ᠭᠤᠷᠪᠠᠨ ᠵᠥᠢᠯ ᠤᠨ ᠠᠷᠭ᠎ᠠ ᠬᠡᠮᠵᠢᠶ᠎ᠡ ᠪᠠᠷ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠣᠯᠳᠠ ᠶᠢᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/12/11
      ᠰᠢᠨᠵᠢᠯᠡᠬᠦ ᠤᠬᠠᠭᠠᠨᠴᠢ ᠵᠠᠮ ᠵᠡᠭᠡᠯᠢ ᠭᠤᠳᠤᠮᠵᠢ ᠶᠢᠨ ᠨᠡᠬᠡᠮᠡᠯ ᠨᠡᠶᠢᠭᠡᠮ ᠲᠣᠭᠤᠷᠢᠭ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠣᠭᠤᠰᠢᠯᠠᠭᠤᠯᠵᠣ᠂ ︽ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠬᠡᠷ ᠪᠦᠯᠢ ᠳᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ︾ ᠣᠶᠢᠯᠠᠭᠠᠭᠳᠠᠬᠤᠨ ᠢ ᠢᠳᠡᠪᠬᠢᠲᠡᠶ ᠦᠢᠯᠡᠳᠦᠯᠭᠡᠵᠢᠭᠦᠯᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ︾ ᠡᠨᠡ ᠬᠦ ᠦᠨᠳᠦᠰᠦᠲᠡᠨ ᠤ ᠠᠵᠢᠯ ᠤᠨ ᠭᠤᠤᠯ ᠱᠤᠭᠤᠮ ᠤᠨ ᠲᠣᠭᠤᠷᠢᠨ ᠳᠤ ᠦᠨᠳᠦᠰᠦᠲᠡᠨ ᠤ ᠠᠵᠢᠯ ᠢ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠳᠤ ᠠᠭᠤᠰᠤᠯᠴᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠣᠯᠳᠠ ᠶᠢᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃      ᠨᠠᠮ ᠤᠨ ᠬᠤᠷᠢᠶᠠᠨ ᠤ ᠤᠳᠤᠷᠢᠳᠤᠯᠭ᠎ᠠ ᠶᠢ ᠪᠠᠷᠢᠮᠳᠠᠯᠠᠪᠠ      ᠨᠡᠬᠡᠮᠡᠯ ᠨᠡᠶᠢᠭᠡᠮ ᠲᠣᠭᠤᠷᠢᠭ ᠲᠤ ︽ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ+ ᠦᠨᠳᠦᠰᠦᠲᠡᠨ ᠤ ᠲᠤᠰᠠᠯᠠᠭᠴᠢ +  ᠲᠣᠣᠷᠵᠢᠯᠳᠡ ᠶᠢᠨ ᠠᠵᠢᠯᠲᠠᠨ︾ ᠭᠡᠬᠦ ᠨᠡᠶᠢᠭᠡᠮ ᠲᠣᠭᠤᠷᠢᠭ ᠤᠨ ᠦᠨᠳᠦᠰᠦᠲᠡᠨ ᠤ ᠠᠵᠢᠯ ᠤᠨ ᠪᠣᠷᠣ ᠲᠥᠯᠥᠪ ᠢ ᠪᠠᠶᠢᠭᠤᠯᠵᠤ᠂ ᠨᠠᠮ ᠤᠨ ᠬᠤᠷᠢᠶᠠᠨ ᠤ ᠤᠳᠤᠷᠢᠳᠤᠯᠭ᠎ᠠ ᠶᠢ ᠪᠠᠷᠢᠮᠲᠠᠯᠠᠨ᠂ ᠣᠨ ᠤ ᠠᠵᠢᠯ ᠤᠨ ᠲᠥᠯᠥᠪᠯᠡᠭᠡ ᠶᠢ ᠲᠣᠭᠲᠠᠭᠠᠵᠤ᠂ ᠬᠢᠨᠠᠮᠠᠭᠠᠶ ᠲᠣᠬᠢᠷᠠᠭᠤᠯᠤᠨ ᠪᠠᠶᠢᠷᠢᠯᠠᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠡᠭᠦᠷᠭᠡ ᠶᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠷᠢᠯᠢᠬᠵᠢᠭᠤᠯᠵᠤ᠂ ᠭᠤᠤᠯᠳᠠᠯᠭ᠎ᠠ ᠲᠠᠢ ᠠᠵᠢᠯ ᠵᠢᠴᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ᠂ ᠠᠵᠢᠯ ᠤᠨ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠪᠠ᠃      ᠠᠵᠢᠯ ᠤᠨ ᠠᠭᠤᠯᠭ᠎ᠠ ᠪᠠᠨ ᠪᠠᠶᠠᠯᠢᠭᠵᠢᠭᠤᠯᠪᠠ      ︽ᠲᠠᠪᠣᠨ ᠬᠠᠮᠳᠣ ᠶᠢᠨ ᠲᠠᠨᠢᠯᠳᠠ︾᠎ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠰᠠᠭᠤᠷᠢ ᠪᠠ ᠬᠤᠷᠢᠭ᠎ᠠ ᠱᠤᠭᠤᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠠᠵᠢᠯ ᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠪᠠ᠃ ᠨᠢᠭᠡ ᠳᠤ᠂ ᠤᠬᠠᠭᠤᠯᠭ᠎ᠠ ᠬᠥᠮᠦᠵᠢᠯ ᠤᠨ ᠭᠤᠣᠯ ᠵᠢᠭᠰᠠᠭᠠᠯ ᠤᠨ ᠭᠠᠵᠠᠷ ᠢ ᠪᠠᠲᠤ ᠴᠣᠭᠴᠠᠯᠠᠪᠠ᠃ ᠪᠣᠳᠠᠲᠤ ᠴᠣᠭᠴᠠ ᠶᠢᠨ ᠤᠬᠠᠭᠤᠯᠭ᠎ᠠ ᠶᠢᠨ ᠲᠠᠪᠴᠠᠩ ᠢ ᠪᠠᠶᠢᠭᠤᠯᠵᠤ᠂ ᠨᠡᠬᠡᠮᠡᠯ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠳᠤ ᠲᠦᠰᠢᠭᠯᠡᠨ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠲᠥᠪ ᠵᠢᠴᠢ ᠣᠯᠠᠨ ᠨᠡᠶᠢᠲᠡ ᠶᠢᠨ ᠲᠠᠯᠠᠪᠤᠷ ᠤᠨ ᠤᠬᠠᠭᠤᠯᠭ᠎ᠠ ᠶᠢᠨ ᠰᠠᠮᠪᠠᠷ᠎ᠠ᠂ ᠡᠯᠧᠺᠲᠷᠣᠨ ᠳᠡᠯᠭᠡᠴᠡ ᠵᠡᠷᠭᠡ ᠶᠢ ᠪᠠᠶᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠠ ᠣᠷᠣᠨ ᠪᠦᠰᠡ ᠶᠢᠨ ᠰᠣᠶᠣᠯ ᠢ ᠶᠡᠬᠡᠪᠡᠷ ᠪᠠᠳᠠᠷᠠᠭᠤᠯᠪᠠ᠃ ᠬᠤᠶᠠᠷ ᠲᠤ᠂ ᠭᠤᠣᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠪᠡ᠃ ᠨᠡᠶᠢᠭᠡᠮ ᠲᠣᠭᠤᠷᠢᠭ ᠤᠨ ᠶᠣᠰᠣ ᠰᠤᠷᠲᠠᠬᠤᠨ ᠤ ᠬᠢᠴᠢᠶᠡᠯ ᠤᠨ ᠲᠠᠩᠬᠢᠮ᠂ ᠨᠠᠰᠤᠲᠠᠶᠢᠴᠤᠳ ᠤᠨ ᠶᠡᠭᠡ ᠰᠤᠷᠭᠠᠭᠤᠯᠢ ᠵᠡᠷᠭᠡ ᠤᠬᠠᠭᠤᠯᠤᠨ ᠲᠠᠶᠢᠯᠪᠤᠷᠢᠯᠠᠬᠤ ᠲᠠᠪᠴᠠᠩ ᠳᠤ ᠲᠦᠰᠢᠭᠯᠡᠨ᠂ ᠬᠤᠪᠢᠰᠬᠠᠯ ᠤᠨ ᠲᠡᠦᠬᠡ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠲᠠᠶᠢᠯᠤᠮᠵᠢ᠂ ︽ᠳᠤᠮᠳᠠᠳᠤ ᠶᠢᠨ ᠦᠨᠳᠦᠰᠦᠲᠡᠨ ᠨᠢᠭᠡ ᠬᠡᠷ ᠪᠦᠯᠢ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠭᠤᠤᠯ ᠰᠡᠳᠦᠪᠲᠦ ᠤᠬᠠᠭᠤᠯᠭ᠎ᠠ ᠬᠥᠮᠦᠵᠢᠯ ᠵᠡᠷᠭᠡ ᠶᠢ ᠭᠦᠨᠵᠡᠭᠡᠶ ᠥᠷᠨᠢᠭᠦᠯᠪᠡ᠃ ᠭᠤᠷᠪᠠ ᠳᠤ᠂ ᠭᠤᠤᠯ ᠰᠡᠳᠦᠪᠲᠦ ᠠᠵᠢᠯᠯᠠᠭ᠎ᠠ ᠶᠢ ᠪᠠᠶᠢᠩᠭᠤᠵᠢᠭᠤᠯᠬᠤ ᠶᠢ ᠠᠬᠢᠭᠤᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠳᠤ ᠣᠷᠣᠭᠤᠯᠬᠤ︾ ᠠᠵᠢᠯᠯᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠴᠢᠬᠤᠯᠠ ᠶᠡᠭᠡ ᠪᠠᠶᠠᠷ ᠳᠤᠷᠠᠰᠬᠠᠯ᠂ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠢ ᠠᠰᠢᠭᠯᠠᠨ᠂ ᠬᠠᠷᠢᠶ᠎ᠠ ᠣᠷᠣᠨ ᠤ ᠨᠢᠬᠡᠴᠢ ᠲᠠᠢ ᠬᠠᠮᠲᠤᠷᠠᠨ ᠤᠷᠠᠨ ᠰᠠᠶᠢᠬᠠᠨ ᠤ ᠲᠣᠭᠯᠠᠯᠲᠠ᠂ ᠬᠠᠤᠯᠢ ᠴᠠᠭᠠᠵᠠ ᠶᠢᠨ ᠤᠬᠠᠭᠤᠯᠭ᠎ᠠ᠂ ᠶᠠᠳᠠᠭᠤ ᠶᠢ ᠲᠡᠳᠬᠦᠵᠦ ᠬᠦᠴᠢᠷᠳᠡᠯᠲᠡᠶ ᠶᠢ ᠲᠤᠰᠠᠯᠠᠬᠤ᠂ ᠠᠯᠪᠠᠨ ᠵᠢᠷᠤᠮ ᠤᠨ ᠡᠮᠴᠢᠯᠡᠭᠡ ᠪᠠᠷ ᠡᠮᠨᠡᠯᠭᠡ ᠶᠢ ᠲᠤᠰᠠᠯᠠᠬᠤ᠂ ᠪᠡᠯᠡ ᠮᠥᠩᠭᠦ ᠪᠠᠷ ᠰᠤᠷᠤᠯᠭ᠎ᠠ ᠶᠢ ᠲᠡᠳᠬᠦᠬᠦ ᠵᠡᠷᠭᠡ ᠣᠯᠠᠨ ᠲᠦᠮᠡᠨᠴᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃      ᠣᠯᠠᠨ ᠡᠰᠢᠲᠦ ᠬᠤᠯᠪᠣᠭᠠᠯᠠᠨ ᠬᠥᠳᠡᠯᠦᠯᠴᠡᠬᠦ ᠶᠢ ᠪᠠᠶᠢᠭᠤᠯᠪᠠ      ᠬᠠᠤᠯᠢ ᠶᠣᠰᠣᠭᠠᠷ ᠵᠠᠰᠠᠬᠤ ᠪᠠ ᠣᠯᠠᠨ ᠡᠰᠢᠲᠦ ᠬᠤᠯᠪᠣᠭᠠᠯᠠᠬᠤ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠴᠢᠨᠠᠷᠲᠠᠶ ᠠᠵᠢᠯ ᠪᠣᠯᠭᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠬᠤᠯᠪᠣᠭᠠᠯᠠᠨ ᠬᠥᠳᠡᠯᠦᠯᠴᠡᠬᠦ ᠰᠢᠨ᠎ᠡ ᠵᠠᠭᠪᠤᠷ ᠢ ᠢᠳᠡᠪᠬᠢᠲᠡᠶ ᠪᠠᠷ ᠰᠦᠪᠡᠭᠴᠢᠯᠡᠨ ᠪᠠᠶᠢᠭᠤᠯᠪᠠ᠃ ᠨᠢᠭᠡ ᠳᠤ ᠨᠡᠶᠢᠭᠡᠮ ᠲᠣᠭᠤᠷᠢᠭ ᠤᠨ ᠲᠣᠤᠷᠵᠢᠭᠤᠯᠤᠭᠰᠠᠨ ᠬᠠᠮᠢᠶᠠᠷᠤᠯᠲᠠ ᠶᠢ ᠲᠦᠯᠬᠢᠨ ᠠᠬᠢᠭᠤᠯᠪᠠ᠃ ᠨᠡᠶᠢᠭᠡᠮ ᠲᠣᠭᠤᠷᠢᠭ ᠤᠨ ᠲᠣᠣᠷᠵᠢᠯᠳᠠ ᠢᠶᠠᠷ ᠰᠠᠭᠤᠷᠢ ᠪᠣᠯᠭᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠪᠦᠬᠦ ᠲᠣᠣᠷᠵᠢᠯᠳᠠ ᠶᠢᠨ ᠬᠠᠮᠢᠶᠠᠷᠤᠯᠲᠠ ᠳᠤ ᠣᠷᠣᠭᠤᠯᠵᠤ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ᠂ ᠮᠡᠳᠡᠭᠡ ᠵᠠᠩᠭᠢ ᠨᠢ ᠠᠮᠢᠳᠤᠯᠢᠭ ᠪᠠᠶᠢᠬᠤ ᠶᠢ ᠦᠨᠡᠨᠬᠦ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠠᠵᠢᠯ ᠶᠠᠪᠤᠳᠠᠯ ᠭᠦᠢᠴᠡᠳᠭᠡᠬᠦ ᠵᠥᠪᠯᠡᠯᠭᠡ ᠥᠭᠬᠦ ᠵᠡᠷᠭᠡ ᠤᠯᠠᠨ ᠨᠡᠶᠢᠲᠡ ᠶᠢᠨ ᠦᠢᠯᠡᠴᠢᠯᠡᠭᠡ ᠶᠢ ᠨᠡᠩ ᠰᠠᠶᠢᠨ ᠬᠠᠩᠭᠠᠪᠠ᠃ ᠬᠤᠶᠠᠷ ᠲᠤ᠂ ᠬᠤᠯᠪᠣᠭᠠᠯᠠᠨ ᠬᠥᠳᠡᠯᠦᠯᠴᠡᠵᠦ ᠬᠠᠮᠲᠤ ᠪᠠᠷ ᠬᠠᠮᠢᠶᠠᠷᠴᠤ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠠᠬᠢᠭᠤᠯᠪᠠ᠃ ᠠᠵᠢᠯ ᠤᠨ ᠪᠠᠶᠢᠷᠢ ᠳᠤ ᠪᠠᠶᠢᠭ᠎ᠠ ᠨᠠᠮ ᠤᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠡᠷᠭᠡ ᠬᠦᠴᠦᠨ ᠳᠤ ᠲᠦᠰᠢᠭᠯᠡᠨ᠂ ᠰᠠᠯᠠᠭ᠎ᠠ ᠮᠥᠴᠢᠷ ᠤᠳ ᠴᠤᠤᠷᠢᠶᠠᠲᠤᠨ ᠳᠠᠭᠠᠬᠤ ᠲᠣᠭᠲᠠᠴᠠ ᠶᠢ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠠᠵᠢᠯ ᠤᠨ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠳᠣᠲᠣᠨᠣ ᠦᠢᠯᠡᠴᠢᠯᠡᠭᠡ ᠬᠠᠩᠭᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号