ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠬᠠᠳᠠ ᠨᠡᠶᠢᠭᠡᠮ ᠲᠣᠭᠤᠷᠢᠭ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠵᠢᠴᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/18
     ᠬᠠᠷᠢᠶᠠᠲᠤ ᠣᠷᠣᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠭᠠᠯ ᠤᠨ ᠭᠠᠮᠰᠢᠭ ᠢ ᠰᠡᠷᠭᠡᠶᠢᠯᠡᠬᠦ ᠤᠬᠠᠮᠰᠠᠷ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠵᠢᠴᠢ ᠭᠠᠯ ᠤᠨᠲᠠᠷᠠᠭᠠᠬᠤ ᠦᠢᠯᠡᠳᠦᠯᠭᠡ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠬᠠᠳᠠ ᠨᠡᠶᠢᠭᠡᠮ ᠲᠣᠭᠤᠷᠢᠭ ᠤᠨ ᠬᠢᠨ ᠴᠢᠩᠱᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠵᠢᠴᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ᠃       ᠰᠣᠷᠢᠯᠲᠠ ᠡᠬᠢᠯᠡᠬᠦ ᠠᠴᠠ ᠡᠮᠦᠨ᠎ᠡ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠣᠯᠠᠨ ᠳᠤ ᠭᠠᠯ ᠤᠨᠲᠠᠷᠠᠭᠠᠬᠤ ᠮᠡᠳᠡᠯᠭᠡ ᠪᠠ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠨᠠᠷᠢᠨ ᠳᠦᠷᠢᠮ ᠢ ᠲᠠᠶᠢᠯᠪᠤᠷᠢᠯᠠᠨ ᠥᠭᠴᠦ᠂ ᠲᠤᠬᠠᠢ ᠶᠢᠨ ᠲᠠᠯᠠᠪᠤᠷ ᠲᠤ ᠤᠯᠠᠨ ᠢᠶᠠᠷ ᠢᠶᠠᠨ ᠭᠠᠯ ᠤᠨᠲᠠᠷᠠᠭᠠᠭᠤᠷ ᠢ ᠬᠡᠷᠡᠭᠯᠡᠬᠦ ᠳᠡᠭᠡᠨ ᠬᠡᠷᠬᠢᠨ ᠭᠠᠯ ᠤᠨᠲᠠᠷᠠᠭᠠᠬᠤ ᠬᠠᠷᠢᠭᠤᠴᠠᠯᠭ᠎ᠠ ᠶᠢᠨ ᠤᠬᠠᠮᠰᠠᠷ ᠢ ᠪᠤᠢ ᠪᠣᠯᠭᠠᠬᠤ᠂ ᠭᠠᠯ ᠤᠨᠲᠠᠷᠠᠭᠠᠬᠤ ᠠᠮᠤᠷ ᠲᠦᠪᠰᠢᠨ ᠤ ᠭᠡᠮ ᠰᠣᠭᠤᠭ ᠢ ᠠᠷᠢᠯᠭᠠᠬᠤ᠂ ᠠᠩᠬᠠᠨ ᠤ ᠦᠶ᠎ᠡ ᠶᠢᠨ ᠭᠠᠯ ᠢ ᠤᠨᠲᠠᠷᠠᠭᠠᠬᠤ᠂ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠪᠠᠭ᠎ᠠ ᠬᠡᠮᠵᠢᠶᠡᠨ ᠳᠤ ᠬᠦᠷᠲᠡᠯ᠎ᠡ ᠪᠠᠭᠠᠰᠬᠠᠬᠤ ᠵᠡᠷᠭᠡ ᠲᠠᠯ᠎ᠠ ᠪᠠᠷ ᠲᠤᠰ ᠲᠤᠰ ᠨᠡᠶᠢᠭᠡᠮ ᠲᠣᠭᠤᠷᠢᠭ ᠤᠨ ᠠᠵᠢᠯᠲᠠᠨ ᠪᠠ ᠬᠠᠷᠢᠶ᠎ᠠ ᠣᠷᠣᠨ ᠤ ᠠᠳᠠᠯ ᠠᠬᠤᠢ ᠶᠢᠨ ᠦᠢᠯᠡᠰ ᠲᠤ ᠪᠦᠬᠦ ᠲᠠᠯ᠎ᠠ ᠶᠢᠨ ᠪᠣᠯᠪᠠᠰᠤᠷᠠᠯ ᠬᠦᠷᠲᠡᠭᠡᠵᠡᠢ᠃ ᠡᠭᠦᠨ ᠤ ᠳᠠᠷᠠᠭ᠎ᠠ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠪᠠ ᠠᠳᠠᠯ ᠠᠬᠤᠢ ᠶᠢᠨ ᠭᠠᠯ ᠤᠨᠲᠠᠷᠠᠭᠠᠭᠴᠢ ᠪᠠᠷ ᠪᠦᠷᠢᠯᠳᠦᠭᠰᠡᠨ ᠰᠣᠷᠢᠯᠲᠠ ᠶᠢᠨ ᠳᠤᠭᠤᠶᠢᠯᠠᠩ ᠨᠢ ᠭᠠᠯ ᠤᠨᠲᠠᠷᠠᠭᠠᠭᠤᠷ ᠢ ᠵᠥᠪ ᠣᠨᠣᠪᠴᠢᠲᠠᠶ ᠬᠡᠷᠡᠭᠯᠡᠬᠦ ᠠᠷᠭ᠎ᠠ ᠶᠢ ᠦᠵᠡᠭᠦᠯᠵᠦ᠂ ᠭᠠᠯ ᠤᠨ ᠠᠶᠤᠯ ᠡᠭᠦᠰᠬᠦ ᠦᠶ᠎ᠡ ᠳᠤ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ᠂ ᠲᠦᠷᠭᠡᠨ ᠠᠪᠤᠷᠠᠬᠤ᠂ ᠭᠠᠯ ᠤᠨᠲᠠᠷᠠᠭᠠᠬᠤ ᠲᠥᠬᠦᠭᠡᠷᠦᠮᠵᠢ ᠶᠢ ᠵᠥᠪ ᠣᠨᠣᠪᠴᠢᠲᠠᠶ ᠬᠡᠷᠡᠭᠯᠡᠨ ᠠᠩᠬᠠᠨ ᠤ ᠦᠶ᠎ᠡ ᠶᠢᠨ ᠭᠠᠯ ᠤᠨ ᠠᠶᠤᠯ ᠢ ᠤᠨᠲᠠᠷᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠪᠥᠬᠦ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠮᠰᠠᠷ ᠢ ᠦᠨᠡᠨᠬᠦ ᠳᠡᠭᠡᠭᠰᠢᠯᠡᠭᠦᠯᠪᠡ᠃       ᠲᠠᠷᠠᠭᠠᠴᠢ ᠶᠢᠨ ᠠᠯᠬᠤᠮ ᠳᠤ᠂ ᠬᠠᠳᠠ ᠨᠡᠶᠢᠭᠡᠮ ᠲᠣᠭᠤᠷᠢᠭ ᠤᠨ ᠬᠢᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ᠂ ᠲᠤᠬᠠᠢ ᠶᠢᠨ ᠲᠠᠯᠠᠪᠤᠷ ᠤᠨ ᠰᠣᠷᠢᠯᠲᠠ ᠵᠡᠷᠭᠡ ᠶᠢᠨ ᠲᠣᠭᠤᠷᠢᠨ ᠳᠤ ᠠᠭᠤᠯᠭ᠎ᠠ ᠪᠠᠷ ᠪᠠᠶᠠᠯᠢᠭ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠬᠡᠯᠪᠡᠷᠢ ᠪᠠᠷ ᠰᠠᠭᠤᠭᠠᠯᠢ ᠠᠷᠠᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠭᠠᠯ ᠤᠨᠲᠠᠷᠠᠭᠠᠬᠤ ᠮᠡᠳᠡᠯᠭᠡ ᠶᠢ ᠰᠤᠷᠤᠯᠴᠠᠭᠤᠯᠵᠤ᠂ ︽ᠪᠥᠬᠦ ᠠᠷᠠᠳ ᠢᠶᠠᠷ ᠢᠶᠠᠨ ᠭᠠᠯ ᠤᠨᠲᠠᠷᠠᠭᠠᠬᠤ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠣᠶ ᠪᠣᠯᠭᠠᠵᠤ᠂ ᠠᠮᠤᠷ ᠲᠦᠪᠰᠢᠨ ᠡᠶ᠎ᠡ ᠵᠣᠬᠢᠴᠠᠯ ᠲᠠᠢ ᠡᠷᠡᠭᠦᠯ ᠡᠩᠬᠡ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号