ᠴᠢᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ︽ᠡᠷᠬᠢᠨ ᠬᠠᠷᠠᠬᠤ︾ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/12/18
      ᠡᠮᠦᠨᠡᠬᠢ ᠬᠤᠭᠤᠴᠠᠭᠠᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠳᠤᠳᠬᠠᠵᠤ᠂ ᠰᠢᠲᠠᠮᠠᠬᠠᠢ ᠬᠡᠢ ᠶᠢᠨ ᠠᠳᠡᠯ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠪᠤᠭᠤᠲᠤ ᠬᠤᠲᠠ ᠶᠢᠨ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠲᠤᠰᠬᠠᠢ ᠠᠩᠭᠢ ᠶᠢᠨ ᠳᠠᠷᠤᠮᠠᠯᠯᠠᠨ ᠲᠠᠷᠬᠠᠭᠠᠭᠰᠠᠨ ︽ᠪᠥᠬᠦ ᠬᠤᠲᠠ ᠶᠢᠨ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ︿ᠡᠷᠬᠢᠨ ᠬᠠᠷᠠᠬᠤ﹀ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ 12  ᠰᠠᠷ᠎ᠠ ᠶᠢᠨ 11᠎ ᠤ ᠡᠳᠦᠷ ᠠᠴᠠ ᠡᠬᠢᠯᠡᠨ᠂ ᠴᠢᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠪᠥᠬᠦ ᠲᠤᠭᠤᠷᠢᠭ ᠤᠨ ᠬᠡᠪᠴᠢᠶᠡᠨ ᠳᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ︽ᠡᠷᠬᠢᠨ ᠬᠠᠷᠠᠬᠤ︾ ᠠᠵᠢᠯᠯᠠᠭ᠎ᠠ ᠶᠢ ᠥᠷᠨᠢᠭᠦᠯᠦᠨ᠎ᠡ᠃       ᠲᠣᠰ ᠤᠳᠠᠭᠠᠨ ᠤ ︽ᠡᠷᠬᠢᠨ ᠬᠠᠷᠠᠬᠤ︾ ᠲᠤᠰᠬᠠᠢ ᠠᠵᠢᠯᠯᠠᠭ᠎ᠠ ᠨᠢ ᠨᠢᠭᠡ ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠬᠤ᠂ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ᠂ 1 ᠎ ᠠᠴᠠ 2 ᠨᠡᠷᠡᠰ ᠲᠤᠰᠬᠠᠢ ᠮᠡᠷᠭᠡᠵᠢᠯᠲᠡᠨ ᠵᠢᠴᠢ 1 ᠨᠡᠷᠡᠰ ᠲᠤᠰᠬᠠᠢ ᠴᠡᠭᠴᠡᠯᠡᠨ ᠵᠠᠰᠠᠬᠤ APP᠎ ᠶᠢ ᠪᠣᠯᠪᠠᠰᠤᠷᠠᠩᠭᠤᠢ ᠡᠵᠡᠮᠰᠢᠭᠰᠡᠨ ᠠᠵᠢᠯᠯᠠᠭᠴᠢ ᠪᠠᠷ ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠤᠰᠢᠭᠤ ᠰᠢᠶᠠᠨ ᠲᠣᠭᠤᠷᠢᠭ ᠤᠨ ᠬᠠᠷᠢᠯᠴᠠᠨ ᠪᠠᠶᠢᠴᠠᠭᠠᠬᠤ᠂ ᠡᠵᠡᠩᠨᠡᠯᠲᠡ ᠶᠢᠨ ᠨᠢᠭᠡᠴᠡ ᠶᠢᠨ ᠥᠪᠡᠰᠦᠪᠡᠨ ᠪᠠᠶᠢᠴᠠᠭᠠᠬᠤ ᠪᠠ ᠪᠠᠶᠢᠴᠠᠭᠠᠬᠤ ᠳᠤᠭᠤᠶᠢᠯᠠᠩ ᠤᠨ ᠰᠤᠭᠤᠴᠢᠨ ᠪᠠᠶᠢᠴᠠᠭᠠᠬᠤ ᠠᠷᠭ᠎ᠠ ᠮᠠᠶ᠋ᠢᠭ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠵᠢᠭᠰᠠᠭᠠᠨ ᠪᠠᠶᠢᠴᠠᠭᠠᠬᠤ ᠬᠡᠪᠴᠢᠶ᠎ᠡ ᠳᠤ᠄ ᠬᠠᠷᠢᠶ᠎ᠠ ᠣᠷᠣᠨ ᠤ ᠬᠡᠪᠴᠢᠶᠡᠨ ᠳᠠᠬᠢ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠤ ᠠᠬᠤᠶᠢᠯᠠᠯ᠂ ᠯᠣᠩᠬᠤᠨ ᠳᠤ ᠰᠠᠪᠠᠯᠠᠭᠰᠠᠨ ᠰᠢᠩᠭᠡᠵᠢᠭᠦᠯᠦᠭᠰᠡᠨ ᠴᠢᠯᠠᠭᠤᠨ ᠲᠣᠰᠣᠨ ᠤ ᠬᠡᠢ ᠡᠵᠡᠩᠨᠡᠬᠦ᠂ ᠳᠦᠭᠦᠷᠭᠡᠨ ᠤᠭᠰᠠᠷᠠᠬᠤ ᠠᠵᠤ ᠠᠬᠤᠶᠢᠯᠠᠯ︔ ᠰᠢᠲᠠᠮᠠᠬᠠᠢ ᠬᠡᠢ ᠶᠢ ᠬᠡᠷᠡᠭᠯᠡᠬᠦ ᠢᠳᠡᠭᠡᠨ ᠤᠮᠳᠠᠭᠠᠨ ᠤ ᠲᠠᠯᠠᠪᠤᠷ ᠭᠠᠵᠠᠷ ︵ᠬᠤᠭᠤᠯᠠᠢ ᠪᠠᠷ ᠳᠠᠮᠵᠢᠭᠤᠯᠬᠤ ᠪᠠᠶᠢᠭᠠᠯᠢ ᠶᠢᠨ ᠰᠢᠲᠠᠮᠠᠬᠠᠢ ᠬᠡᠢ᠂ ᠰᠢᠩᠭᠡᠨᠵᠢᠮᠡᠯ ᠴᠢᠯᠠᠭᠤᠨ ᠲᠣᠰᠣᠨ ᠤ ᠬᠡᠢ ᠪᠠᠭᠲᠠᠨ᠎ᠠ︶︔ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠬᠥᠮᠥᠨ ᠣᠯᠠᠨ ᠴᠤᠭᠯᠠᠷᠠᠳᠠᠭ ᠲᠠᠯᠠᠪᠤᠷ︔ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠪᠣᠷᠣᠯᠠᠭᠤᠯᠬᠤ ᠵᠠᠬ᠎ᠠ ᠳᠡᠯᠭᠡᠭᠦᠷ︔ ᠪᠠᠶᠢᠭᠤᠯᠵᠤ ᠪᠠᠶᠢᠭ᠎ᠠ᠂ ᠰᠢᠨ᠎ᠡ ᠪᠠᠷ ᠪᠠᠶᠢᠭᠤᠯᠵᠤ ᠪᠠᠶᠢᠭ᠎ᠠ ︵ᠥᠷᠭᠡᠳᠬᠡᠨ ᠪᠠᠶᠢᠭᠤᠯᠵᠤ ᠪᠠᠶᠢᠭ᠎ᠠ︶ ᠰᠢᠲᠠᠮᠠᠬᠠᠢ ᠬᠡᠢ ᠶᠢᠨ ᠢᠨᠵᠧᠨᠧᠷᠢᠩ︔ ᠬᠠᠭᠤᠴᠢᠨ ᠲᠣᠭᠤᠷᠢᠭ᠂ ᠬᠤᠲᠠ ᠬᠥᠳᠡᠭᠡ ᠶᠢᠨ ᠠᠭᠤᠯᠵᠠᠷ ᠭᠠᠵᠠᠷ ᠵᠢᠴᠢ ᠬᠥᠳᠡᠭᠡ ᠲᠣᠰᠬᠤᠨ ᠤ ︽ᠰᠢᠲᠠᠮᠠᠬᠠᠢ ᠬᠡᠢ ᠪᠠᠷ ᠨᠡᠭᠦᠷᠡᠰᠦ ᠶᠢ ᠣᠷᠣᠯᠠᠭᠤᠯᠤᠨ᠎ᠠ︾᠃       ᠪᠠᠶᠢᠴᠠᠭᠠᠬᠤ ᠳᠤᠭᠤᠶᠢᠯᠠᠩ ᠤᠨ ᠬᠢᠨ ᠲᠤᠰᠬᠠᠢ ᠴᠡᠭᠴᠡᠯᠡᠨ ᠵᠠᠰᠠᠬᠤ ᠮᠡᠳᠡᠭᠡ ᠵᠠᠩᠭᠢ ᠶᠢᠨ ᠰᠢᠰᠲ᠋ᠧᠮ ᠤᠨ APP᠎ ᠶᠢ ᠬᠡᠷᠡᠭᠯᠡᠨ᠂ ᠤᠮᠠᠷᠠᠲᠤ ᠶᠢᠨ ᠡᠮᠨᠡᠯᠭᠡ ᠶᠢᠨ ᠬᠤᠷᠢᠶ᠎ᠠ᠂ ᠤᠮᠠᠷᠠᠲᠤ ᠶᠢᠨ ᠵᠣᠴᠢᠳ ᠤᠨ ᠪᠠᠭᠤᠳᠠᠯ᠂ ᠴᠢᠩᠱᠠᠨ ᠸᠠᠩ ᠹᠦ᠋ ᠵᠢᠩ ᠳᠡᠯᠭᠡᠭᠦᠷ᠂ ᠪᠤᠭᠤᠲᠤ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠵᠡᠷᠭᠡ ᠬᠥᠮᠥᠨ ᠣᠯᠠᠨ ᠴᠤᠭᠯᠠᠷᠠᠳᠠᠭ 4 ᠲᠠᠯᠠᠪᠤᠷ ᠢ ᠲᠣᠬᠢᠶᠠᠯᠳᠤᠯ ᠢᠶᠠᠷ ᠰᠣᠩᠭᠤᠨ ᠠᠪᠴᠤ᠂ ᠡᠮᠦᠨ᠎ᠡ ᠬᠤᠭᠤᠴᠠᠭᠠᠨ ᠳᠤ ᠢᠯᠡᠷᠡᠭᠦᠯᠦᠭᠰᠡᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠷᠦᠯᠴᠡᠬᠦ ᠦᠭᠡᠢ ᠭᠠᠵᠠᠷ ᠣᠷᠣᠨ ᠳᠤ ᠴᠢᠭᠯᠡᠭᠦᠯᠦᠨ ᠪᠣᠳᠠᠲᠠᠢ ᠱᠠᠭᠠᠷᠳᠠᠯᠭ᠎ᠠ ᠳᠤᠷᠠᠳᠴᠤ᠂ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ  ᠪᠠᠲᠤᠯᠠᠵᠠᠢ᠃ ᠡᠭᠦᠨ ᠤ ᠬᠠᠮᠲᠤ᠂ ᠬᠡᠷᠡᠭᠯᠡᠭᠴᠢ ᠶᠢᠨ ᠰᠢᠲᠠᠮᠠᠬᠠᠢ ᠬᠡᠢ ᠬᠡᠷᠡᠭᠯᠡᠬᠦ ᠣᠷᠴᠢᠨ ᠲᠣᠭᠤᠷᠢᠨ ᠵᠡᠷᠭᠡ ᠳᠤ ᠪᠥᠬᠦ ᠲᠠᠯ᠎ᠠ ᠶᠢᠨ᠂ ᠨᠠᠷᠢᠨ ᠨᠢᠮᠪᠠᠢ ᠳᠠᠬᠢᠨ ᠵᠢᠭᠰᠠᠭᠠᠨ ᠪᠠᠶᠢᠴᠠᠭᠠᠯᠲᠠ ᠬᠢᠨ᠎ᠡ᠃       ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠳᠠᠯᠳᠠ ᠬᠡᠮ ᠢ ︽ᠡᠷᠬᠢᠨ ᠬᠠᠷᠠᠬᠤ︾ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠴᠢᠩᠱᠠᠨ ᠲᠣᠭᠤᠷᠢᠭ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号