︽ᠬᠥᠷᠰᠢ ᠵᠡᠷᠭᠡᠯᠡᠳᠡᠭᠡ ᠶᠢᠨ ᠤᠷ᠎ᠠ ᠳᠠᠷᠬᠠᠨ︾᠎ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠪᠠ
ᠨᠡᠶᠢᠲᠡᠯᠡᠭᠰᠡᠨ ᠴᠠᠭ᠄
2023/12/15
      ᠰᠠᠭᠤᠭᠠᠯᠢ ᠠᠷᠠᠳ ᠤᠨ ᠭᠡᠷ ᠤᠨ ᠳᠣᠣᠷᠠᠬᠢ ᠤᠰᠤᠨ ᠬᠤᠭᠤᠯᠠᠢ ᠶᠢᠨ ᠲᠦᠭᠵᠢᠷᠡᠯ᠂ ᠴᠠᠬᠢᠯᠭᠠᠨ ᠬᠡᠯᠬᠢᠶ᠎ᠡ ᠶᠢᠨ ᠭᠡᠨᠡᠳᠲᠡ ᠶᠢᠨ ᠭᠡᠮᠲᠦᠯ ᠵᠡᠷᠭᠡ ᠭᠡᠨᠡᠳᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠴᠢᠩᠱᠠᠨ ᠵᠠᠮ ᠤᠨ ᠵᠡᠭᠡᠯᠢ ᠭᠤᠳᠤᠮᠵᠢ ᠶᠢᠨ ᠪᠧᠢ ᠰᠢᠨ ᠨᠡᠶᠢᠭᠡᠮ ᠲᠣᠭᠤᠷᠢᠭ ︽ᠬᠥᠷᠰᠢ ᠵᠡᠷᠭᠡᠯᠡᠳᠡᠭᠡ ᠶᠢᠨ ᠤᠷ᠎ᠠ ᠳᠠᠷᠬᠠᠨ︾᠎ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠵᠤ᠂ ᠰᠠᠭᠤᠭᠠᠯᠢ ᠠᠷᠠᠳ ᠲᠤ 24 ᠴᠠᠭ ᠤᠨ ᠤᠰᠤ ᠴᠠᠬᠢᠯᠭᠠᠨ ᠢ ᠰᠡᠯᠪᠢᠨ ᠵᠠᠰᠠᠬᠤ᠂ ᠬᠤᠭᠤᠯᠠᠢ ᠶᠢ ᠨᠡᠪᠲᠡᠷᠡᠭᠦᠯᠬᠦ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠪᠠ᠃ ᠣᠲᠣ ᠪᠣᠯᠲᠠᠯ᠎ᠠ᠂ ︽ᠬᠥᠷᠰᠢ ᠵᠡᠷᠭᠡᠯᠡᠳᠡᠭᠡ ᠶᠢᠨ ᠤᠷ᠎ᠠ ᠳᠠᠷᠬᠠᠨ︾ ᠨᠢᠭᠡᠨᠲᠡ 50 ᠭᠠᠷᠤᠢ ᠤᠳᠠᠭ᠎ᠠ ᠭᠡᠷ ᠎ ᠲᠤᠨᠢ ᠬᠦᠷᠴᠦ ᠦᠢᠯᠡᠴᠢᠯᠡᠨ᠂ ᠰᠠᠭᠤᠭᠠᠯᠢ ᠠᠷᠠᠳ ᠢ ᠬᠠᠪᠰᠤᠷᠤᠨ ᠭᠡᠷ ᠠᠴᠠ ᠪᠠᠨ ᠭᠠᠷᠬᠤ ᠦᠭᠡᠢ ᠪᠠᠷ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠭᠦᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号