ᠴᠢᠩᠱᠠᠨ ᠲᠣᠭᠤᠷᠢᠭ 2023 ᠣᠨ ᠤ ᠰᠢᠭᠤᠳ ᠬᠠᠷᠢᠶ᠎ᠠ ᠨᠠᠮ ︵ᠠᠵᠢᠯᠴᠢᠨ ᠤ ᠡᠪᠯᠡᠯ︶᠎ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/19
      12 ᠰᠠᠷ᠎ᠠ ᠶᠢᠨ 18᠎ ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ︵ᠥᠷᠭᠡᠳᠬᠡᠭᠰᠡᠨ︶᠎ ᠶᠢᠨ ᠬᠤᠷᠠᠯ ᠵᠢᠴᠢ 2023 ᠣᠨ ᠤ ᠲᠤᠭᠤᠷᠢᠭ ᠤᠨ ᠰᠢᠭᠤᠳ ᠬᠠᠷᠢᠶ᠎ᠠ ᠨᠠᠮ ︵ᠠᠵᠢᠯᠴᠢᠨ ᠤ ᠡᠪᠯᠡᠯ︶᠎ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠪᠤᠭᠤᠲᠤ ᠬᠤᠳᠠ ᠶᠢᠨ ︽ᠬᠤᠶᠠᠷ ᠰᠢᠨ᠎ᠡ︾᠎ ᠶᠢᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠬᠤᠷᠠᠯ ᠳᠤ ᠣᠷᠣᠯᠴᠠᠨ ᠵᠢᠭᠠᠨ ᠵᠢᠯᠤᠭᠤᠳᠴᠤ ᠦᠨᠡᠯᠡᠯᠲᠡ ᠬᠢᠵᠡᠢ᠃       ᠬᠤᠷᠠᠯ ᠳᠡᠭᠡᠷ᠎ᠡ᠂ ᠡᠯ᠎ᠡ ᠵᠡᠭᠡᠯᠢ ᠪᠠᠯᠭᠠᠰᠤ ᠶᠢᠨ ᠨᠠᠮ ︵ᠠᠵᠢᠯᠴᠢᠨ ᠤ ᠡᠪᠯᠡᠯ︶᠎ ᠤᠨ ᠬᠤᠷᠢᠶ᠎ᠠ᠂ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠲᠤᠭᠤᠷᠢᠭ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠲᠤᠰᠢᠶᠠᠯ ᠤᠨ ᠮᠡᠳᠡᠭᠦᠯᠦᠯᠲᠡ ᠬᠢᠵᠦ᠂ ᠪᠤᠰᠤᠳ ᠰᠢᠭᠤᠳ ᠬᠠᠷᠢᠶ᠎ᠠ ᠨᠠᠮ ︵ᠠᠵᠢᠯᠴᠢᠨ ᠤ ᠡᠪᠯᠡᠯ︶᠎ ᠤᠨ ᠬᠤᠷᠢᠶ᠎ᠠ ᠶᠢᠨ ᠱᠦᠵᠢ ᠪᠢᠴᠢᠭ ᠤᠨ ᠬᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠵᠡᠢ᠃ ᠳ᠋ᠢᠩ ᠺᠠᠢ ᠨᠢᠭᠡᠳ ᠨᠢᠭᠡ ᠪᠠᠷ ᠦᠨᠡᠯᠡᠪᠡ᠃ ᠡᠯ᠎ᠡ ᠪᠠᠶᠢᠩᠭᠤ ᠶᠢᠨ ᠭᠡᠰᠢᠭᠦᠳ ᠶᠡᠷᠦᠩᠬᠡᠶᠢᠯᠡᠭᠰᠡᠨ ᠦᠨᠡᠯᠡᠯᠲᠡ ᠬᠢᠪᠡ᠃       ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠳ᠋ᠢᠩ ᠺᠠᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠪᠦᠬᠦ ᠵᠢᠯ ᠤᠨ ᠡᠯ᠎ᠡ ᠵᠦᠢᠯ ᠤᠨ ᠠᠵᠢᠯ ᠢ ᠬᠥᠲᠥᠯᠥᠨ ᠳᠠᠭᠠᠭᠤᠯᠵᠤ ᠲᠣᠭᠲᠠᠭᠤᠨ ᠤ ᠳᠤᠮᠳᠠ ᠤᠷᠤᠭᠰᠢᠯᠠᠬᠤ᠂ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠬᠦ᠂ ᠲᠣᠭᠲᠠᠭᠤᠨ ᠤ ᠳᠤᠮᠳᠠ ᠰᠠᠶᠢᠵᠢᠷᠠᠬᠤ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠳ᠋ᠢᠩ ᠺᠠᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠵᠢᠯᠣᠭᠤᠳᠤᠯᠭ᠎ᠠ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠪᠠ ᠪᠤᠭᠤᠲᠤ ᠳᠤ ᠭᠠᠷᠭᠠᠭᠰᠠᠨ ︽ᠨᠢᠭᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠭᠤᠣᠯ ᠰᠡᠳᠦᠪᠲᠦ ᠬᠥᠮᠦᠵᠢᠯ ᠪᠠ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠨᠢᠭᠡᠳᠦᠯᠲᠡᠢ ᠲᠥᠯᠥᠪᠵᠢᠭᠦᠯᠬᠦ ᠶᠢ ᠠᠳᠬᠤᠬᠤ᠂ ᠦᠨᠳᠦᠰᠦᠨ ᠱᠠᠲᠤ ᠶᠢ ᠠᠳᠬᠤᠬᠤ ᠰᠠᠭᠤᠷᠢᠨ ᠳᠡᠭᠡᠷ᠎ᠡ ᠬᠦᠴᠦ ᠲᠠᠯᠪᠢᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠲᠤᠰ ᠪᠡᠶ᠎ᠡ ᠶᠢᠨ ᠠᠵᠢᠯ ᠤᠨ ᠭᠠᠷᠳᠠᠴᠠ ᠪᠠ ᠤᠶᠠᠯᠳᠤᠯ ᠤᠨ ᠴᠡᠭ ᠢ ᠨᠢ ᠣᠨᠣᠪᠴᠢᠲᠠᠢ ᠡᠷᠢᠵᠦ᠂ ᠳᠡᠭᠡᠳᠦ ᠭᠤᠷᠪᠠᠨ ᠱᠠᠲᠤᠨ ᠤ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯ ᠦᠢᠯᠡᠰ ᠪᠦᠲᠦᠭᠡᠬᠦ ᠶᠢ ᠳᠠᠶᠢᠴᠢᠯᠠᠵᠤ᠂ ᠡᠯ᠎ᠡ ᠵᠦᠢᠯ ᠤᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠳᠠᠰᠤᠷᠠᠯᠳᠠ ᠦᠭᠡᠢ ᠠᠬᠢᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠪᠦᠬᠦ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠲᠤᠰᠢᠶᠠᠯ ᠤᠨ ᠮᠡᠳᠡᠭᠦᠯᠦᠯᠲᠡ ᠳᠠᠭᠤᠰᠤᠭᠰᠠᠨ ᠤ ᠳᠠᠷᠠᠭ᠎ᠠ᠂ 2023 ᠣᠨ ᠤ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠣᠷᠣᠨ ᠪᠦᠰᠡ ᠶᠢᠨ ᠪᠦᠯᠦᠭᠯᠡᠯ ᠤᠨ ᠨᠠᠮ ᠤᠨ ᠠᠵᠢᠯᠯᠠᠬᠤ ᠬᠤᠷᠢᠶ᠎ᠠ ᠶᠢᠨ ᠵᠢᠵᠢᠭᠦᠷᠯᠡᠬᠦ ᠬᠤᠨᠳᠠᠭ᠎ᠠ ᠶᠢ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠶᠠᠪᠤᠭᠤᠯᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号