ᠡᠪ ᠬᠠᠮᠲᠤ ᠵᠠᠯᠠᠭᠤᠴᠤᠳ ᠤᠨ ᠡᠪᠯᠡᠯ ᠤᠨ ᠴᠢᠩᠱᠠᠨ ᠲᠤᠭᠤᠷᠢᠭ ᠤᠨ ᠠᠷᠪᠠᠨ ᠬᠤᠶᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠦᠪᠡᠳᠡᠭᠰᠢ ᠶᠡᠭᠡ ᠪᠠᠷ ᠬᠤᠷᠠᠯᠳᠤᠪᠠ
ᠨᠡᠶᠢᠲᠡᠯᠡᠭᠰᠡᠨ ᠴᠠᠭ᠄
2023/12/6
C:\Users\Administrator\Desktop\2023.12.6共青团青山区第十二次代表大会隆重召开\480X326.jpg
      12 ᠰᠠᠷ᠎ᠠ ᠶᠢᠨ 5᠎ ᠤ ᠡᠳᠦᠷ ᠤᠨ ᠦᠳᠡ ᠶᠢᠨ ᠡᠮᠦᠨ᠎ᠡ᠂ ᠡᠪ ᠬᠠᠮᠲᠤ ᠵᠠᠯᠠᠭᠤᠴᠤᠳ ᠤᠨ ᠡᠪᠯᠡᠯ ᠤᠨ ᠴᠢᠩᠱᠠᠨ ᠲᠣᠭᠤᠷᠢᠭ ᠤᠨ ᠠᠷᠪᠠᠨ ᠬᠤᠶᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠦᠪᠡᠳᠡᠭᠰᠢ ᠶᠡᠭᠡ ᠪᠠᠷ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠳ᠋ᠢᠩ ᠺᠠᠢ᠂ ᠡᠪ ᠬᠠᠮᠲᠤ ᠵᠠᠯᠠᠭᠤᠴᠤᠳ ᠤᠨ ᠡᠪᠯᠡᠯ ᠤᠨ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠲᠣᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠬᠤᠷᠠᠯ ᠎ ᠳᠤ ᠤᠷᠤᠯᠴᠠᠪᠠ᠃ ᠪᠦᠬᠦ ᠲᠤᠭᠤᠷᠢᠭ ᠤᠨ ᠡᠯ᠎ᠡ ᠠᠵᠢᠯ ᠲᠦᠷᠦᠯ ᠤᠨ 151 ᠡᠪᠯᠡᠯ ᠤᠨ ᠲᠥᠯᠥᠭᠡᠯᠡᠭᠴᠢ ᠵᠢᠴᠢ ᠡᠯ᠎ᠡ ᠨᠢᠭᠡᠴᠡ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃       ᠳ᠋ᠢᠩ ᠺᠠᠢ ᠲᠣᠭᠤᠷᠢᠭ ᠤᠨ ᠳᠥᠷᠪᠡᠨ ᠪᠠᠭ ᠎ ᠢ ᠲᠦᠯᠦᠭᠡᠯᠡᠨ ᠶᠡᠭᠡ ᠬᠤᠷᠠᠯ ᠳᠤ ᠬᠠᠯᠠᠭᠤᠨ ᠪᠠᠶᠠᠷ ᠬᠦᠷᠭᠡᠵᠦ᠂ ᠤᠷᠲᠤ ᠬᠤᠭᠤᠴᠠᠭᠠᠨ ᠤ ᠲᠤᠷᠰᠢ ᠴᠢᠩᠱᠠᠨ ᠲᠣᠭᠤᠷᠢᠭ ᠤᠨ ᠵᠠᠯᠠᠭᠤᠴᠤᠳ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠡᠪ ᠬᠠᠮᠲᠤ ᠵᠠᠯᠠᠭᠤᠴᠤᠳ ᠤᠨ ᠡᠪᠯᠡᠯ ᠤᠨ ᠪᠤᠭᠤᠲᠤ ᠬᠤᠲᠠ ᠶᠢᠨ ᠬᠤᠷᠢᠶ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠬᠤᠷᠠᠯ ᠳᠤ ᠣᠷᠣᠯᠴᠠᠭᠰᠠᠨ ᠪᠦᠬᠦ ᠲᠥᠯᠥᠭᠡᠯᠡᠭᠴᠢ ᠪᠠ ᠲᠤᠭᠤᠷᠢᠭ ᠤᠨ ᠡᠯ᠎ᠡ ᠹᠷᠣᠨᠲ ᠲᠤ ᠡᠷᠡᠯᠬᠡᠭᠯᠡᠨ ᠲᠡᠮᠡᠴᠡᠵᠦ ᠪᠠᠶᠢᠭ᠎ᠠ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ᠂ ᠵᠠᠯᠠᠭᠤᠴᠤᠳ ᠪᠠᠭᠠᠴᠤᠳ ᠤᠨ ᠠᠵᠢᠯᠲᠠᠳ ᠵᠢᠴᠢ ᠥᠷᠭᠡᠨ ᠤᠯᠠᠨ ᠵᠠᠯᠠᠭᠤ ᠨᠠᠶᠢᠵᠠ ᠨᠠᠷ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ᠂ ᠲᠤᠭᠤᠷᠢᠭ ᠤᠨ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠥᠷᠭᠡᠨ ᠤᠯᠠᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ ᠴᠢᠩᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠵᠤ ᠪᠠᠶᠢᠬᠤ ᠪᠠᠨ ᠢᠯᠡᠳᠬᠡᠪᠡ᠃       ᠳ᠋ᠢᠩ ᠺᠠᠢ᠂ ᠣᠳᠣᠬᠠᠨ ᠳᠤ᠂ ᠪᠦᠬᠦ ᠲᠤᠭᠤᠷᠢᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠎ ᠢ ᠰᠠᠶᠢᠲᠤᠷ ᠪᠡᠶᠡᠯᠡᠭᠦᠯᠬᠦ ᠎ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ᠶᠡᠷᠦᠩᠬᠡᠢ ᠱᠦᠵᠢ ᠶᠢᠨ ᠪᠤᠭᠤᠲᠤ ᠳᠤ ᠬᠢᠭᠰᠡᠨ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠲᠡᠭᠦᠰ ᠠᠮᠵᠢᠯᠲᠠ ᠲᠠᠢ ᠲᠡᠭᠦᠰᠬᠦ ᠶᠢ ᠲᠦᠷᠭᠡᠨ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠃ ᠥᠷᠭᠡᠨ ᠤᠯᠠᠨ ᠵᠠᠯᠠᠭᠤᠴᠤᠳ ᠥᠪᠡᠷ ᠤᠨ ᠴᠢᠳᠠᠪᠤᠷᠢ ᠪᠠᠨ ᠦᠷᠭᠦᠯᠵᠢᠯᠡᠨ ᠳᠠᠪᠲᠠᠨ ᠪᠣᠯᠪᠠᠰᠤᠷᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠣᠳᠠᠲᠠᠢ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠬᠤ ᠡᠷᠡᠯᠬᠡᠭᠯᠡᠨ ᠤᠷᠤᠭᠰᠢᠯᠠᠭᠴᠢ᠂ ᠵᠠᠮ ᠨᠡᠭᠡᠭᠡᠭᠴᠢ᠂ ᠬᠤᠪᠢ ᠨᠡᠮᠡᠷᠢ ᠦᠵᠡᠭᠦᠯᠦᠭᠴᠢ ᠪᠣᠯᠬᠤ ᠪᠠᠷ ᠦᠷᠭᠦᠯᠵᠢᠯᠡᠨ ᠴᠢᠷᠮᠠᠶᠢᠬᠤ ᠶᠢ ᠬᠦᠰᠡᠵᠦ ᠪᠠᠶᠢᠨ᠎ᠠ ᠭᠡᠵᠤ ᠵᠢᠭᠠᠨ ᠭᠠᠷᠭᠠᠪᠠ᠃       ᠳ᠋ᠢᠩ ᠺᠠᠢ᠂ ᠲᠤᠭᠤᠷᠢᠭ ᠤᠨ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠵᠠᠯᠠᠭᠤᠴᠤᠳ ᠭᠤᠣᠯ ᠰᠡᠳᠦᠪᠲᠦ ᠬᠥᠮᠦᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠲᠠᠢ ᠤᠶᠠᠯᠳᠤᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠎ ᠢᠶᠠᠨ ᠨᠢᠭᠲᠠᠷᠠᠭᠤᠯᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠬᠡᠷᠡᠭᠲᠡᠢ᠃ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠬᠤ ᠶᠢ ᠪᠠᠷᠢᠮᠲᠠᠯᠠᠵᠤ᠂ ᠶᠡᠷᠦᠩᠬᠡᠶᠢᠯᠡᠭᠰᠡᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠴᠠᠭᠠᠷᠠᠭᠰᠠᠨ ᠴᠢᠳᠠᠪᠤᠷᠢ ᠲᠠᠢ ᠪᠣᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠡᠭᠦᠷᠭᠡᠯᠡᠵᠦ᠂ ᠶᠠᠪᠤᠳᠠᠯ ᠪᠦᠬᠦᠨ ᠢ ᠰᠠᠶᠢᠲᠤᠷ ᠬᠢᠬᠦ᠂ ᠡᠭᠦᠷᠭᠡ ᠪᠦᠬᠦᠨ ᠢ ᠪᠡᠶᠡᠯᠡᠭᠦᠯᠬᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠬᠤᠪᠢ ᠬᠥᠮᠥᠨ ᠤ ᠡᠭᠦᠷᠭᠡᠯᠡᠯ ᠢᠶᠠᠨ ᠢᠯᠡᠷᠡᠭᠦᠯᠵᠦ᠂ ᠬᠥᠮᠥᠨ ᠤ ᠠᠮᠢᠳᠤᠷᠠᠯ ᠤᠨ ᠭᠠᠶᠢᠬᠠᠮᠰᠢᠭ ᠢ ᠪᠦᠲᠦᠭᠡᠬᠦ ᠪᠠᠷ ᠴᠢᠷᠮᠠᠶᠢᠬᠤ ᠬᠡᠷᠡᠭᠲᠡᠢ᠃ ᠥᠷᠭᠡᠨ ᠤᠯᠠᠨ ᠡᠪᠯᠡᠯ ᠤᠨ ᠺᠠᠳ᠋ᠷ ᠶᠡᠷᠦᠩᠬᠡᠢ ᠱᠦᠵᠢ ᠶᠢᠨ ︽ᠵᠠᠯᠠᠭᠤ ᠨᠠᠶᠢᠵᠠ ᠪᠣᠯᠣᠯᠴᠠᠵᠤ᠂ ᠵᠠᠯᠠᠭᠤᠴᠤᠳ ᠤᠨ ︿ᠨᠣᠶᠠᠨ﹀ ᠪᠣᠯᠬᠤ ᠦᠭᠡᠢ᠂ ᠵᠠᠯᠠᠭᠤᠴᠤᠳ ᠤᠨ ᠲᠥᠯᠥᠭᠡ ᠢᠯᠡᠭᠦᠬᠡᠨ ᠪᠣᠳᠣᠯᠬᠢᠯᠠᠵᠤ᠂ ᠥᠪᠡᠷ ᠤᠨ ᠪᠡᠶ᠎ᠡ ᠎ ᠢᠶᠠᠨ ᠳᠤᠲᠠᠭᠤ ᠪᠣᠳᠣᠯᠬᠢᠯᠠᠬᠤ ᠬᠡᠷᠡᠭᠲᠡᠢ︾ ᠭᠡᠰᠡᠨ ᠰᠤᠷᠭᠠᠯ ᠢ ᠪᠠᠲᠤ ᠴᠡᠭᠡᠵᠢᠯᠡᠵᠦ᠂ ᠤᠨᠤᠯ ᠤᠨ ᠪᠣᠯᠪᠠᠰᠤᠷᠠᠯ  ᠪᠠ ᠵᠠᠯᠠᠭᠤᠴᠤᠳ ᠲᠤ ᠦᠢᠯᠡᠴᠢᠯᠡᠬᠦ ᠴᠢᠳᠠᠪᠤᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠷᠭᠡᠨ ᠤᠯᠠᠨ ᠵᠠᠯᠠᠭᠤᠴᠤᠳ ᠤᠨ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠶᠢᠨ ᠪᠠᠲᠤ ᠴᠢᠩᠭ᠎ᠠ ᠥᠮᠥᠭ ᠲᠦᠰᠢᠭ ᠪᠣᠯᠬᠤ ᠬᠡᠷᠡᠭᠲᠡᠢ᠃ ᠲᠤᠭᠤᠷᠢᠭ ᠎ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠳᠤ ᠠᠰᠢᠭᠲᠠᠢ ᠨᠥᠬᠦᠴᠡᠯ ᠬᠠᠩᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠬᠥᠭᠵᠢᠯᠲᠡ ᠶᠢᠨ ᠬᠡᠯᠪᠡᠷᠢ ᠶᠢᠨ ᠰᠢᠶᠠᠨ ᠤ ᠬᠡᠪᠴᠢᠶᠡᠨ ᠤ ᠲᠤᠷᠰᠢᠯᠲᠠ ᠶᠢᠨ ᠴᠡᠭ ᠤᠨ ᠠᠵᠢᠯ ᠢᠶᠠᠷ ᠭᠠᠷᠳᠠᠴᠠ ᠪᠣᠯᠭᠠᠵᠤ᠂ ᠵᠠᠯᠠᠭᠤᠴᠤᠳ ᠢ ᠨᠡᠩ ᠢᠯᠡᠭᠦᠦ ᠬᠠᠯᠠᠮᠵᠢᠯᠠᠵᠤ᠂ ᠥᠷᠭᠡᠨ ᠤᠯᠠᠨ ᠵᠠᠯᠠᠭᠤᠴᠤᠳ ᠤᠨ ᠰᠢᠨ᠎ᠡ ᠶᠢ ᠡᠭᠦᠳᠴᠦ ᠡᠭᠦᠳᠦᠨ ᠪᠦᠲᠦᠭᠡᠬᠦ᠂ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃ ᠨᠡᠩ ᠤᠯᠠᠨ ᠰᠢᠯᠢᠳᠡᠭ ᠵᠠᠯᠠᠭᠤ ᠴᠢᠳᠠᠪᠤᠷᠢᠲᠠᠨ ᠢ ᠳᠠᠪᠲᠠᠨ ᠪᠣᠯᠪᠠᠰᠤᠷᠠᠭᠤᠯᠵᠤ᠂ ᠤᠯᠠᠨ ᠠᠴᠠ ᠴᠣᠯᠭᠤᠷᠠᠭᠤᠯᠵᠤ᠂ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠰᠢᠨ᠎ᠡ ᠬᠦᠴᠦᠨ ᠪᠠ ᠭᠠᠪᠰᠢᠭᠠᠢ ᠠᠩᠭᠢ ᠶᠢᠨ ᠦᠢᠯᠡᠳᠦᠯ ᠢ ᠪᠠᠳᠠᠷᠠᠭᠤᠯᠵᠤ᠂ ᠵᠠᠯᠠᠭᠤᠴᠤᠳ ᠤᠨ ᠬᠥᠭᠵᠢᠯᠲᠡ ᠪᠠ ᠭᠠᠵᠠᠷ ᠣᠷᠣᠨ ᠤ ᠬᠥᠭᠵᠢᠯᠲᠡ ᠶᠢᠨ ᠬᠠᠮᠲᠤ ᠶᠢᠨ ᠳᠠᠪᠲᠠᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠡᠪᠯᠡᠯ ᠤᠨ ᠬᠤᠲᠠ ᠶᠢᠨ ᠬᠤᠷᠢᠶᠠᠨ ᠤ ᠳᠡᠳ᠋ ᠱᠦᠵᠢ ᠡᠪ ᠬᠠᠮᠲᠤ ᠵᠠᠯᠠᠭᠤᠴᠤᠳ ᠤᠨ ᠡᠪᠯᠡᠯ ᠤᠨ ᠪᠤᠭᠤᠲᠤ ᠬᠤᠲᠠ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠴᠢᠩᠱᠠᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠡᠯ᠎ᠡ ᠵᠦᠢᠯ ᠤᠨ ᠠᠵᠢᠯ ᠢ ᠭᠦᠢᠴᠡᠳ ᠨᠤᠲᠠᠯᠠᠵᠤ᠂ ᠡᠭᠦᠨ ᠤ ᠬᠠᠮᠲᠤ ᠰᠢᠨ᠎ᠡ ᠴᠠᠭ ᠦᠶ᠎ᠡ ᠶᠢᠨ ᠡᠪ ᠬᠠᠮᠲᠤ ᠵᠠᠯᠠᠭᠤᠴᠤᠳ ᠤᠨ ᠡᠪᠯᠡᠯ ᠪᠠ ᠵᠠᠯᠠᠭᠤᠴᠤᠳ ᠤᠨ ᠠᠵᠢᠯ ᠢ ᠰᠠᠶᠢᠲᠤᠷ ᠬᠢᠬᠦ ᠳᠤ ᠲᠦᠷᠪᠡᠨ ᠲᠠᠯ᠎ᠠ ᠶᠢᠨ ᠬᠦᠰᠡᠯ ᠱᠠᠭᠠᠷᠳᠠᠯᠭ᠎ᠠ ᠳᠤᠷᠠᠳᠪᠠ᠄ ᠨᠢᠭᠡ ᠳᠤ᠂ ᠴᠢᠩᠱᠠᠨ ᠤ ᠵᠠᠯᠠᠭᠤᠴᠤᠳ ᠤᠨ ᠦᠵᠡᠯ ᠰᠠᠨᠠᠭᠠᠨ ᠤ ᠲᠠᠪᠰᠢᠯᠳᠠ ᠶᠢ ᠬᠥᠲᠥᠯᠥᠨ ᠳᠠᠭᠠᠭᠤᠯᠬᠤ ᠤᠯᠤᠰ ᠳᠦᠷᠦ ᠶᠢᠨ ᠰᠤᠷᠭᠠᠭᠤᠯᠢ ᠶᠢ ᠪᠠᠶᠢᠭᠤᠯᠬᠤ ᠬᠡᠷᠡᠭᠲᠡᠢ︔ ᠬᠤᠶᠠᠷ ᠲᠤ᠂ ᠴᠢᠩᠱᠠᠨ ᠤ ᠵᠠᠯᠠᠭᠤᠴᠤᠳ ᠢ ᠵᠣᠬᠢᠶᠠᠨ ᠪᠠᠶᠢᠭᠤᠯᠵᠤ ᠡᠭᠦᠷᠢᠳᠡ ᠲᠡᠮᠡᠴᠡᠬᠦ ᠬᠤᠰᠢᠭᠤᠴᠢ ᠬᠦᠴᠦᠨ ᠪᠣᠯᠭᠠᠬᠤ ᠬᠡᠷᠡᠭᠲᠡᠢ︔ ᠭᠤᠷᠪᠠ ᠳᠤ᠂ ᠨᠠᠮ ᠠᠴᠠ ᠵᠠᠯᠠᠭᠤᠴᠤᠳ ᠲᠠᠢ ᠬᠠᠷᠢᠯᠴᠠᠬᠤ ᠬᠠᠮᠤᠭ ᠤᠨ ᠪᠠᠲᠤ ᠪᠠᠬᠢ ᠬᠥᠭᠦᠷᠭᠡ ᠬᠤᠯᠪᠣᠭᠠᠰᠤ ᠪᠣᠯᠬᠤ ᠬᠡᠷᠡᠭᠲᠡᠢ︔ ᠳᠥᠷᠪᠡ ᠳᠤ᠂ ᠨᠠᠮ ᠢᠶᠠᠨ ᠳᠠᠭᠠᠵᠤ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠬᠤ ᠲᠡᠷᠢᠭᠦᠨ ᠤ ᠵᠣᠬᠢᠶᠠᠨ ᠪᠠᠶᠢᠭᠤᠯᠤᠯᠲᠠ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃       ᠲᠤᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢ ᠲᠥᠯᠥᠭᠡᠯᠡᠨ ᠶᠡᠭᠡ ᠬᠤᠷᠠᠯ ᠳᠤ ᠪᠠᠶᠠᠷ ᠤᠨ ᠦᠭᠡ ᠬᠡᠯᠡᠵᠦ᠂ ᠪᠠᠶᠠᠷ ᠤᠨ ᠦᠭᠡ ᠳᠡᠭᠡᠨ᠂ ᠡᠯ᠎ᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠠᠨ ᠲᠦᠮᠡᠨ ᠤ ᠪᠦᠯᠬᠦᠮ ᠤᠨ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠬᠠᠷᠢᠯᠴᠠᠨ ᠰᠤᠷᠤᠯᠴᠠᠬᠤ᠂ ᠬᠠᠷᠢᠯᠴᠠᠨ ᠳᠡᠮᠵᠢᠬᠦ᠂ ᠪᠦᠯᠬᠦᠮᠳᠡᠨ ᠬᠠᠮᠵᠢᠯᠴᠠᠬᠤ᠂ ᠠᠵᠢᠯ ᠨᠢᠭᠡᠲᠡᠨ ᠢᠶᠠᠨ ᠬᠠᠮᠲᠤᠪᠠᠷ ᠤᠷᠤᠭᠰᠢᠯᠠᠭᠤᠯᠬᠤ ᠰᠢᠯᠢᠳᠡᠭ ᠤᠯᠠᠮᠵᠢᠯᠠᠯ ᠢᠶᠠᠨ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠪᠦᠯᠬᠦᠮ ᠢᠶᠠᠷ ᠬᠡᠷᠡᠯ ᠭᠢᠯᠪᠠᠭ᠎ᠠ ᠪᠠᠨ ᠰᠠᠴᠤᠷᠠᠭᠤᠯᠵᠤ᠂ ᠪᠦᠬᠦ ᠲᠠᠯ᠎ᠠ ᠳᠤ ᠬᠡᠷᠡᠯ ᠭᠢᠯᠪᠠᠭ᠎ᠠ ᠪᠠᠨ ᠨᠡᠮᠡᠷᠢᠯᠡᠬᠦ ᠪᠠᠷ ᠴᠢᠷᠮᠠᠶᠢᠨ᠎ᠠ ᠭᠡᠵᠦ ᠵᠢᠭᠠᠵᠤ ᠭᠠᠷᠭᠠᠪᠠ᠃       ᠶᠡᠭᠡ ᠬᠤᠷᠠᠯ ᠠᠴᠠ ᠡᠪ ᠬᠠᠮᠲᠤ ᠵᠠᠯᠠᠭᠤᠴᠤᠳ ᠤᠨ ᠡᠪᠯᠡᠯ ᠤᠨ ᠴᠢᠩᠱᠠᠨ ᠲᠣᠭᠤᠷᠢᠭ ᠤᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠭᠡᠰᠢᠭᠦᠨ 31 ᠬᠥᠮᠥᠨ᠂ ᠣᠷᠣᠯᠠᠭᠴᠢ ᠭᠡᠰᠢᠭᠦᠨ 13 ᠬᠥᠮᠥᠨ ᠢ ᠰᠣᠩᠭᠤᠨ ᠭᠠᠷᠭᠠᠪᠠ᠃ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠴᠢᠩᠱᠠᠨ ᠲᠣᠭᠤᠷᠢᠭ ᠤᠨ ᠠᠷᠪᠠᠨ ᠬᠤᠶᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠴᠢᠩᠱᠠᠨ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾᠎ ᠶᠢ ᠬᠢᠨᠠᠨ ᠵᠥᠪᠯᠡᠵᠦ ᠪᠠᠲᠤᠯᠠᠭᠠᠳ᠂ ᠡᠯ᠎ᠡ ᠵᠦᠢᠯ ᠤᠨ ᠵᠥᠪᠯᠡᠬᠦ ᠵᠦᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号