12 ᠰᠠᠷ᠎ᠠ ᠶᠢᠨ 22 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠤᠳᠠᠭᠠᠨ ᠤ ᠲᠣᠬᠢᠷᠠᠭᠤᠯᠤᠨ ᠠᠬᠢᠭᠤᠯᠬᠤ ᠬᠤᠷᠠᠯ | ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ | ᠳᠤᠭᠤᠶᠢᠯᠠᠩ ᠤᠨ ᠳᠡᠳ᠋ ᠳᠠᠷᠤᠭ᠎ᠠ᠂ ᠠᠯᠪᠠᠨ ᠭᠡᠷ ᠤᠨ ᠡᠷᠬᠢᠯᠡᠭᠴᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠲᠥᠪ ᠤᠨ ᠨᠢᠭᠡᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠪᠤᠭᠤᠲᠤ ᠳᠤ | ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠭᠤᠣᠯ ᠰᠡᠳᠦᠪᠲᠦ ᠬᠥᠮᠦᠵᠢᠯ ᠢ ᠵᠢᠯᠤᠭᠤᠳᠬᠤ ᠬᠠᠮᠢᠶ᠎ᠠ ᠪᠦᠬᠦᠢ | ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ | ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠠᠵᠢᠯ ᠢ ᠲᠦᠯᠬᠢᠨ ᠠᠬᠢᠭᠤᠯᠬᠤ ᠬᠤᠷᠠᠯ ᠪᠠ | ᠬᠤᠲᠠ ᠶᠢᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ | ᠭᠤᠷᠪᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠰᠤᠷᠤᠯᠴᠠᠯᠭ᠎ᠠ ᠳᠤ | ᠣᠷᠣᠯᠴᠠᠭᠰᠠᠨ ᠨᠢᠭᠡᠴᠡ ᠶᠢᠨ ᠭᠤᠣᠯ ᠰᠡᠳᠦᠪᠲᠦ ᠬᠥᠮᠦᠵᠢᠯ ᠤᠨ ᠠᠬᠢᠴᠠ ᠶᠢᠨ ᠪᠠᠶᠢᠳᠠᠯ ᠢ ᠰᠣᠨᠣᠰᠬᠤ ᠶᠢᠨ ᠬᠠᠮᠲᠤ | ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠠᠵᠢᠯ ᠤᠨ ᠱᠠᠭᠠᠷᠳᠠᠯᠭ᠎ᠠ ᠳᠤᠷᠠᠳᠬᠤ ᠶᠢᠨ ᠬᠠᠮᠲᠤ ︽ᠨᠠᠮ ᠤᠨ | ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢᠨ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠮᠠᠨ ᠤ ᠲᠤᠭᠤᠷᠢᠭ ᠤᠨ ᠭᠤᠣᠯ ᠰᠡᠳᠦᠪᠲᠦ ᠰᠤᠷᠭᠠᠨ ᠬᠥᠮᠦᠵᠢᠯ ᠱᠠᠲᠤᠴᠢ ᠴᠢᠨᠠᠷᠲᠠᠢ ᠦᠷ᠎ᠡ | ᠪᠦᠲᠦᠮᠵᠢ ᠣᠯᠬᠤ ᠶᠢᠨ ᠬᠠᠮᠲᠤ ᠪᠠᠰᠠ ᠵᠠᠷᠢᠮ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠂ | ᠨᠢᠭᠡᠳᠦᠯᠲᠡᠢ ᠲᠥᠯᠥᠪᠵᠢᠭᠦᠯᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠭᠤᠣᠯ ᠰᠡᠳᠦᠪᠲᠦ ᠰᠤᠷᠭᠠᠨ | ᠬᠥᠮᠦᠵᠢᠯ ᠤᠨ ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠬᠤ ᠬᠡᠷᠡᠭᠲᠡᠢ᠃ ᠨᠢᠭᠡ ᠳᠤ᠂ ᠭᠤᠣᠯ ᠰᠡᠳᠦᠪ ᠭᠤᠣᠯ | ᠰᠢᠵᠢᠮ ᠢ ᠴᠢᠩᠭ᠎ᠠ ᠠᠳᠬᠤᠵᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠤᠨᠤᠯ ᠤᠨ ᠰᠤᠷᠤᠯᠴᠠᠯᠭ᠎ᠠ ᠶᠢ ᠦᠨᠡᠨ | ᠪᠣᠳᠠᠲᠠᠢ ᠰᠠᠶᠢᠲᠤᠷ ᠠᠳᠬᠤᠬᠤ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ | ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠪᠠᠨ ᠴᠢᠩᠭᠠᠳᠬᠠᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠦᠨᠡᠨ | ᠪᠣᠳᠠᠲᠠᠢ ᠪᠠᠷ ᠰᠢᠢᠳᠪᠦᠷᠢᠯᠡᠬᠦ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠬᠦ ᠪᠠᠷ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠬᠤ ᠪᠠᠷᠢᠮᠵᠢᠶ᠎ᠠ ᠪᠣᠯᠭᠠᠬᠤ ᠬᠡᠷᠡᠭᠲᠡᠢ᠃ ᠭᠤᠷᠪᠠ ᠳᠤ᠂ ᠴᠢᠩᠭ᠎ᠠ | ᠪᠣᠳᠠᠲᠠᠢ ᠪᠠᠷ ᠪᠠᠶᠢᠴᠠᠭᠠᠨ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠪᠣᠳᠠᠲᠠᠢ ᠬᠦᠴᠦ ᠣᠷᠣᠭᠤᠯᠵᠤ᠂ ᠪᠣᠳᠠᠲᠠᠢ ᠦᠷ᠎ᠡ | ᠪᠦᠲᠦᠮᠵᠢ ᠶᠢ ᠡᠷᠬᠢᠮᠯᠡᠬᠦ ᠬᠡᠷᠡᠭᠲᠡᠢ᠃ ᠳᠥᠷᠪᠡ ᠳᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠷᠴᠢ | ᠵᠣᠷᠢᠭ ᠢᠶᠠᠨ ᠬᠥᠪᠴᠢᠯᠡᠵᠦ᠂ ᠬᠥᠪᠴᠢ ᠪᠠᠨ ᠴᠢᠩᠭᠠᠯᠠᠵᠤ᠂ ᠭᠤᠣᠯ ᠰᠡᠳᠦᠪᠲᠦ ᠬᠥᠮᠦᠵᠢᠯ ᠤᠨ ᠰᠠᠶᠢᠨ ᠢᠶᠠᠷ ᠡᠬᠢᠯᠡᠵᠦ | ᠰᠠᠶᠢᠨ ᠢᠶᠠᠷ ᠲᠡᠭᠦᠰᠬᠦ᠂ ᠰᠠᠶᠢᠨ ᠢᠶᠠᠷ ᠬᠢᠵᠦ ᠰᠠᠶᠢᠨ ᠢᠶᠠᠷ ᠪᠦᠲᠦᠭᠡᠬᠦ ᠶᠢ ᠪᠠᠲᠤᠯᠠᠬᠤ ᠬᠡᠷᠡᠭᠲᠡᠢᠭᠡᠵᠦ ᠵᠢᠭᠠᠵᠤ ᠭᠠᠷᠭᠠᠪᠠ᠃ | | ᠬᠤᠷᠠᠯ ᠠᠴᠠ᠂ ︽7 ᠵᠦᠢᠯ ᠢ ᠳᠣᠪᠤᠶᠢᠯᠭᠠᠬᠤ︾ ᠦᠨᠳᠦᠰᠦᠨ ᠵᠠᠷᠴᠢᠮ ᠢ ᠪᠠᠷᠢᠮᠲᠠᠯᠠᠨ᠂ ︽ᠨᠠᠮ ᠤᠨ ᠠᠴᠢ ᠶᠢ | ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢ ᠰᠠᠶᠢᠲᠤᠷ ᠲᠥᠯᠥᠪᠯᠡᠵᠦ᠂ ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠨᠠᠶᠢᠳᠠᠪᠤᠷᠢᠵᠢᠭᠤᠯᠬᠤ | ᠬᠡᠷᠡᠭᠲᠡᠢ᠃ ᠭᠤᠣᠯ ᠰᠡᠳᠦᠪᠲᠦ ᠬᠥᠮᠦᠵᠢᠯ ᠲᠠᠢ ᠵᠣᠯᠭᠠᠭᠤᠯᠤᠨ ᠠᠭᠤᠰᠤᠯᠴᠠᠭᠤᠯᠵᠤ᠂ ᠤᠯᠠᠨ ᠲᠦᠮᠡᠨ ᠤ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢ ᠢᠯᠡ ᠲᠥᠷᠥᠭᠳᠡᠯ ᠲᠠᠢ ᠪᠦᠲᠦᠮᠵᠢᠲᠡᠢ ᠥᠷᠨᠢᠭᠦᠯᠬᠦ ᠬᠡᠷᠡᠭᠲᠡᠢ᠃ ᠠᠳᠠᠯᠢ ᠪᠤᠰᠤ | ᠬᠦᠷᠢᠶᠡᠨ ᠳᠠᠬᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠣᠳᠠᠲᠤ ᠪᠠᠶᠢᠳᠠᠯ ᠪᠠ | ᠣᠨᠴᠠᠯᠢᠭ ᠢ ᠦᠨᠳᠦᠰᠦᠯᠡᠨ᠂ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠤᠯᠠᠨ ᠲᠦᠷᠦᠯ ᠬᠤᠪᠢᠶᠠᠨ | ᠠᠬᠢᠭᠤᠯᠬᠤ ᠬᠡᠷᠡᠭᠲᠡᠢ᠃ ︽ᠲᠦᠷᠪᠡᠨ ᠰᠤᠷᠭᠠᠨ ᠬᠥᠮᠦᠵᠢᠯ ᠢ ᠠᠭᠤᠰᠤᠯᠴᠠᠭᠤᠯᠬᠤ︾ ︽ᠵᠢᠷᠭᠤᠭᠠᠨ ᠵᠦᠢᠯ ᠤᠨ | ᠠᠴᠢᠶᠠᠯᠠᠪᠤᠷᠢ︾ ᠶᠢ ᠠᠮᠢᠳᠤᠯᠢᠭ ᠢᠶᠠᠷ ᠬᠡᠷᠡᠭᠯᠡᠵᠦ᠂ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠪᠣᠳᠠᠲᠠᠢ ᠶᠢ ᠡᠷᠬᠢᠮᠯᠡᠨ ᠲᠤᠰᠠᠲᠠᠢ᠂ ︽ᠤᠯᠠᠨ ᠲᠦᠮᠡᠨ ᠲᠠᠢ ᠣᠶᠢᠷᠠᠲᠤᠬᠤ︾ᠠᠷᠭ᠎ᠠ ᠬᠡᠯᠪᠡᠷᠢ ᠶᠢ ᠡᠷᠢᠨ ᠣᠯᠵᠤ᠂ | ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠲᠣᠳᠣᠷᠬᠠᠢ ᠶᠠᠷᠢᠵᠤ᠂ ᠤᠯᠠᠨ ᠲᠦᠮᠡᠨ ᠤ | ᠦᠵᠡᠵᠦ ᠰᠣᠨᠣᠰᠬᠤ ᠳᠤᠷᠠᠲᠠᠢ ᠠᠷᠭ᠎ᠠ ᠬᠡᠯᠪᠡᠷᠢ ᠪᠠᠷ ᠨᠥᠯᠥᠭᠡᠯᠡᠬᠦ ᠬᠦᠴᠦᠨ ᠪᠠ ᠲᠠᠲᠠᠬᠤ ᠬᠦᠴᠦᠨ ᠢ ᠨᠡᠮᠡᠭᠳᠡᠭᠦᠯᠬᠦ | ᠬᠡᠷᠡᠭᠲᠡᠢ᠃ ᠡᠭᠦᠨ ᠤ ᠵᠡᠷᠭᠡ ᠳᠤ ᠠᠭᠤᠷ ᠠᠮᠢᠰᠬᠤᠯ ᠢ ᠪᠤᠶ ᠪᠣᠯᠭᠠᠬᠤ ᠠᠵᠢᠯ ᠢ ᠰᠠᠶᠢᠲᠤᠷ ᠬᠢᠵᠦ᠂ ᠲᠤᠷᠰᠢᠯᠲᠠ ᠶᠢᠨ | ᠠᠵᠢᠯ ᠤᠨ ᠲᠤᠷᠰᠢᠯᠭ᠎ᠠ ᠪᠠᠷ ᠭᠦᠢᠴᠡᠳ ᠲᠣᠯᠢ ᠪᠣᠯᠭᠠᠵᠤ᠂ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢ ᠦᠷ᠎ᠡ ᠪᠦᠲᠦᠮᠵᠢ ᠭᠠᠷᠭᠠᠵᠤ᠂ ᠨᠡᠶᠢᠲᠡᠯᠢᠭ ᠵᠢᠱᠢᠶ᠎ᠡ ᠭᠠᠷᠭᠠᠵᠤ᠂ ᠬᠢᠯᠠᠰ ᠴᠡᠭ ᠭᠠᠷᠭᠠᠬᠤ ᠬᠡᠷᠡᠭᠲᠡᠢ | ᠭᠡᠵᠤ ᠴᠢᠬᠤᠯᠠᠴᠢᠯᠠᠭᠰᠠᠨ ᠪᠠᠶᠢᠨ᠎ᠠ᠃ |