ᠴᠢᠩᠱᠠᠨ ᠲᠣᠭᠤᠷᠢᠭ 2023 ᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/27
      12 ᠰᠠᠷ᠎ᠠ ᠶᠢᠨ 26᠎ ᠤ ᠡᠳᠦᠷ᠂ ᠴᠢᠩᠱᠠᠨ ᠲᠣᠭᠤᠷᠢᠭ 2023 ᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠬᠡᠦᠬᠡᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ᠂ ᠪᠦᠬᠦ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠤᠭᠤᠲᠤ ᠬᠤᠲᠠ ᠶᠢᠨ ᠡᠮᠡᠭᠲᠡᠶᠢᠴᠦᠳ ᠤᠨ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠎ ᠶᠢ ᠤᠯᠠᠮᠵᠢᠯᠠᠨ ᠰᠤᠷᠤᠯᠴᠠᠵᠤ᠂ ᠴᠢᠩᠱᠠᠨ ᠲᠣᠭᠤᠷᠢᠭ ᠤᠨ ︽ᠬᠤᠶᠠᠷ ᠲᠥᠯᠦᠪᠵᠢᠭᠦᠯᠭᠡ︾ ᠵᠢᠴᠢ ︽ᠬᠤᠶᠠᠷ ᠬᠥᠲᠥᠯᠪᠦᠷᠢ︾᠎ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠬᠡᠷᠡᠭᠵᠢᠭᠦᠯᠦᠭᠰᠡᠨ ᠪᠠᠶᠢᠳᠠᠯ ᠢ ᠮᠡᠳᠡᠭᠳᠡᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠡᠮᠡᠭᠲᠡᠶᠢᠴᠦᠳ ᠬᠡᠦᠬᠡᠳ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠡᠷᠬᠢᠯᠡᠭᠴᠢ ᠬᠤᠷᠠᠯ ᠎ ᠢ ᠡᠷᠭᠢᠯᠡᠪᠡ᠃ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠡ ᠵᠢᠴᠢ ᠡᠯ᠎ᠡ ᠵᠡᠭᠡᠯᠢ ︵ᠪᠠᠯᠭᠠᠰᠤ︶᠎ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠬᠤᠷᠠᠯ ᠠᠴᠠ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠬᠡᠦᠬᠡᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ᠂ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠡᠮᠡᠭᠲᠡᠶᠢᠴᠦᠳ ᠬᠡᠦᠬᠡᠳ ᠤᠨ ᠠᠵᠢᠯ ᠪᠣᠯ ᠨᠠᠮ ᠪᠠ ᠤᠯᠤᠰ ᠤᠨ ᠠᠵᠢᠯ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠪᠣᠯᠬᠤ ᠡᠨᠡᠬᠦ ᠪᠠᠶᠢᠷᠢ ᠰᠠᠭᠤᠷᠢ ᠦᠢᠯᠡᠳᠦᠯ ᠢ ᠪᠠᠲᠤ ᠡᠵᠡᠮᠳᠡᠵᠦ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ᠂ ᠬᠡᠦᠬᠡᠳ ᠢ ᠤᠷᠢᠳᠠᠪᠠᠷ ᠪᠣᠳᠣᠯᠬᠢᠯᠠᠬᠤ ᠡᠨᠡᠬᠦ ᠦᠨᠳᠦᠰᠦᠨ ᠵᠠᠷᠴᠢᠮ ᠢ ᠪᠠᠲᠤ ᠡᠵᠡᠮᠳᠡᠵᠦ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠮᠠᠨ ᠤ ᠲᠤᠭᠤᠷᠢᠭ ᠤᠨ ᠡᠮᠡᠭᠲᠡᠶᠢᠴᠦᠳ ᠬᠡᠦᠬᠡᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ︽ᠴᠢᠩᠱᠠᠨ ᠤ ᠬᠠᠭᠤᠳᠠᠰᠤ︾᠎ ᠶᠢ ᠴᠢᠷᠮᠠᠶᠢᠨ ᠪᠢᠴᠢᠭᠯᠡᠬᠦ ᠳᠤ ᠡᠮᠡᠭᠲᠡᠶᠢᠴᠦᠳ ᠤᠨ ᠬᠦᠴᠦᠨ ᠴᠢᠳᠠᠯ ᠢ ᠨᠢᠭᠲᠠᠷᠠᠭᠤᠯᠤᠨ᠎ᠠ᠃ ᠡᠮᠡᠭᠲᠡᠶᠢᠴᠦᠳ ᠤᠨ ᠬᠠᠮᠲᠤᠯᠢᠭ ᠤᠨ ᠪᠤᠶᠠᠨ ᠵᠢᠷᠭᠠᠯ ᠢ ᠤᠯᠠᠮ ᠨᠢᠭᠡ ᠠᠯᠬᠤᠮ ᠨᠡᠮᠡᠭᠳᠡᠭᠦᠯᠵᠦ᠂ ︽ᠡᠷᠬᠡ ᠪᠠᠨ ᠬᠠᠮᠠᠭᠠᠯᠠᠬᠤ ᠳᠤ ᠬᠦᠴᠢᠷ︾ ︽ᠠᠵᠢᠯ ᠣᠯᠬᠤ ᠳᠤ ᠬᠦᠴᠢᠷ︾ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠬᠡᠦᠬᠡᠳ ᠤᠨ ᠦᠢᠯᠡᠰ ᠤᠨ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠬᠡᠦᠬᠡᠳ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠬᠡᠦᠬᠡᠳ ᠤᠨ ᠠᠰᠠᠷᠠᠮᠵᠢ ᠶᠢ ᠤᠷᠢᠳᠠᠪᠠᠷ ᠪᠠᠲᠤᠯᠠᠬᠤ ᠶᠢ ᠪᠠᠲᠤᠯᠠᠵᠤ᠂ ᠬᠠᠮᠵᠢᠯᠴᠠᠨ ᠬᠥᠮᠥᠨ ᠬᠥᠮᠥᠵᠢᠭᠦᠯᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠦ ᠵᠢᠭᠠᠨ ᠭᠠᠷᠭᠠᠪᠠ᠃       ᠬᠤᠷᠠᠯ ᠠᠴᠠ᠂ ᠡᠯ᠎ᠡ ᠪᠦᠷᠢᠯᠳᠦᠭᠦᠨ ᠨᠢᠭᠡᠴᠡ ᠶᠢᠨ ᠬᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠨ ᠦᠨᠡᠨᠬᠦ ᠴᠢᠩᠭᠠᠳᠬᠠᠵᠤ᠂ ᠪᠦᠬᠦ ᠲᠤᠭᠤᠷᠢᠭ ᠤᠨ ᠭᠤᠣᠯ ᠠᠵᠢᠯ ᠤᠨ ᠲᠣᠭᠤᠷᠢᠨ ᠳᠤ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ᠂ ᠪᠦᠬᠦ ᠲᠤᠭᠤᠷᠢᠭ ᠤᠨ ᠡᠮᠡᠭᠲᠡᠶᠢᠴᠦᠳ ᠬᠡᠦᠬᠡᠳ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠦᠨᠡᠨ ᠰᠡᠳᠬᠢᠯ ᠠᠴᠠ ᠪᠠᠨ ᠬᠦᠴᠦᠯᠡᠨ ᠠᠬᠢᠭᠤᠯᠬᠤ ᠬᠡᠷᠡᠭᠲᠡᠢ᠃ ᠡᠮᠡᠭᠲᠡᠶᠢᠴᠦᠳ ᠬᠡᠦᠬᠡᠳ ᠤᠨ ᠠᠵᠢᠯ ᠤᠨ ᠬᠠᠨᠳᠤᠯᠭᠠᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠠᠷᠠᠯᠲᠠ ᠲᠠᠢ ᠪᠠᠨ ᠬᠠᠷᠢᠴᠠᠭᠤᠯᠤᠨ ︽ᠬᠤᠶᠠᠷ ᠬᠥᠲᠥᠯᠪᠦᠷᠢ︾᠎ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠡᠭᠦᠷᠭᠡ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠨᠠᠶᠢᠳᠠᠪᠤᠷᠢᠵᠢᠭᠤᠯᠵᠤ᠂ ᠲᠡᠷᠢᠭᠦᠨ ᠤ ᠭᠠᠵᠠᠷ ᠣᠷᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠲᠡᠷᠢᠭᠦᠨ ᠤ ᠲᠤᠷᠰᠢᠯᠭ᠎ᠠ ᠶᠢ ᠢᠯᠡᠭᠦᠬᠡᠨ ᠰᠤᠷᠤᠯᠴᠠᠨ ᠲᠣᠯᠢ ᠪᠣᠯᠭᠠᠵᠤ᠂ ᠠᠮᠵᠢᠯᠲᠠ ᠪᠦᠲᠦᠮᠵᠢ ᠭᠠᠷᠭᠠᠵᠤ᠂ ᠬᠢᠯᠠᠰ ᠴᠡᠭ ᠭᠠᠷᠭᠠᠵᠤ᠂ ᠮᠠᠨ ᠤ ᠲᠤᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠶᠢ ᠪᠠᠲᠤᠯᠠᠨ᠂ ᠮᠠᠨ ᠤ ᠲᠤᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号