ᠴᠢᠩᠱᠠᠨ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ ᠭᠡᠷ ᠤᠨ ᠣᠷᠣᠢ ᠶᠢᠨ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠤᠨ ᠲᠥᠷᠥᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠪᠠ
ᠨᠡᠶᠢᠲᠡᠯᠡᠭᠰᠡᠨ ᠴᠠᠭ᠄
2023/12/20
      ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ ᠭᠡᠷ ᠤᠨ ᠣᠷᠣᠢ ᠶᠢᠨ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠤᠨ ᠲᠥᠷᠥᠯ ᠵᠦᠢᠯ ᠢ ᠬᠤᠸᠠ ᠳ᠋ᠢᠶᠠᠨ ︵ᠪᠤᠭᠤᠲᠤ︶ ᠲᠠᠷᠬᠠᠮᠠᠯ ᠬᠡᠯᠪᠡᠷᠢ ᠶᠢᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ  ᠠᠴᠠ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠪᠠ᠃ ᠲᠤᠰ ᠵᠦᠢᠯᠡᠰ ᠲᠤ ︽ᠥᠪᠡᠰᠦᠪᠡᠨ ᠡᠭᠦᠳᠴᠦ ᠥᠪᠡᠰᠦᠪᠡᠨ ᠬᠡᠷᠡᠭᠯᠡᠬᠦ︾ ᠵᠠᠭᠪᠤᠷ ᠢ ᠬᠡᠷᠡᠭᠯᠡᠵᠦ᠂ ᠴᠠᠬᠢᠯᠭᠠᠨ ᠭᠠᠷᠭᠠᠬᠤ ᠬᠡᠮᠵᠢᠶ᠎ᠡ ᠶᠢ ᠴᠥᠮ ᠨᠠᠮ ᠵᠠᠰᠠᠭ ᠤᠨ ᠪᠠᠶᠢᠭᠤᠯᠭ᠎ᠠ  ᠳᠤ ᠬᠡᠷᠡᠭᠯᠡᠨ᠎ᠡ᠃ ᠲᠥᠷᠥᠯ ᠵᠦᠢᠯ ᠤᠨ ᠶᠡᠷᠦᠩᠬᠡᠢ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ 108.9 kWp ᠪᠠᠶᠢᠵᠤ᠂ 550Wp ᠲᠠᠩ ᠲᠠᠯᠠᠰᠲᠤ ᠴᠠᠬᠢᠭᠤᠷ ᠤᠨ ᠥᠨᠳᠥᠷ ᠦᠷ᠎ᠡ ᠠᠰᠢᠭᠲᠤ ᠨᠡᠷᠡᠨ ᠡᠨᠧᠷᠭᠢ ᠶᠢᠨ ᠳ᠋ᠢᠶᠠᠨ ᡂᠢ ᠶᠢᠨ ᠬᠠᠪᠲᠠᠰᠤ ᠶᠢ 198 ᠤᠭᠰᠠᠷᠠᠪᠠ᠃ ᠬᠦᠨᠳᠦ ᠶᠢᠨ ᠲᠣᠬᠢᠷᠠᠭᠤᠯᠤᠯᠲᠠ ᠶᠢᠨ ᠰᠠᠭᠤᠷᠢ ᠳᠤ ᠳ᠋ᠢᠶᠠᠮᠧᠲᠷ ᠨᠢ 400mm᠂ ᠥᠨᠳᠥᠷ ᠤᠨ ᠬᠡᠮᠵᠢᠶ᠎ᠡ ᠨᠢ 300mm C30 ᠪᠧᠲ᠋ᠤᠨ ᠢ ᠰᠣᠩᠭᠤᠨ ᠬᠡᠷᠡᠭᠯᠡᠪᠡ᠃ ᠬᠡᠷᠡᠯ ᠴᠡᠨᠡᠭ ᠤᠨ ᠬᠠᠪᠲᠠᠰᠤ ᠶᠢᠨ 18 ᠬᠡᠰᠡᠭ ᠨᠢ ᠨᠢᠭᠡ ᠬᠡᠯᠬᠢᠶ᠎ᠡ ᠪᠠᠶᠢᠵᠤ᠂ ᠨᠡᠶᠢᠲᠡ 11 ᠬᠡᠯᠬᠢᠶ᠎ᠡ ᠨᠢ 2 ᠰᠠᠤᠷᠢ 25kW ᠪᠠ 1ᠰᠠᠤᠷᠢ 40kW ᠤᠭᠰᠠᠷᠠᠭ᠎ᠠ ᠬᠡᠯᠪᠡᠷᠢ ᠶᠢᠨ ᠰᠦᠯᠵᠢᠶᠡᠨ ᠳᠤ ᠨᠡᠶᠢᠯᠡᠭᠦᠯᠬᠦ ᠰᠥᠷᠭᠡᠦ ᠬᠤᠪᠢᠷᠠᠭᠠᠭᠤᠷ ᠲᠤ ᠣᠷᠣᠵᠤ᠂ ᠰᠣᠯᠢᠭᠳᠠᠭᠰᠠᠨ ᠤ ᠳᠠᠷᠠᠭ᠎ᠠ 0.4kV ᠴᠠᠬᠢᠯᠭᠠᠨ ᠲᠦᠭᠡᠭᠡᠬᠦ ᠲᠠᠰᠤᠭ ᠲᠤ ᠵᠠᠯᠭᠠᠵᠤ᠂ ᠰᠦᠯᠵᠢᠶᠡᠨ ᠳᠤ ᠨᠡᠶᠢᠯᠡᠭᠦᠯᠦᠨ ᠴᠠᠬᠢᠯᠭᠠᠨ ᠭᠠᠷᠭᠠᠨ᠎ᠠ᠃       ᠲᠥᠷᠥᠯ ᠵᠦᠢᠯ ᠤᠨ ᠵᠢᠯ ᠤᠨ ᠳᠤᠮᠳᠠᠴᠢ ᠴᠠᠬᠢᠯᠭᠠᠨ ᠭᠠᠷᠭᠠᠬᠤ ᠬᠡᠮᠵᠢᠶ᠎ᠡ ᠨᠢ 14.33 ᠲᠦᠮᠡᠨ kwh ᠪᠣᠯᠣᠨ᠎ᠠ᠃ ᠢᠯᠴᠢ ᠶᠢᠨ ᠴᠠᠬᠢᠯᠭᠠᠨ ᠤ kW·h ᠪᠦᠷᠢ ᠶᠢᠨ ᠴᠠᠬᠢᠯᠭᠠᠨ ᠤ ᠬᠡᠮᠵᠢᠶ᠎ᠡ ᠪᠠᠷ 305.5g ᠪᠠᠷᠢᠮᠵᠢᠶᠠᠲᠤ ᠨᠡᠭᠦᠷᠡᠰᠦ ᠶᠢ ᠬᠤᠷᠣᠭᠳᠠᠭᠤᠯᠬᠤ ᠪᠠᠷ ᠪᠤᠳᠤᠪᠠᠯ᠂ ᠵᠢᠯ ᠪᠦᠷᠢ ᠪᠠᠷᠢᠮᠵᠢᠶᠠᠲᠤ ᠨᠡᠭᠦᠷᠡᠰᠦ ᠶᠢ 43.77 ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠷᠤᠭ 118 ᠲᠣᠨ ᠪᠠᠭᠠᠰᠬᠠᠨ᠎ᠠ᠃       ᠲᠤᠰ ᠲᠥᠷᠥᠯ ᠵᠦᠢᠯ ᠪᠣᠯ ᠴᠢᠩᠱᠠᠨ ᠲᠣᠭᠤᠷᠢᠭ ᠤᠨ ᠪᠦᠬᠦ᠋ᠢᠯᠡ ᠲᠣᠭᠤᠷᠢᠭ ᠤᠨ ᠭᠡᠷ ᠤᠨ ᠣᠷᠣᠢ ᠶᠢᠨ ᠲᠠᠷᠬᠠᠮᠠᠯ ᠬᠡᠯᠪᠡᠷᠢ ᠶᠢᠨ ᠭᠡᠷᠡᠯ ᠴᠡᠨᠡᠭ ᠤᠨ ᠤᠯᠤᠰ ᠤᠨ ᠳᠡᠰ ᠤᠨ ᠲᠤᠷᠰᠢᠯᠲᠠ ᠶᠢᠨ ᠴᠡᠭ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠂ ᠤᠯᠤᠰ ᠤᠨ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠭᠢᠯ ᠬᠡᠮᠵᠢᠭᠳᠡᠯ  ᠠᠴᠠ ᠪᠠᠭᠤᠷᠠᠭᠤᠯᠬᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠰᠠᠭᠠᠷᠮᠠᠭᠵᠢᠯᠲᠠ︾ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠤᠯᠤᠰ ᠤᠨ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠭᠢᠯ ᠬᠡᠮᠵᠢᠭᠳᠡᠯ ᠠᠴᠠ ᠪᠠᠭᠤᠷᠠᠭᠤᠯᠬᠤ︾ ᠲᠤᠷᠰᠢᠯᠲᠠ ᠶᠢᠨ ᠴᠡᠭ ᠤᠨ ᠬᠤᠲᠠ ᠶᠢ ᠴᠣᠭᠴᠠᠯᠠᠨ ᠪᠠᠶᠢᠭᠤᠯᠬᠤ ᠪᠣᠳᠠᠲᠠᠢ ᠠᠵᠢᠯᠯᠠᠭ᠎ᠠ ᠪᠠᠶᠢᠵᠤ᠂ ᠭᠠᠵᠠᠷ ᠣᠷᠣᠨ ᠤ ᠡᠨᠧᠷᠭᠢ ᠶᠢᠨ ᠬᠡᠷᠡᠭᠯᠡᠭᠡᠨ ᠤ ᠪᠦᠲᠦᠴᠡ ᠶᠢ ᠰᠢᠯᠢᠳᠡᠭᠵᠢᠭᠦᠯᠬᠦ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠠᠬᠢᠭᠤᠯᠬᠤ᠂ ᠪᠣᠬᠢᠷᠲᠤᠯ ᠦᠭᠡᠢ ᠪᠠᠶᠢᠭᠤᠯᠭ᠎ᠠ ᠶᠢ ᠪᠠᠶᠢᠭᠤᠯᠬᠤ᠂ ᠨᠡᠭᠦᠷᠡᠰᠦᠲᠥ᠋ᠷᠥᠭᠴᠢ  ᠶᠢᠨ ᠳᠠᠪᠬᠤᠷ ᠢᠰᠦᠯ ᠪᠠᠭ᠎ᠠ ᠰᠠᠭᠤᠷᠢᠰᠢᠬᠤ ᠳᠤ ᠲᠣᠬᠢᠷᠠᠮᠵᠢᠲᠠᠢ ᠬᠤᠲᠠ ᠶᠢᠨ ᠲᠣᠭᠤᠷᠢᠭ ᠢ ᠴᠣᠭᠴᠠᠯᠠᠨ ᠪᠠᠶᠢᠭᠤᠯᠬᠤ ᠵᠡᠷᠭᠡ ᠲᠠᠯ᠎ᠠ ᠪᠠᠷ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃       ᠲᠣᠰ ᠤᠳᠠᠭ᠎ᠠ ᠵᠡᠷᠭᠡᠪᠡᠷ ᠴᠠᠬᠢᠯᠭᠠᠨ ᠭᠠᠷᠭᠠᠵᠤ ᠪᠠᠶᠢᠭ᠎ᠠ ᠨᠢ ᠪᠠᠰᠠ ᠴᠢᠩᠱᠠᠨ ᠲᠣᠭᠤᠷᠢᠭ ᠤᠨ 4 ᠪᠠᠭ᠎ᠠ ᠰᠤᠷᠭᠠᠭᠤᠯᠢ ᠪᠠᠶᠢᠵᠤ᠂ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠬᠡᠪᠴᠢᠶ᠎ᠡ ᠨᠢ 0.2475 ᠰᠠᠶ᠎ᠠ ᠸᠠᠲ ᠪᠠᠶᠢᠵᠤ᠂ ᠨᠡᠶᠢᠲᠡ 550Wp ᠲᠠᠩ ᠲᠠᠯᠠᠰᠲᠤ ᠴᠠᠬᠢᠭᠤᠷ ᠤᠨ ᠥᠨᠳᠥᠷ ᠦᠷ᠎ᠡ ᠠᠰᠢᠭᠲᠤ ᠨᠡᠷᠡᠨ ᠡᠨᠧᠷᠭᠢ ᠶᠢᠨ ᠳ᠋ᠢᠶᠠᠨ ᡂᠢ ᠶᠢᠨ ᠬᠠᠪᠲᠠᠰᠤ ᠶᠢ 450 ᠤᠭᠰᠠᠷᠠᠵᠤ᠂ ᠰᠤᠷᠭᠠᠭᠤᠯᠢ ᠶᠢᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠬᠠᠩᠭᠠᠵᠤ᠂ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠭᠡᠢ︾ ᠰᠤᠷᠭᠠᠭᠤᠯᠢ ᠶᠢ ᠦᠨᠳᠦᠰᠦᠨ ᠳᠡᠭᠡᠨ ᠪᠡᠶᠡᠯᠡᠭᠦᠯᠵᠦ ᠴᠢᠳᠠᠨ᠎ᠠ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号