ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠰᠦᠢᠳᠬᠡᠯ ᠲᠤᠰᠢᠶᠠᠬᠤ ᠳᠤ ︽ᠭᠡᠷ ᠲᠤᠨᠢ ᠬᠦᠷᠴᠦ ᠦᠢᠯᠡᠴᠢᠯᠡᠬᠦ︾ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/12/12
      ᠣᠶᠢᠷ᠎ᠠ ᠳᠤ᠂ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ ᠤᠨ ᠬᠢᠨ ᠵᠢᠵᠢᠭ ᠲᠣᠭᠤᠷᠢᠭ ᠤᠨ ᠨᠠᠰᠤᠲᠠᠢ ᠪᠠᠭᠤᠷᠠᠢ ᠡᠪᠡᠳᠴᠢᠨ ᠲᠠᠢ ᠵᠡᠮᠳᠡᠭ ᠵᠡᠷᠭᠡ ᠶᠠᠪᠤᠵᠤ ᠰᠠᠭᠤᠬᠤ ᠳᠤ ᠳᠥᠭᠦᠮ ᠦᠭᠡᠢ ᠲᠦᠷᠢᠶᠡᠰᠦᠯᠡᠯ ᠤᠨ ᠡᠷᠦᠬᠡ ᠳᠤ ᠴᠢᠭᠯᠡᠭᠦᠯᠦᠨ᠂ ᠡᠷᠦᠬᠡ ᠳᠠᠷᠠᠭᠠᠯᠠᠨ ᠨᠡᠶᠢᠲᠡ ᠶᠢᠨ ᠲᠦᠷᠢᠶᠡᠰᠦᠯᠡᠯ ᠤᠨ ᠭᠡᠷ ᠤᠨ ᠭᠡᠷ᠎ᠡ ᠲᠣᠭᠲᠠᠬᠤ᠂ ᠲᠦᠷᠢᠶᠡᠰᠦᠯᠡᠯ ᠤᠨ ᠮᠥᠩᠭᠦ ᠲᠤᠰᠢᠶᠠᠬᠤ ᠵᠡᠷᠭᠡ ᠭᠡᠷ ᠲᠤᠨᠢ ᠬᠦᠷᠴᠦ ᠦᠢᠯᠡᠴᠢᠯᠡᠭᠡ ᠬᠠᠩᠭᠠᠬᠤ ᠶᠢᠨ ᠬᠠᠮᠲᠤ᠂ ᠵᠢᠵᠢᠭ ᠲᠣᠭᠤᠷᠢᠭ᠂ ᠲᠥᠷᠥᠯ ᠵᠦᠢᠯ ᠬᠤᠪᠢᠶᠠᠨ ᠡᠬᠡ ᠲᠠᠩᠰᠠ ᠪᠠᠶᠢᠭᠤᠯᠵᠤ᠂ ᠬᠦᠴᠢᠷᠳᠡᠯ ᠲᠠᠢ ᠣᠯᠠᠨ ᠲᠦᠮᠡᠨ ᠭᠡᠷ ᠠᠴᠠ ᠪᠠᠨ ᠭᠠᠷᠬᠤ ᠦᠭᠡᠢ ᠪᠠᠷ ᠨᠡᠶᠢᠲᠡ ᠶᠢᠨ ᠲᠦᠷᠢᠶᠡᠰᠦᠯᠡᠯ ᠤᠨ ᠭᠡᠷ ᠤᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠣᠯᠠᠨ ᠲᠦᠮᠡᠨ ᠤ ︽ᠰᠦᠢᠳᠬᠡᠯ ᠲᠤᠰᠢᠶᠠᠬᠤ ᠳᠤ ᠬᠦᠴᠢᠷᠲᠡᠢ︾ ᠪᠠᠶᠢᠬᠤ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号