢᠵᠢᠮ ᠪᠣᠯᠭᠠᠵᠤ᠂ ᠣᠨᠴᠠᠯᠢᠭᠲᠤ ᠲᠤᠰᠬᠠᠶ ᠰᠡᠳᠦᠪᠲᠦ ᠰᠤᠷᠤᠯᠴᠠᠯᠭ᠎ᠠ ᠶᠢ ᠥᠷᠨᠢᠭᠦᠯᠦᠨ᠂ ︽ᠬᠠᠷᠢᠯᠴᠠᠨ ᠰᠢᠬᠢᠳᠴᠣ ᠬᠠᠷᠢᠯᠴᠡᠨ ᠠᠭᠤᠰᠤᠯᠴᠠᠵᠤ ᠰᠡᠳᠬᠢᠯ ᠢᠶᠠᠨ ᠨᠢᠭᠡᠳᠬᠡᠨ ᠦᠨᠳᠦᠰᠦᠲᠡᠨ ᠤ ᠪᠦᠯᠬᠦᠮᠳᠡᠯ ᠢ  ᠪᠣᠣᠬᠢᠶᠠᠯᠠᠨ ᠰᠣᠷᠣᠯᠴᠠᠬᠤ︾᠎  ᠭᠤᠤᠯ ᠰᠡᠳᠦᠪᠲᠦ ᠠᠵᠢᠯᠯᠠᠭ᠎ᠠ ᠶᠢ ᠡᠷᠭᠢᠯᠡᠵᠦ᠂ ᠠᠵᠢᠯᠴᠢᠨ ᠠᠵᠢᠯᠲᠠᠨ ᠤ ᠦᠨᠳᠦᠰᠦᠲᠡᠨ ᠤ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠠᠵᠢᠯᠯᠠᠭ᠎ᠠ ᠶᠢᠨ ᠳᠤᠮᠳᠠ᠂ ᠡᠩ ᠲᠡᠷᠢᠭᠦᠨ ᠳᠤ ᠪᠦᠬᠦ ᠠᠵᠢᠯᠲᠠᠨ ᠢ ᠵᠣᠬᠢᠶᠠᠨ ᠪᠠᠶᠢᠭᠤᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠨᠣᠯ ᠤᠨ ᠮᠡᠳᠡᠯᠭᠡ ᠶᠢᠨ ᠰᠤᠷᠤᠯᠴᠠᠯᠭ᠎ᠠ ᠬᠢᠬᠦ ᠶᠢᠨ ᠬᠠᠮᠲᠤ ᠰᠣᠷᠣᠭᠰᠠᠨ ᠮᠡᠳᠡᠯᠭᠡ ᠳᠡᠭᠡᠨ ᠰᠢᠯᠭᠠᠯᠲᠠ ᠬᠢᠵᠦ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠠᠴᠠ ᠰᠢᠯᠭᠠᠯᠲᠠ ᠶᠢᠨ ᠬᠠᠭᠤᠳᠠᠰᠤ ᠶᠢ ᠴᠤᠬᠤᠯᠠᠪᠤᠷᠢᠯᠠᠨ ᠵᠠᠰᠠᠬᠤ ᠶᠢᠨ ᠬᠠᠮᠲᠤ ᠨᠢᠭᠡᠳ ᠨᠢᠭᠡ ᠪᠠᠷ ᠪᠤᠷᠤᠭᠤ ᠶᠢ ᠨᠢ ᠵᠠᠯᠠᠷᠠᠭᠤᠯᠪᠠ᠃ ᠰᠤᠷᠤᠯᠴᠠᠯᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠬᠤ ᠶᠢ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠠᠰᠠᠭᠤᠳᠠᠯ ᠢ ᠨᠠᠩ ᠣᠨᠣᠪᠴᠢᠲᠠᠶ ᠬᠠᠷᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠶᠢ ᠨᠠᠩ ᠰᠠᠶᠢᠲᠤᠷ ᠣᠬᠠᠭᠤᠯᠬᠤ ᠳᠤ ᠪᠠᠲᠤ ᠪᠠᠬᠢ ᠰᠠᠭᠤᠷᠢ ᠲᠠᠯᠪᠢᠪᠠ᠃       ᠬᠤᠶᠢᠰᠢᠳᠠ᠂ ᠣᠭᠳᠣᠯᠭ᠎ᠠ ᠬᠤᠶᠠᠳᠤᠭᠠᠷ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠪᠠᠷ ᠰᠠᠭᠤᠷᠢ ᠪᠣᠯᠭᠠᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠤ᠂ ᠣᠯᠠᠨ ᠶᠠᠩᠵᠤ ᠬᠡᠯᠪᠡᠷᠢ ᠶᠢᠨ ᠦᠨᠳᠦᠰᠦᠲᠡᠨ ᠤ ᠣᠨᠴᠠᠯᠢᠭ ᠢᠶᠠᠷ ᠪᠠᠶᠠᠯᠢᠭ ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠵᠦ᠂ ᠣᠯᠠᠨ ᠵᠥᠢᠯ ᠤᠨ ᠠᠷᠭ᠎ᠠ ᠬᠡᠮᠵᠢᠶ᠎ᠡ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭ ᠢ ᠪᠠᠶᠢᠩᠭᠤ ᠲᠡᠯᠭᠡᠷᠡᠭᠦᠯᠥᠨ᠂ ᠳᠤᠮᠳᠠᠳᠤ ᠶᠢᠨ ᠦᠨᠳᠦᠰᠦᠲᠡᠨ ᠨᠢᠭᠡ ᠭᠡᠷ  ᠪᠥᠯᠢ ᠶᠢᠨ ᠬᠥᠮᠦᠨ ᠮᠡᠲᠦ ᠳᠣᠲᠣᠨᠣ ᠭᠦᠨ ᠵᠤᠵᠠᠭᠠᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠰᠦᠷ ᠳᠠᠯᠠᠶᠢᠴᠠᠲᠠᠶ ᠣᠶᠤᠨ ᠰᠠᠨᠠᠭᠠᠨ ᠤ ᠬᠦᠴᠦᠨ ᠢᠶᠠᠨ ᠨᠢᠭᠲᠠᠷᠠᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号