ᠴᠢᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ︽ᠡᠷᠬᠢᠨ ᠬᠠᠷᠠᠬᠤ︾ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/12/18
      ᠡᠮᠦᠨᠡᠬᠢ ᠬᠤᠭᠤᠴᠠᠭᠠᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠳᠤᠳᠬᠠᠵᠤ᠂ ᠰᠢᠲᠠᠮᠠᠬᠠᠢ ᠬᠡᠢ ᠶᠢᠨ ᠠᠳᠡᠯ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠪᠤᠭᠤᠲᠤ ᠬᠤᠲᠠ ᠶᠢᠨ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠲᠤᠰᠬᠠᠢ ᠠᠩᠭᠢ ᠶᠢᠨ ᠳᠠᠷᠤᠮᠠᠯᠯᠠᠨ ᠲᠠᠷᠬᠠᠭᠠᠭᠰᠠᠨ ︽ᠪᠥᠬᠦ ᠬᠤᠲᠠ ᠶᠢᠨ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ︿ᠡᠷᠬᠢᠨ ᠬᠠᠷᠠᠬᠤ﹀ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ 12  ᠰᠠᠷ᠎ᠠ ᠶᠢᠨ 11 ᠤ ᠡᠳᠦᠷ ᠠᠴᠠ ᠡᠬᠢᠯᠡᠨ᠂ ᠴᠢᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠪᠥᠬᠦ ᠲᠤᠭᠤᠷᠢᠭ ᠤᠨ ᠬᠡᠪᠴᠢᠶᠡᠨ ᠳᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ︽ᠡᠷᠬᠢᠨ ᠬᠠᠷᠠᠬᠤ︾ ᠠᠵᠢᠯᠯᠠᠭ᠎ᠠ ᠶᠢ ᠥᠷᠨᠢᠭᠦᠯᠦᠨ᠎ᠡ᠃       ᠲᠣᠰ ᠤᠳᠠᠭᠠᠨ ᠤ ︽ᠡᠷᠬᠢᠨ ᠬᠠᠷᠠᠬᠤ︾ ᠲᠤᠰᠬᠠᠢ ᠠᠵᠢᠯᠯᠠᠭ᠎ᠠ ᠨᠢ ᠨᠢᠭᠡ ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠬᠤ᠂ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ᠂ 1  ᠠᠴᠠ 2 ᠨᠡᠷᠡᠰ ᠲᠤᠰᠬᠠᠢ ᠮᠡᠷᠭᠡᠵᠢᠯᠲᠡᠨ ᠵᠢᠴᠢ 1 ᠨᠡᠷᠡᠰ ᠲᠤᠰᠬᠠᠢ ᠴᠡᠭᠴᠡᠯᠡᠨ ᠵᠠᠰᠠᠬᠤ APP ᠶᠢ ᠪᠣᠯᠪᠠᠰᠤᠷᠠᠩᠭᠤᠢ ᠡᠵᠡᠮᠰᠢᠭᠰᠡᠨ ᠠᠵᠢᠯᠯᠠᠭᠴᠢ ᠪᠠᠷ ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠤᠰᠢᠭᠤ ᠰᠢᠶᠠᠨ ᠲᠣᠭᠤᠷᠢᠭ ᠤᠨ ᠬᠠᠷᠢᠯᠴᠠᠨ ᠪᠠᠶᠢᠴᠠᠭᠠᠬᠤ᠂ ᠡᠵᠡᠩᠨᠡᠯᠲᠡ ᠶᠢᠨ ᠨᠢᠭᠡᠴᠡ ᠶᠢᠨ ᠥᠪᠡᠰᠦᠪᠡᠨ ᠪᠠᠶᠢᠴᠠᠭᠠᠬᠤ ᠪᠠ ᠪᠠᠶᠢᠴᠠᠭᠠᠬᠤ ᠳᠤᠭᠤᠶᠢᠯᠠᠩ ᠤᠨ ᠰᠤᠭᠤᠴᠢᠨ ᠪᠠᠶᠢᠴᠠᠭᠠᠬᠤ ᠠᠷᠭ᠎ᠠ ᠮᠠᠶ᠋ᠢᠭ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠵᠢᠭᠰᠠᠭᠠᠨ ᠪᠠᠶᠢᠴᠠᠭᠠᠬᠤ ᠬᠡᠪᠴᠢᠶ᠎ᠡ ᠳᠤ᠄ ᠬᠠᠷᠢᠶ᠎ᠠ ᠣᠷᠣᠨ ᠤ ᠬᠡᠪᠴᠢᠶᠡᠨ ᠳᠠᠬᠢ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠤ ᠠᠬᠤᠶᠢᠯᠠᠯ᠂ ᠯᠣᠩᠬᠤᠨ ᠳᠤ ᠰᠠᠪᠠᠯᠠᠭᠰᠠᠨ ᠰᠢᠩᠭᠡᠵᠢᠭᠦᠯᠦᠭᠰᠡᠨ ᠴᠢᠯᠠᠭᠤᠨ ᠲᠣᠰᠣᠨ ᠤ ᠬᠡᠢ ᠡᠵᠡᠩᠨᠡᠬᠦ᠂ ᠳᠦᠭᠦᠷᠭᠡᠨ ᠤᠭᠰᠠᠷᠠᠬᠤ ᠠᠵᠤ ᠠᠬᠤᠶᠢᠯᠠᠯ︔ ᠰᠢᠲᠠᠮᠠᠬᠠᠢ ᠬᠡᠢ ᠶᠢ ᠬᠡᠷᠡᠭᠯᠡᠬᠦ ᠢᠳᠡᠭᠡᠨ ᠤᠮᠳᠠᠭᠠᠨ ᠤ ᠲᠠᠯᠠᠪᠤᠷ ᠭᠠᠵᠠᠷ ︵ᠬᠤᠭᠤᠯᠠᠢ ᠪᠠᠷ ᠳᠠᠮᠵᠢᠭᠤᠯᠬᠤ ᠪᠠᠶᠢᠭᠠᠯᠢ ᠶᠢᠨ ᠰᠢᠲᠠᠮᠠᠬᠠᠢ ᠬᠡᠢ᠂ ᠰᠢᠩᠭᠡᠨᠵᠢᠮᠡᠯ ᠴᠢᠯᠠᠭᠤᠨ ᠲᠣᠰᠣᠨ ᠤ ᠬᠡᠢ ᠪᠠᠭᠲᠠᠨ᠎ᠠ︶︔ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠬᠥᠮᠥᠨ ᠣᠯᠠᠨ ᠴᠤᠭᠯᠠᠷᠠᠳᠠᠭ ᠲᠠᠯᠠᠪᠤᠷ︔ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠪᠣᠷᠣᠯᠠᠭᠤᠯᠬᠤ ᠵᠠᠬ᠎ᠠ ᠳᠡᠯᠭᠡᠭᠦᠷ︔ ᠪᠠᠶᠢᠭᠤᠯᠵᠤ ᠪᠠᠶᠢᠭ᠎ᠠ᠂ ᠰᠢᠨ᠎ᠡ ᠪᠠᠷ ᠪᠠᠶᠢᠭᠤᠯᠵᠤ ᠪᠠᠶᠢᠭ᠎ᠠ ︵ᠥᠷᠭᠡᠳᠬᠡᠨ ᠪᠠᠶᠢᠭᠤᠯᠵᠤ ᠪᠠᠶᠢᠭ᠎ᠠ︶ ᠰᠢᠲᠠᠮᠠᠬᠠᠢ ᠬᠡᠢ ᠶᠢᠨ ᠢᠨᠵᠧᠨᠧᠷᠢᠩ︔ ᠬᠠᠭᠤᠴᠢᠨ ᠲᠣᠭᠤᠷᠢᠭ᠂ ᠬᠤᠲᠠ ᠬᠥᠳᠡᠭᠡ ᠶᠢᠨ ᠠᠭᠤᠯᠵᠠᠷ ᠭᠠᠵᠠᠷ ᠵᠢᠴᠢ ᠬᠥᠳᠡᠭᠡ ᠲᠣᠰᠬᠤᠨ ᠤ ︽ᠰᠢᠲᠠᠮᠠᠬᠠᠢ ᠬᠡᠢ ᠪᠠᠷ ᠨᠡᠭᠦᠷᠡᠰᠦ ᠶᠢ ᠣᠷᠣᠯᠠᠭᠤᠯᠤᠨ᠎ᠠ︾᠃       ᠪᠠᠶᠢᠴᠠᠭᠠᠬᠤ ᠳᠤᠭᠤᠶᠢᠯᠠᠩ ᠤᠨ ᠬᠢᠨ ᠲᠤᠰᠬᠠᠢ ᠴᠡᠭᠴᠡᠯᠡᠨ ᠵᠠᠰᠠᠬᠤ ᠮᠡᠳᠡᠭᠡ ᠵᠠᠩᠭᠢ ᠶᠢᠨ ᠰᠢᠰᠲ᠋ᠧᠮ ᠤᠨ APP ᠶᠢ ᠬᠡᠷᠡᠭᠯᠡᠨ᠂ ᠤᠮᠠᠷᠠᠲᠤ ᠶᠢᠨ ᠡᠮᠨᠡᠯᠭᠡ ᠶᠢᠨ ᠬᠤᠷᠢᠶ᠎ᠠ᠂ ᠤᠮᠠᠷᠠᠲᠤ ᠶᠢᠨ ᠵᠣᠴᠢᠳ ᠤᠨ ᠪᠠᠭᠤᠳᠠᠯ᠂ ᠴᠢᠩᠱᠠᠨ ᠸᠠᠩ ᠹᠦ᠋ ᠵᠢᠩ ᠳᠡᠯᠭᠡᠭᠦᠷ᠂ ᠪᠤᠭᠤᠲᠤ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠵᠡᠷᠭᠡ ᠬᠥᠮᠥᠨ ᠣᠯᠠᠨ ᠴᠤᠭᠯᠠᠷᠠᠳᠠᠭ 4 ᠲᠠᠯᠠᠪᠤᠷ ᠢ ᠲᠣᠬᠢᠶᠠᠯᠳᠤᠯ ᠢᠶᠠᠷ ᠰᠣᠩᠭᠤᠨ ᠠᠪᠴᠤ᠂ ᠡᠮᠦᠨ᠎ᠡ ᠬᠤᠭᠤᠴᠠᠭᠠᠨ ᠳᠤ ᠢᠯᠡᠷᠡᠭᠦᠯᠦᠭᠰᠡᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠷᠦᠯᠴᠡᠬᠦ ᠦᠭᠡᠢ ᠭᠠᠵᠠᠷ ᠣᠷᠣᠨ ᠳᠤ ᠴᠢᠭᠯᠡᠭᠦᠯᠦᠨ ᠪᠣᠳᠠᠲᠠᠢ ᠱᠠᠭᠠᠷᠳᠠᠯᠭ᠎ᠠ ᠳᠤᠷᠠᠳᠴᠤ᠂ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ  ᠪᠠᠲᠤᠯᠠᠵᠠᠢ᠃ ᠡᠭᠦᠨ ᠤ ᠬᠠᠮᠲᠤ᠂ ᠬᠡᠷᠡᠭᠯᠡᠭᠴᠢ ᠶᠢᠨ ᠰᠢᠲᠠᠮᠠᠬᠠᠢ ᠬᠡᠢ ᠬᠡᠷᠡᠭᠯᠡᠬᠦ ᠣᠷᠴᠢᠨ ᠲᠣᠭᠤᠷᠢᠨ ᠵᠡᠷᠭᠡ ᠳᠤ ᠪᠥᠬᠦ ᠲᠠᠯ᠎ᠠ ᠶᠢᠨ᠂ ᠨᠠᠷᠢᠨ ᠨᠢᠮᠪᠠᠢ ᠳᠠᠬᠢᠨ ᠵᠢᠭᠰᠠᠭᠠᠨ ᠪᠠᠶᠢᠴᠠᠭᠠᠯᠲᠠ ᠬᠢᠨ᠎ᠡ᠃       ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠳᠠᠯᠳᠠ ᠬᠡᠮ ᠢ ︽ᠡᠷᠬᠢᠨ ᠬᠠᠷᠠᠬᠤ︾ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠴᠢᠩᠱᠠᠨ ᠲᠣᠭᠤᠷᠢᠭ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号