ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠪᠥᠬᠦ ᠲᠠᠯ᠎ᠠ ᠪᠠᠷ ᠰᠠᠶᠢᠲᠦᠷ ᠬᠢᠨ᠎ᠡ
ᠨᠡᠶᠢᠲᠡᠯᠡᠭᠰᠡᠨ ᠴᠠᠭ᠄
2023/12/28
      ᠣᠶᠢᠷ᠎ᠠ ᠳᠤ᠂ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠦᠳᠲᠡᠷ ᠲᠦᠷᠭᠡᠨ ᠬᠥᠳᠡᠯᠦᠯᠴᠡᠵᠦ᠂ ᠬᠠᠷᠢᠶ᠎ᠠ ᠣᠷᠣᠨ ᠤ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠢᠯ ᠲᠥᠷᠥᠯ ᠪᠠ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠪᠠ᠃ ᠣᠲᠣ ᠪᠣᠯᠲᠠᠯ᠎ᠠ᠂ ᠠᠵᠤ ᠠᠬᠤᠶᠢᠯᠠᠯ ᠢ ᠨᠡᠶᠢᠲᠡ 37 ᠭᠠᠷᠤᠢ ᠤᠳᠠᠭ᠎ᠠ ᠪᠠᠶᠢᠴᠠᠭᠠᠵᠤ᠂ ᠠᠵᠤ ᠠᠬᠤᠶᠢᠯᠠᠯ ᠤᠳ ᠴᠥᠮ ᠦᠢᠯᠡᠳᠪᠦᠷᠢᠯᠡᠯ ᠢ ᠵᠣᠭᠰᠤᠭᠠᠬᠤ᠂ ᠦᠢᠯᠡᠳᠪᠦᠷᠢᠯᠡᠯ ᠢ ᠬᠢᠵᠠᠭᠠᠷᠯᠠᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠲᠠᠪᠦᠷᠢᠵᠢᠭᠤᠯᠤᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号